ᠮᠠᠨ ᠤ ᠬᠤᠰᠢᠭᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠤᠯᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠤᠭᠴᠢᠳ 3 ᠳ᠋ᠤᠭᠠᠷ ᠰᠠᠷ᠎ᠠ ᠶᠢᠨ 30 ᠤ ᠡᠳᠦᠷ | ᠰᠤᠷᠭᠠᠭᠤᠯᠢ ᠳᠠᠭᠠᠨ ᠪᠤᠴᠠᠵᠤ ᠵᠢᠩᠬᠢᠨᠢ ᠪᠠᠷ ᠬᠢᠴᠢᠶᠡᠯ ᠢᠶᠠᠨ ᠡᠬᠢᠯᠡᠭᠦᠯᠦᠯ᠎ᠡ᠃ ᠪᠠᠭᠰᠢ ᠰᠤᠷᠤᠭᠴᠢᠳ ᠮᠠᠨᠢ ᠲᠠᠨᠢᠯ | ᠲᠠᠰᠤᠯ ᠪᠣᠯᠣᠭᠰᠠᠨ ᠰᠤᠷᠭᠠᠭᠤᠯᠢ ᠶᠢᠨ ᠬᠦᠷᠢᠶᠡᠨ ᠳᠤ ᠪᠠᠨ ᠪᠤᠴᠠᠵᠤ᠂ ᠪᠠᠶᠠᠷ ᠬᠦᠷ ᠲᠠᠢ ᠪᠠᠷ ᠰᠢᠨ᠎ᠡ | ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠨ ᠠᠪᠴᠢᠷᠠᠵᠠᠢ᠃ | ᠨᠠᠷᠢᠨ ᠨᠢᠮᠪᠡᠢ ᠪᠡᠯᠡᠳᠬᠡᠯ ᠠᠵᠢᠯ ᠢᠶᠠᠷ ᠳᠠᠮᠵᠢᠨ᠂ 3 ᠰᠠᠷ᠎ᠠ ᠶᠢᠨ 29 ᠤ ᠡᠳᠦᠷ᠂ ᠮᠠᠨ ᠤ ᠬᠤᠰᠢᠭᠤᠨ ᠤ | ᠠᠩᠬ᠎ᠠ ᠳᠤᠮᠳᠠᠳᠤ ᠪᠠ ᠥᠨᠳᠥᠷ ᠳᠤᠮᠳᠠᠳᠤ ᠶᠢᠨ ᠭᠤᠷᠪᠠᠳᠤᠭᠠᠷ ᠤᠨ ᠤ ᠰᠤᠷᠤᠭᠴᠢᠳ ᠨᠡᠷ᠎ᠡ ᠪᠠᠨ ᠮᠡᠳᠡᠭᠦᠯᠵᠦ᠂ | 30 ᠤ ᠡᠳᠦᠷ ᠬᠢᠴᠢᠶᠡᠯ ᠢᠶᠠᠨ ᠵᠢᠩᠬᠢᠨᠢ ᠪᠠᠷ ᠡᠬᠢᠯᠡᠭᠦᠯᠵᠡᠢ᠃ ᠰᠤᠷᠤᠭᠴᠢᠳ ᠤᠨ ᠡᠷᠡᠭᠦᠯ ᠮᠡᠨᠳᠦ ᠶᠢᠨ ᠠᠮᠤᠷ | ᠲᠦᠪᠰᠢᠨ ᠢ ᠪᠠᠲᠤᠯᠠᠬᠤ ᠶᠢᠨ ᠲᠥᠯᠥᠭᠡ᠂ ᠰᠤᠷᠤᠭᠴᠢᠳ ᠠᠩᠬ᠎ᠠ ᠰᠤᠷᠭᠠᠭᠤᠯᠢ ᠳᠤ ᠢᠷᠡᠬᠦ ᠳᠤ ᠪᠠᠨ ᠤᠷᠢᠳᠴᠢᠯᠠᠨ | ᠪᠠᠶᠢᠷᠢᠯᠠᠭᠤᠯᠤᠭᠰᠠᠨ ᠡᠷᠡᠭᠦᠯ ᠮᠡᠨᠳᠦ ᠶᠢᠨ ᠭᠡᠷᠡᠴᠢ ᠪᠠᠨ ᠠᠩᠭᠢ ᠶᠢᠨ ᠡᠷᠬᠢᠯᠡᠭᠴᠢ ᠳᠤ ᠲᠤᠰᠢᠶᠠᠵᠤ᠂ ᠬᠥᠮᠦᠨ ᠪᠦᠷᠢ | 1 ᠮᠧᠲᠷ ᠠᠴᠠ ᠳᠡᠭᠡᠭᠰᠢ ᠵᠠᠶ ᠲᠠᠢ ᠮᠦᠷᠯᠡᠵᠦ ᠪᠡᠶ᠎ᠡ ᠶᠢᠨ ᠲᠤᠯᠠᠭᠠᠨ ᠤ ᠪᠠᠶᠢᠴᠠᠭᠠᠯᠲᠠ ᠬᠢᠭᠰᠡᠨ ᠤ ᠳᠠᠷᠠᠭ᠎ᠠ | ᠰᠤᠷᠭᠠᠭᠤᠯᠢ ᠶᠢᠨ ᠬᠦᠷᠢᠶᠡᠨ ᠳᠤ ᠤᠷᠤᠵᠤ᠂ ᠨᠠᠮ ᠵᠢᠮ ᠪᠠᠶᠢᠭᠰᠠᠨ ᠰᠤᠷᠭᠠᠭᠤᠯᠢ ᠶᠢᠨ ᠬᠦᠷᠢᠶ᠎ᠡ ᠬᠦᠷ | ᠨᠠᠷᠭᠢᠶᠠᠨ ᠢᠶᠠᠷ ᠪᠢᠯᠬᠠᠯ᠎ᠠ᠃ | ᠰᠤᠷᠭᠠᠭᠤᠯᠢ ᠡᠬᠢᠯᠡᠭᠰᠡᠨ ᠤ ᠳᠠᠷᠠᠭᠠᠬᠢ ᠨᠢᠭᠡᠳᠦᠭᠡᠷ ᠬᠢᠴᠢᠶᠡᠯ ᠳᠡᠭᠡᠷ᠎ᠡ᠂ ᠡᠯ᠎ᠡ ᠰᠤᠷᠭᠠᠭᠤᠯᠢ ᠶᠢᠨ ᠬᠢᠴᠢᠶᠡᠯ | ᠤᠨ ᠬᠡᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠭᠤᠯᠭ᠎ᠠ ᠶᠢᠨ ᠲᠣᠭᠤᠷᠢᠨ ᠳᠤ ᠨᠢᠭᠡ ᠤᠳᠠᠭᠠᠨ ᠤ | ᠡᠬᠡ ᠣᠷᠣᠨᠴᠢ ᠦᠵᠡᠯ ᠰᠠᠨᠠᠭᠠᠨ ᠤ ᠬᠥᠮᠦᠵᠢᠯ ᠤᠨ ᠬᠢᠴᠢᠶᠡᠯ ᠣᠷᠣᠭᠰᠠᠨ ᠪᠥᠭᠡᠳ ᠤᠯᠤᠰ ᠤᠨ ᠲᠤᠭ | ᠮᠠᠨᠳᠤᠭᠤᠯᠬᠤ ᠶᠣᠰᠣᠯᠠᠯ᠂ ᠭᠤᠤᠯ ᠰᠡᠳᠦᠪᠲᠦ ᠠᠩᠭᠢ ᠶᠢᠨ ᠬᠤᠷᠠᠯ ᠤᠨ ᠠᠵᠢᠯᠯᠠᠭ᠎ᠠ ᠵᠡᠷᠭᠡ ᠣᠯᠠᠨ ᠵᠦᠶᠯ ᠤᠨ | ᠠᠷᠭ᠎ᠠ ᠮᠠᠶ᠋ᠢᠭ ᠲᠠᠢ ᠤᠶᠠᠯᠳᠤᠭᠤᠯᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠥᠷᠨᠢᠭᠦᠯᠵᠦ᠂ | ᠰᠤᠷᠤᠭᠴᠢᠳ ᠤᠨ ᠡᠬᠡ ᠣᠷᠣᠨᠴᠢ ᠦᠵᠡᠯ ᠤᠨ ᠬᠠᠶᠢᠷ᠎ᠠ ᠰᠡᠳᠬᠢᠯᠭᠡ ᠶᠢ ᠨᠢ ᠨᠡᠮᠡᠭᠳᠡᠭᠦᠯᠵᠦ᠂ ᠬᠢᠵᠢᠭ ᠤᠨ ᠪᠠᠶᠢᠳᠠᠯ | ᠤᠨ ᠲᠤᠬᠠᠶ ᠮᠡᠳᠡᠯᠭᠡ ᠶᠢ ᠣᠶᠢᠯᠠᠭᠠᠬᠤ ᠪᠠ ᠦᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠴᠢᠩᠭᠠᠳᠬᠠᠭᠰᠠᠨ | ᠪᠥᠭᠡᠳ ᠰᠤᠷᠤᠭᠴᠢᠳ ᠢ ᠵᠣᠷᠢᠭᠵᠢᠭᠤᠯᠵᠤ᠂ ᠰᠡᠷᠭᠡᠶᠢᠯᠡᠬᠦ ᠶᠢᠨ ᠳᠠᠭᠠᠤ ᠰᠤᠷᠤᠯᠴᠠᠬᠤ ᠰᠠᠶᠢᠨ ᠰᠠᠶᠢᠬᠠᠨ ᠤᠷᠴᠢᠨ ᠢ | ᠪᠤᠢ ᠪᠣᠯᠭᠠᠵᠠᠶ᠃ | ᠡᠯ᠎ᠡ ᠰᠤᠷᠭᠠᠭᠤᠯᠢ ᠨᠢ ᠴᠠᠭ ᠵᠦᠷᠢᠭᠦᠯᠡᠨ᠂ ᠰᠤᠷᠭᠠᠭᠤᠯᠢ ᠳᠤ ᠢᠷᠡᠬᠦ᠂ ᠬᠤᠭᠤᠯᠠ ᠢᠳᠡᠬᠦ᠂ ᠰᠤᠷᠭᠠᠭᠤᠯᠢ | ᠲᠠᠷᠬᠠᠬᠤ ᠵᠡᠷᠭᠡ ᠶᠢ ᠳᠦᠷᠢᠮᠵᠢᠭᠦᠯᠵᠦ᠂ ᠬᠢᠴᠢᠶᠡᠯ ᠤᠨ ᠬᠡᠷ ᠤᠨ ᠰᠠᠭᠤᠳᠠᠯ ᠢ ᠵᠣᠬᠢᠰᠲᠠᠶ ᠵᠠᠶ ᠲᠠᠢ ᠪᠠᠶᠢᠯᠭᠠᠵᠤ᠂ | ᠨᠢᠭᠡ ᠬᠦᠮᠦᠨ ᠨᠢᠭᠡ ᠰᠢᠷᠡᠭᠡᠨ ᠳᠤ ᠰᠠᠭᠤᠬᠤ ᠶᠢᠨ ᠬᠠᠮᠲᠤ ᠬᠢᠴᠢᠶᠡᠯ ᠤᠨ ᠬᠡᠷ ᠪᠤᠯᠭᠠᠨ ᠤ ᠡᠭᠦᠳᠡᠨ ᠳᠤ ᠴᠥᠮ ᠭᠠᠷ | ᠠᠷᠢᠭᠤᠳᠬᠠᠬᠤ ᠰᠢᠩᠭᠡᠨ ᠲᠤᠬᠢᠷᠠᠭᠤᠯᠵᠤ᠂ ᠬᠢᠴᠢᠶᠡᠯ ᠤᠨ ᠭᠡᠷ ᠪᠠ ᠪᠠᠶᠢᠷᠢ ᠶᠢᠨ ᠭᠡᠷ ᠢ ᠡᠳᠦᠷ ᠲᠤ ᠭᠤᠷᠪᠠ | ᠤᠳᠠᠭ᠎ᠠ ᠠᠷᠢᠭᠤᠳᠬᠠᠨ᠂ ᠬᠢᠴᠢᠶᠡᠯ ᠠᠴᠠ ᠡᠮᠦᠨ᠎ᠡ ᠪᠠᠭᠰᠢ ᠨᠠᠷ ᠰᠤᠷᠤᠭᠴᠢᠳ ᠤᠨ ᠠᠮᠠᠪᠴᠢ ᠵᠡᠭᠦᠵᠦ ᠪᠠᠶᠢᠬᠤ | ᠡᠰᠡᠬᠦ ᠶᠢ ᠪᠠᠶᠢᠴᠠᠭᠠᠬᠤ ᠶᠢᠨ ᠬᠠᠮᠲᠤ ᠬᠢᠴᠢᠶᠡᠯ ᠤᠨ ᠵᠠᠪᠰᠠᠷᠯᠠᠭ᠎ᠠ ᠳᠤ ᠢᠯᠡᠭᠦᠬᠡᠨ ᠰᠠᠯᠬᠢ ᠨᠡᠪᠲᠡᠷᠡᠭᠦᠯᠬᠦ ᠶᠢ | ᠰᠠᠨᠠᠭᠤᠯᠵᠤ ᠪᠠᠶᠢᠨ᠎ᠠ᠃ | ᠰᠤᠷᠪᠤᠯᠵᠢᠯᠠᠭᠴᠢ ᠬᠤᠰᠢᠭᠤ ᠰᠤᠷᠭᠠᠨ ᠬᠥᠮᠦᠵᠢᠯ ᠤᠨ ᠲᠣᠪᠴᠢᠶᠠᠨ ᠠᠴᠠ ᠣᠶᠢᠯᠠᠭᠠᠭᠰᠠᠨ ᠢᠶᠠᠷ᠂ ᠮᠠᠨ ᠤ | ᠬᠤᠰᠢᠭᠤᠨ ᠤ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠲᠡᠭᠦᠰᠬᠦ ᠰᠣᠷᠣᠭᠴᠢ ᠨᠡᠶᠢᠲᠡ 345 ᠬᠥᠮᠦᠨ᠂ | ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠤ ᠲᠡᠭᠦᠰᠬᠦ ᠰᠣᠷᠣᠭᠴᠢ ᠨᠡᠶᠢᠲᠡ 603 ᠬᠥᠮᠦᠨ ᠪᠠᠶᠢᠵᠤ᠂ ᠡᠯ᠎ᠡ | ᠰᠤᠷᠭᠠᠭᠤᠯᠢ ᠨᠢ ᠴᠥᠮ ᠬᠢᠵᠢᠭ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠰᠠᠶᠢᠲᠤᠷ ᠪᠡᠯᠡᠳᠬᠡᠭᠰᠡᠨ ᠪᠥᠭᠡᠳ ᠪᠠᠴᠢᠮ | ᠪᠠᠶᠢᠳᠠᠯ ᠢ ᠠᠷᠭᠠᠴᠠᠭᠠᠬᠤ ᠲᠥᠰᠦᠯ ᠳᠣᠭᠲᠠᠭᠠᠨ᠂ ᠤᠨᠴᠠᠭᠠᠢ ᠴᠠᠭ ᠦᠶ᠎ᠡ ᠳᠤ ᠬᠠᠨᠳᠤᠭᠤᠯᠤᠨ᠂ ᠡᠯ᠎ᠡ ᠵᠦᠢᠯ ᠤᠨ | ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠰᠠᠶᠢᠲᠤᠷ ᠨᠠᠶᠢᠲᠠᠪᠤᠷᠢᠵᠢᠭᠤᠯᠵᠤ᠂ ᠦᠷᠭᠡᠨ ᠤᠯᠠᠨ ᠲᠡᠭᠦᠰᠬᠦ | ᠰᠤᠷᠤᠭᠴᠢᠳ ᠲᠤ ᠰᠠᠨᠠᠭ᠎ᠠ ᠠᠮᠤᠷ᠂ ᠴᠡᠪᠡᠷ ᠴᠡᠮᠴᠡᠭᠡᠷ ᠰᠤᠷᠤᠯᠴᠠᠬᠤ ᠤᠷᠴᠢᠨ ᠢ ᠬᠠᠩᠭᠠᠵᠤ᠂ ᠲᠡᠳᠡᠨ ᠤ | ᠰᠤᠷᠤᠯᠴᠠᠬᠤ ᠤᠷᠮ᠎ᠠ ᠵᠤᠷᠢᠭ ᠢ ᠨᠢ ᠬᠦᠪᠴᠢᠯᠡᠵᠡᠢ᠃ |