ᠦᠪᠡᠷᠳᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠱᠠᠭᠠᠷᠳᠠᠨ ᠪᠠᠶᠢᠴᠠᠭᠠᠬᠤ ᠳᠤᠭᠤᠶᠢᠯᠠᠩ ᠵᠡᠭᠦᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠱᠠᠭᠠᠷᠳᠠᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020/12/8
      12 ᠰᠠᠷ᠎ᠠ ᠶᠢᠨ 5 — 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠵᠠᠨ ᠭᠦᠸᠧ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠱᠠᠭᠠᠷᠳᠠᠨ ᠪᠠᠶᠢᠴᠠᠭᠠᠬᠤ ᠳᠤᠭᠤᠶᠢᠯᠠᠩ ᠵᠡᠭᠦᠨ ᠦᠵᠦᠮᠦᠴᠢᠨ ᠬᠤᠰᠢᠭᠤᠨ ᠳᠤ ᠬᠦᠷᠴᠦ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠭᠠᠷᠳᠠᠨ ᠵᠢᠯᠣᠭᠤᠳᠴᠤ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠰᠠᠷᠠᠨᠴᠢᠮᠡᠭ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠵᠧᠩ ᠬᠦᠢ ᠵᠢᠶᠦ᠋ᠨ ᠬᠠᠮᠲᠤ ᠪᠠᠷ ᠪᠠᠶᠢᠴᠠᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠵᠧᠤ ᠢᠦᠶ ᠯᠦᠩ᠂ ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠣᠣ ᠬᠠᠶ ᠰᠢᠶᠠ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠪᠠ᠃      12 ᠰᠠᠷ᠎ᠠ ᠶᠢᠨ 5 ᠤ ᠡᠳᠦᠷ᠂ ᠬᠢᠨᠠᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠠᠳᠠᠪᠴᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠵᠡᠭᠦᠨ ᠬᠠᠲᠠᠪᠴᠢ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠲᠣᠭᠤᠷᠢᠭ᠂ ᠢ ᠳ᠋ᠦᠩ ᠡᠨᠧᠷᠭᠢ ᠶᠢᠨ ᠺᠣᠮᠫᠠᠨᠢ ᠶᠢᠨ ᠨᠡᠭᠦᠷᠡᠰᠦ ᠪᠠᠷᠠᠭ᠎ᠠ ᠪᠠᠭᠤᠯᠭᠠᠬᠤ ᠲᠠᠯᠠᠪᠠᠢ ᠵᠡᠷᠭᠡ ᠭᠠᠵᠠᠷ ᠲᠤ ᠬᠦᠷᠴᠦ᠂ ᠲᠤᠬᠠᠶ ᠶᠢᠨ ᠲᠠᠯᠠᠪᠠᠢ ᠳᠤ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠰᠤᠷᠪᠤᠯᠵᠢᠯᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠥᠰᠦᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠪᠣᠯᠪᠠᠰᠤᠷᠠᠯ ᠰᠣᠷᠢᠯᠲᠠ ᠂ ᠪᠣᠭᠤᠮᠲᠠ ᠪᠠᠷ ᠨᠡᠪᠳᠡᠷᠡᠬᠦ ᠲᠡᠷᠭᠡ ᠬᠥᠰᠬᠡ᠂ ᠪᠣᠭᠤᠮᠲᠠ ᠪᠠᠷ ᠦᠩᠭᠡᠷᠡᠬᠦ ᠡᠳ᠋ ᠪᠠᠷᠠᠭ᠎ᠠ᠂ ᠲᠤᠰᠠᠭᠠᠷᠯᠠᠬᠤ ᠲᠠᠯᠠᠪᠤᠷ ᠭᠠᠵᠠᠷ ᠢ ᠪᠢᠲᠡᠭᠦᠮᠵᠢᠯᠡᠨ ᠬᠠᠮᠢᠶᠠᠷᠴᠤ᠂ ᠪᠣᠭᠤᠮᠲᠠ ᠶᠢᠨ ᠲᠠᠯᠠᠪᠤᠷ ᠭᠠᠵᠠᠷ ᠵᠢᠴᠢ ᠡᠯ᠎ᠡ ᠵᠠᠩᠭᠢᠯᠠᠭ᠎ᠠ ᠶᠢᠨ ᠴᠢᠭ ᠲᠤᠬᠠᠶ ᠶᠢᠨ ᠲᠠᠯᠠᠪᠠᠶ ᠶᠢᠨ ᠬᠠᠮᠢᠶᠠᠷᠣᠯᠲᠠ ᠪᠠ ᠬᠢᠵᠢᠭ ᠰᠡᠷᠭᠡᠶᠢᠯᠡᠨ ᠠᠷᠢᠭᠤᠭᠬᠠᠭᠰᠠᠨ᠂ ᠡᠳ᠋ ᠪᠠᠷᠠᠭ᠎ᠠ ᠨᠥᠭᠡᠴᠡᠯᠡᠬᠦ ᠵᠢᠴᠢ ᠪᠥᠭᠡᠮ ᠬᠦᠴᠢᠯ ᠤᠨ ᠪᠠᠶᠢᠴᠠᠭᠠᠯᠳᠠ ᠬᠢᠬᠦ ᠵᠡᠷᠭᠡ ᠪᠠᠶᠢᠳᠠᠯ ᠶᠢ ᠨᠠᠷᠢᠨ ᠣᠶᠢᠯᠠᠭᠠᠪᠠ  ᠃ ᠳᠠᠷᠠᠭ᠎ᠠ ᠨᠢ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠤᠳᠤᠷᠢᠳᠤᠯᠭ᠎ᠠ ᠵᠢᠴᠢ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠠᠵᠢᠯ  ᠦᠢᠯᠡᠰ ᠤᠨ ᠨᠢᠭᠡᠴᠡ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠤᠷᠴᠢᠭᠤᠯᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号