3 ᠰᠠᠷ᠎ᠠ ᠶᠢᠨ 12 ᠤ ᠡᠳᠦᠷ᠂ ᠳᠡᠳ᠋ ᠬᠤᠰᠢᠭᠤ ᠳᠠᠷᠤᠭ᠎ᠠ ᠬᠥᠭᠵᠢᠯᠲᠦ ᠨᠡᠷ ᠵᠡᠭᠦᠨ ᠬᠠᠲᠠᠪᠴᠢ | ᠪᠣᠭᠤᠮᠲᠠ ᠳᠤ ᠭᠦᠨᠵᠡᠭᠡᠶᠢᠷᠡᠨ᠂ ᠵᠠᠰᠠᠮᠠᠯ ᠵᠠᠮ ᠤᠨ ᠬᠤᠯᠪᠣᠭᠠᠯᠠᠨ ᠪᠠᠶᠢᠴᠠᠭᠠᠬᠤ ᠲᠣᠭᠤᠷᠢᠭ ᠤᠨ ᠰᠡᠯᠪᠢᠨ ᠵᠠᠰᠠᠵᠤ | ᠥᠭᠡᠷᠡᠴᠢᠯᠡᠬᠦ ᠲᠥᠷᠥᠯ ᠵᠦᠢᠯ᠂ ᠨᠡᠭᠦᠷᠡᠰᠦᠨ ᠤ ᠬᠢᠨᠠᠯᠲᠠ ᠬᠠᠮᠢᠶᠠᠷᠤᠯᠲᠠ ᠶᠢᠨ ᠬᠥᠮᠥᠷᠭᠡ ᠶᠢᠨ ᠲᠥᠷᠥᠯ ᠵᠦᠢᠯ | ᠪᠣᠯᠤᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ | ᠵᠡᠷᠭᠡ ᠳᠤ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠵᠦ᠂ ᠲᠥᠷᠥᠯ ᠵᠦᠢᠯ ᠤᠨ ᠠᠬᠢᠴᠠ ᠶᠢᠨ ᠪᠠᠶᠢᠳᠠᠯ | ᠪᠣᠯᠤᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠬᠤ ᠶᠢᠨ ᠬᠠᠮᠲᠤ 2020 | ᠣᠨ ᠤ ᠪᠣᠭᠤᠮᠲᠠ ᠶᠢᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠤᠬᠠᠢ ᠶᠢᠨ ᠭᠠᠵᠠᠷ | ᠲᠤᠨᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠡᠭᠦᠨ ᠬᠠᠲᠠᠪᠴᠢ | ᠪᠣᠭᠤᠮᠲᠠ ᠶᠢᠨ ᠶᠡᠷᠦᠩᠬᠡᠶ ᠲᠥᠯᠥᠪᠵᠢᠭᠦᠯᠭᠡ ᠪᠠ ᠭᠠᠵᠠᠷ ᠰᠢᠷᠣᠶ ᠶᠢ ᠠᠰᠢᠭᠯᠠᠬᠤ ᠲᠥᠯᠥᠪᠵᠢᠭᠦᠯᠭᠡ ᠶᠢᠨ ᠲᠤᠬᠠᠶ | ᠨᠠᠷᠢᠨ ᠲᠤᠳᠤᠷᠬᠠᠶᠢᠯᠠᠯᠲᠠ ᠶᠢ ᠰᠣᠨᠣᠰᠴᠤ᠂ ᠬᠤᠰᠢᠭᠤ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ | ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠪᠣᠳᠠᠲᠠᠶ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ | ᠲᠠᠰ ᠳᠠᠷᠠᠭᠠᠯᠠᠨ ᠬᠠᠷᠢᠭᠤ ᠮᠡᠳᠡᠭᠦᠯᠵᠦ᠂ ᠬᠡᠰᠡᠭ ᠭᠤᠤᠯᠳᠠᠯᠭ᠎ᠠ ᠲᠠᠢ ᠲᠥᠷᠥᠯ ᠵᠦᠢᠯ ᠤᠨ ᠬᠤᠰᠢᠭᠤ ᠳᠡᠰ ᠤᠨ | ᠡᠷᠬᠡ ᠶᠢᠨ ᠬᠡᠪᠴᠢᠶᠡᠨ ᠳᠠᠬᠢ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠲᠤᠬᠠᠢ ᠠᠰᠠᠭᠤᠳᠠᠯ ᠢ | ᠵᠥᠪᠳᠡᠯᠴᠡᠨ ᠰᠢᠢᠳᠪᠦᠷᠢᠯᠡᠪᠡ᠃ | ᠬᠥᠭᠵᠢᠯᠲᠦ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠪᠣᠭᠤᠮᠲᠠ ᠶᠢᠨ ᠭᠤᠤᠯᠳᠠᠯᠭ᠎ᠠ ᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠴᠢᠮ ᠲᠤᠯᠭᠠᠮ᠎ᠠ ᠴᠢᠨᠠᠷ ᠢ ᠦᠨᠡᠨᠬᠦ ᠴᠢᠩᠭᠠᠳᠬᠠᠵᠤ᠂ ᠣᠶᠢᠯᠠᠭᠠᠯᠴᠠᠭ᠎ᠠ | ᠪᠣᠯᠣᠨ ᠵᠤᠬᠢᠴᠠᠭᠤᠯᠭ᠎ᠠ ᠪᠠᠨ ᠴᠢᠩᠭᠠᠳᠬᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠲᠣᠰ ᠤᠳᠠᠭᠠᠨ ᠤ ᠪᠦᠬᠦ ᠠᠶᠢᠮᠠᠭ ᠤᠨ | ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ ᠶᠢᠨ ᠠᠵᠢᠯᠯᠠᠭ᠎ᠠ ᠶᠢᠨ ᠲᠣᠬᠢᠶᠠᠯ | ᠢ ᠰᠠᠶᠢᠲᠤᠷ ᠠᠰᠢᠭᠯᠠ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠡᠷᠴᠢᠮ ᠢᠶᠠᠨ | ᠴᠢᠩᠭᠠᠷᠠᠭᠤᠯᠵᠤ᠂ 3 ᠰᠠᠷ᠎ᠠ ᠶᠢᠨ ᠰᠡᠭᠦᠯᠴᠢ ᠠᠴᠠ ᠡᠮᠦᠨ᠎ᠡ ᠬᠤᠰᠢᠭᠤ ᠳᠡᠰ ᠤᠨ ᠬᠢᠨᠠᠨ ᠵᠥᠪᠰᠢᠶᠡᠷᠡᠬᠦ ᠭᠠᠷᠳᠠᠮ ᠢ | ᠭᠦᠢᠴᠡᠳᠬᠡᠵᠦ ᠳᠠᠭᠤᠰᠬᠠᠬᠤ ᠶᠢ ᠦᠨᠡᠨᠬᠦ ᠪᠠᠲᠤᠯᠠᠵᠤ᠂ ᠳᠡᠭᠡᠲᠦ ᠱᠠᠲᠤᠨ ᠤ ᠰᠠᠯᠠᠭ᠎ᠠ ᠮᠥᠴᠢᠷ ᠤᠨ ᠬᠢᠨᠠᠨ | ᠵᠥᠪᠰᠢᠶᠡᠷᠡᠬᠦ ᠭᠠᠷᠳᠠᠮ ᠢ ᠬᠠᠷᠢᠭᠤᠴᠠᠯᠭᠠᠲᠤ ᠰᠠᠯᠠᠭ᠎ᠠ ᠮᠥᠴᠢᠷ ᠠᠴᠠ ᠴᠠᠭ ᠤᠨ ᠬᠢᠵᠠᠭᠠᠷ ᠲᠠᠢ ᠪᠠᠷ ᠬᠢᠨᠠᠨ | ᠭᠦᠢᠴᠡᠳᠭᠡᠵᠦ᠂ ᠲᠤᠰᠬᠠᠶ ᠬᠥᠮᠦᠨ ᠢᠶᠠᠷ ᠬᠠᠪᠰᠤᠷᠤᠨ ᠭᠦᠢᠴᠡᠳᠬᠡᠬᠦ ᠬᠡᠷᠡᠭᠲᠡᠶ᠃ ᠵᠠᠰᠠᠮᠠᠯ ᠵᠠᠮ ᠤᠨ ᠬᠤᠯᠪᠣᠭᠠᠯᠠᠨ | ᠪᠠᠶᠢᠴᠠᠭᠠᠬᠤ ᠲᠣᠭᠤᠷᠢᠭ ᠤᠨ ᠰᠡᠯᠪᠢᠨ ᠵᠠᠰᠠᠵᠤ ᠥᠭᠡᠷᠡᠴᠢᠯᠡᠬᠦ ᠲᠥᠷᠥᠯ ᠵᠦᠢᠯ᠂ ᠨᠡᠭᠦᠷᠡᠰᠦᠨ ᠤ ᠬᠢᠨᠠᠯᠲᠠ | ᠬᠠᠮᠢᠶᠠᠷᠤᠯᠲᠠ ᠶᠢᠨ ᠬᠥᠮᠥᠷᠭᠡ ᠶᠢᠨ ᠲᠥᠷᠥᠯ ᠵᠦᠢᠯ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠠ ᠬᠠᠷᠢᠯᠴᠠᠨ ᠬᠤᠳᠠᠯᠳᠤᠭᠠᠯᠠᠬᠤ ᠠᠷᠠᠯᠵᠢᠶᠠᠨ ᠤ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ 5 ᠰᠠᠷ᠎ᠠ ᠳᠤ ᠠᠵᠢᠯ ᠡᠬᠢᠯᠡᠭᠦᠯᠦᠨ ᠰᠡᠷᠭᠦᠭᠡᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠤᠶᠤᠨᠲᠤ ᠪᠣᠭᠤᠮᠲᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠬᠢᠯᠢ ᠶᠢᠨ ᠪᠠᠶᠢᠴᠠᠭᠠᠯᠲᠠ ᠶᠢᠨ ᠥᠷᠲᠡᠭᠡ ᠶᠢᠨ ᠠᠵᠤ | ᠠᠮᠢᠳᠤᠷᠠᠯ ᠤᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 6 ᠰᠠᠷ᠎ᠠ ᠳᠤ ᠠᠵᠢᠯ ᠡᠬᠢᠯᠡᠭᠦᠯᠦᠨ | ᠪᠦᠲᠦᠭᠡᠨ ᠪᠠᠶᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠠᠢ ᠭᠡᠵᠡᠢ᠃ | ᠪᠣᠭᠤᠮᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠨ ᠬᠠᠷᠢᠴᠠᠭᠰᠠᠨ ᠭᠠᠵᠠᠷ ᠤᠨ ᠲᠠᠰ ᠤᠨ | ᠣᠳᠣᠷᠢᠳᠣᠯᠭ᠎ᠠ ᠪᠠᠲᠤᠮᠥ᠋ᠩᠬᠡ ᠬᠤᠷᠠᠯ ᠳᠤ ᠣᠷᠣᠯᠴᠠᠭᠰᠠᠨ ᠤ ᠬᠠᠮᠲᠤ ᠶᠠᠷᠢᠶ᠎ᠠ ᠲᠠᠯᠪᠢᠵᠤ᠂ ᠬᠤᠰᠢᠭᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠬᠤᠳᠠᠯᠳᠤᠭᠠᠨ ᠤ ᠶᠠᠪᠣᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠵᠡᠭᠦᠨ ᠦᠵᠦᠮᠦᠴᠢᠨ ᠪᠣᠭᠤᠮᠲᠠ᠂ ᠬᠢᠯᠢ ᠶᠢᠨ ᠪᠠᠶᠢᠴᠠᠭᠠᠯᠲᠠ ᠶᠢᠨ | ᠥᠷᠲᠡᠭᠡ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |