ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ ᠵᠢᠪᠬᠤᠯᠠᠩᠲᠤ ᠨᠠᠷ ᠵᠡᠭᠦᠨ ᠬᠠᠲᠠᠪᠴᠢ ᠪᠣᠭᠤᠮᠲᠠ ᠳᠤ ᠭᠦᠨᠵᠡᠭᠡᠶᠢᠷᠡᠵᠦ ᠱᠠᠭᠠᠷᠳᠠᠨ ᠪᠠᠶᠢᠴᠠᠭᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2020/5/20
     ᠵᠡᠭᠦᠨ ᠬᠠᠲᠠᠪᠴᠢ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠣᠭᠤᠮᠲᠠ ᠥᠩᠭᠡᠷᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠪᠠ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠭᠦᠨᠵᠡᠭᠡᠶ ᠤᠶᠢᠯᠠᠭᠠᠬᠤ ᠶᠢᠨ ᠲᠦᠯᠦᠭᠡ᠂ 5 ᠰᠠᠷ᠎ᠠ ᠶᠢᠨ 14 ᠤ ᠡᠳᠦᠷ᠂ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ ᠵᠢᠪᠬᠤᠯᠠᠩᠲᠤ ᠨᠠᠷ ᠵᠡᠭᠦᠨ ᠬᠠᠲᠠᠪᠴᠢ ᠪᠤᠭᠤᠮᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠱᠠᠭᠠᠷᠳᠠᠨ ᠪᠠᠶᠢᠴᠠᠭᠠᠵᠠᠢ᠃      5 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠱᠤᠸᠠᠩ ᠪᠦᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠲᠡᠰ ᠤᠨ ᠭᠠᠳᠠᠭᠠᠳᠤ ᠳᠤ ᠬᠤᠯᠪᠣᠭᠳᠠᠬᠤ ᠠᠵᠢᠯᠯᠠᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢ ᠵᠣᠬᠢᠶᠠᠨ ᠪᠠᠶᠢᠭᠤᠯᠵᠤ ᠪᠠᠶᠢᠴᠠᠭᠠᠨ ᠰᠤᠳᠤᠯᠤᠯᠲᠠ ᠬᠢᠵᠦ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠲᠠᠢ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠱᠤᠸᠠᠩ ᠪᠦᠦ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠢᠴᠢ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠢ᠃ ᠲᠡᠷᠡ ᠵᠢᠭᠠᠭᠰᠠᠨ ᠨᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠵᠡᠭᠦᠨ ᠦᠵᠦᠮᠦᠴᠢᠨ ᠬᠤᠰᠢᠭᠤ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ︽ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠬᠢᠯᠢ ᠶᠢᠨ ᠭᠠᠳᠠᠨ᠎ᠠ ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠣᠷᠤᠵᠤ ᠢᠷᠡᠬᠦ ᠶᠢ ᠪᠠᠴᠢᠮ ᠠᠷᠭᠠᠴᠠᠭᠠᠬᠤ ᠪᠡᠯᠡᠳᠬᠡᠯ ᠲᠥᠰᠦᠯ︾ ᠤᠨ ᠱᠠᠭᠠᠷᠳᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠵᠤ᠂ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠮᠡᠷᠭᠡᠵᠢᠯ ᠤᠨ ᠬᠢᠷᠢ ᠬᠡᠮᠵᠢᠶ᠎ᠡ ᠶᠢ ᠨᠡᠮᠡᠭᠳᠡᠭᠦᠯᠵᠦ᠂ ᠠᠵᠢᠯ ᠦᠢᠯᠡᠳᠪᠦᠷᠢᠯᠡᠯ ᠢ ᠰᠡᠷᠭᠦᠭᠡᠬᠦ ᠶᠢ ᠡᠷᠡᠰ ᠡᠵᠡᠮᠳᠡᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠷᠢᠨ ᠲᠡᠭᠦᠯᠳᠡᠷ ᠪᠠᠶᠢᠭᠤᠯᠤᠮᠵᠢ ᠲᠣᠭᠲᠠᠴᠠ ᠶᠢ ᠪᠠᠶᠢᠭᠤᠯᠵᠤ᠂ ᠤᠯᠤᠰ ᠤᠨ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠵᠠᠢ ᠭᠡᠵᠡᠢ᠃      ᠵᠢᠪᠬᠤᠯᠠᠩᠲᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠳᠤ ᠨᠤᠲᠠᠯᠠᠯᠲᠠ ᠦᠭᠴᠡᠢ᠃ ᠲᠡᠷᠡ ᠴᠢᠬᠤᠯᠠᠴᠢᠯᠠᠭᠰᠠᠨ ᠨᠢ᠂ ᠣᠳᠣᠬᠠᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠣᠨᠣᠪᠴᠢᠲᠠᠶ ᠡᠵᠡᠮᠰᠢᠵᠦ᠂ ᠭᠠᠳᠠᠭᠠᠳᠤ ᠠᠴᠠ ᠣᠷᠣᠵᠤ ᠢᠷᠡᠬᠦ ᠶᠢ ᠰᠡᠷᠭᠡᠶᠢᠯᠡᠬᠦ ᠪᠠᠷ ᠭᠤᠣᠯ ᠪᠣᠯᠭᠠᠵᠤ᠂ ᠪᠠᠶᠢᠳᠠᠯ ᠪᠣᠯᠤᠨ ᠱᠠᠭᠠᠷᠳᠠᠯᠭ᠎ᠠ ᠶᠢᠨ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠵᠢᠯ ᠤᠨ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠬᠢᠯᠢ ᠶᠢᠨ ᠭᠠᠳᠠᠨᠠᠬᠢ ᠬᠢᠵᠢᠭ ᠤᠨ  ᠪᠠᠶᠢᠳᠠᠯ ᠤᠷᠤᠵᠤ ᠢᠷᠡᠬᠦ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠶᠢᠭᠤᠯᠤᠮᠵᠢ᠂ ᠬᠠᠷᠢᠯᠴᠠᠭᠴᠢ ᠶᠢᠨ ᠳᠦᠷᠢᠮ ᠢ ᠲᠡᠭᠦᠯᠳᠡᠷᠵᠢᠭᠦᠯᠵᠦ᠂  ᠰᠤᠷᠠᠭ ᠵᠠᠩᠭᠢ ᠨᠡᠪᠲᠡᠷᠡᠯᠴᠡᠬᠦ ᠨᠢ ᠴᠠᠭ ᠲᠤᠬᠠᠶ ᠳᠤᠨᠢ᠂ ᠣᠨᠣᠪᠴᠢᠲᠠᠶ᠂ ᠵᠢᠷᠤᠮᠵᠢᠯ ᠲᠠᠢ ᠪᠠᠶᠢᠬᠤ ᠶᠢ ᠪᠡᠶᠡᠯᠡᠭᠦᠯᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠠᠮᠲᠦᠷᠠᠨ ᠠᠵᠢᠯᠯᠠᠬᠤ ᠴᠢᠳᠠᠪᠤᠷᠢ ᠶᠢ ᠦᠨᠡᠨᠬᠦ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠲᠦᠮᠵᠢᠲᠡᠶ ᠪᠥᠭᠡᠳ ᠡᠮᠬᠢ ᠵᠢᠷᠤᠮ ᠲᠠᠢ ᠦᠷᠨᠢᠭᠦᠯᠬᠦ ᠶᠢ ᠦᠨᠡᠨᠬᠦ ᠪᠠᠲᠤᠯᠠᠨ᠂ ᠪᠣᠭᠤᠮᠲᠠ ᠶᠢᠨ ᠭᠤᠤᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠵᠤ᠂ ᠪᠣᠭᠤᠮᠲᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号