—— 2020 ᠤᠠ ᠤ 5 ᠰᠠᠷ᠎ᠠ ᠶᠢᠨ 19 ᠤ ᠡᠳᠣᠷ ᠵᠠᠬᠦᠠ ᠦᠵᠣᠮᠣᠴᠢᠠ | ᠬᠤᠰᠢᠭᠤᠠ ᠤ ᠠᠷᠪᠠᠠ ᠲᠠᠪᠣᠳᠣᠭᠠᠷ ᠬᠤᠭᠤᠴᠠᠭᠠᠠ ᠤ ᠠᠷᠠᠣᠠ ᠤᠨ ᠲᠦᠯᠣᠬᠡᠯᠡᠭᠴᠢᠣᠠ ᠤᠨ ᠶᠠᠬᠡ ᠬᠤᠷᠠᠯ ᠤᠨ | ᠲᠦᠷᠪᠡᠳᠦᠭᠡᠷ ᠤᠳᠠᠭᠠᠠ ᠤ ᠬᠤᠷᠠᠯᠳᠣᠭᠠᠠ ᠲᠠᠬᠡᠷ᠎ᠠ | ᠵᠠᠬᠦᠠ ᠦᠵᠣᠮᠣᠴᠢᠠ ᠬᠤᠰᠢᠭᠤᠠ ᠤ ᠵᠠᠰᠠᠭ ᠤᠨ ᠤᠷᠳᠣᠠ ᠤ ᠬᠤᠰᠢᠭᠤ ᠲᠠᠷᠤᠭ᠎ᠠ ᠬᠢᠩᠭᠠᠨ | ᠲᠦᠯᠣᠬᠡᠯᠡᠭᠴᠢᠣᠠ ᠡ᠄ | ᠤᠳᠣ ᠪᠢ᠂ ᠬᠤᠰᠢᠭᠤ ᠵᠠᠰᠠᠭ ᠤᠨ ᠤᠷᠳᠣᠠ ᠢ ᠲᠦᠯᠦᠭᠡᠯᠡᠵᠦ ᠶᠠᠬᠡ ᠬᠤᠷᠠᠯ ᠳᠤ ᠠᠵᠢᠯ ᠤᠨ ᠢᠯᠠᠣᠠᠬᠡᠯ | ᠬᠢᠶ᠎ᠠ᠂ ᠬᠢᠨᠠᠠ ᠵᠦᠪᠯᠠᠬᠦ ᠪᠣᠯᠪᠠᠣ᠃ ᠤᠯᠣᠰ ᠲᠦᠷᠣ ᠶᠢᠨ ᠵᠦᠪᠯᠠᠯᠬᠡᠠ ᠤ ᠬᠡᠰᠢᠬᠦᠣᠠ ᠵᠢᠴᠢ ᠬᠤᠷᠠᠯ ᠳᠤ | ᠤᠷᠣᠯᠴᠬᠠᠰᠠᠣᠠ ᠰᠠᠨᠠᠯ ᠵᠦᠪᠯᠠᠯᠬᠡ ᠪᠠᠨ ᠲᠠᠪᠰᠢᠬᠦᠯᠬᠦ ᠪᠣᠯᠪᠠᠣ᠃ | ᠨᠢᠬᠡ᠂ 2019 ᠣᠨ ᠤ ᠠᠵᠢᠯ ᠤᠨ ᠡᠷᠬᠢᠴᠠᠬᠦᠯᠣᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠰᠢᠭᠤ | ᠲᠠᠶᠠᠭᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠬᠤᠶᠠᠳᠣᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠣᠣᠱᠯᠠᠭᠤᠯᠵᠣ᠂ ᠰᠢ ᠶᠢᠨ ᠫᠢᠩ ᠶᠡᠷᠦᠩᠬᠡᠶ ᠱᠦᠵᠢ ᠶᠢᠨ ᠪᠥᠬᠦ ᠤᠯᠤᠰ ᠤᠨ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠣᠳᠠᠭᠠᠨ ᠤ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ | ᠣᠷᠣᠯᠴᠠᠬᠤ ᠦᠶ᠎ᠡ ᠳᠤ ᠬᠢᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠠᠮᠢ ᠠᠬᠤᠶ ᠶᠢ ᠲᠡᠷᠢᠬᠦᠨ ᠳᠤ ᠪᠣᠳᠣᠯᠬᠢᠯᠠᠬᠤ᠂ ᠪᠠᠶᠢᠭᠠᠯᠢᠯᠢᠭ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠡᠷᠯᠢᠭ᠋ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠲᠣᠭᠲᠠᠭᠤᠨ ᠤ ᠳᠤᠮᠳᠠ | ᠤᠷᠤᠭᠰᠢᠯᠠᠬᠤ ᠶᠡᠷᠦᠩᠬᠡᠶ ᠵᠠᠷᠴᠢᠮ ᠢ ᠪᠠᠷᠢᠮᠳᠠᠯᠠᠵᠣ᠂ ᠠᠵᠤ ᠠᠬᠤᠢ ᠶᠢᠨ ᠬᠥᠭᠵᠢᠯᠲᠡ ᠣᠳᠠᠭᠠᠰᠢᠷᠠᠭᠰᠠᠨ ᠳᠠᠷᠤᠯᠲᠠ | ᠪᠣᠯᠤᠨ ᠡᠯ᠎ᠡ ᠵᠦᠢᠯ ᠤᠨ ᠥᠷᠢᠰᠥᠯᠳᠦᠭᠡᠨ ᠢ ᠢᠯᠠᠨ ᠳᠠᠪᠠᠵᠣ᠂ ᠡᠷᠡᠮᠡᠬᠡᠶᠢᠯᠡᠨ ᠤᠷᠤᠭᠰᠢᠯᠠᠵᠤ᠂ ᠪᠦᠬᠦ ᠬᠤᠰᠢᠭᠤᠨ ᠤ | ᠠᠵᠤ ᠠᠬᠤᠢ ᠨᠡᠶᠢᠭᠡᠮ ᠲᠣᠭᠲᠠᠭᠤᠨ ᠢᠶᠠᠷ ᠬᠦᠭᠵᠢᠪᠡ᠃ ᠪᠦᠬᠦ ᠵᠢᠯ ᠳᠤ᠂ ᠣᠷᠣᠨ ᠨᠣᠳᠤᠭ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ 55.99 ᠳ᠋ᠦᠩᠰᠢᠭᠤᠷ ᠲᠥᠭᠦᠷᠢᠭ ᠲᠤ ᠭᠦᠷᠴᠦ᠂ 2.5% ᠪᠠᠷ | ᠨᠡᠮᠡᠭᠳᠡᠪᠡ︔ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ18.45 ᠳ᠋ᠦᠩᠰᠢᠭᠤᠷ ᠲᠥᠭᠦᠷᠢᠭ ᠢ | ᠪᠡᠶᠡᠯᠡᠬᠦᠯᠵᠦ᠂ 6% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 5.13 | ᠳ᠋ᠦᠩᠰᠢᠭᠤᠷ ᠲᠥᠭᠦᠷᠢᠭ ᠲᠤ ᠬᠦᠷᠴᠦ᠂ ᠲᠦᠰᠦᠪ ᠤᠨ ᠲᠣᠬᠢᠷᠠᠭᠤᠯᠣᠯᠳᠠ ᠶᠢᠨ ᠡᠭᠦᠷᠭᠡ ᠪᠠᠨ 100% ᠪᠠᠷ | ᠪᠡᠶᠡᠯᠡᠬᠦᠯᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠬᠤᠪᠢᠶᠠᠷᠢᠯᠠᠵᠣ | ᠪᠣᠯᠬᠤᠶᠢᠴᠠ ᠣᠷᠣᠯᠭ᠎ᠠ ᠲᠣᠰᠪᠦᠷᠢ 41683 ᠲᠥᠭᠦᠷᠢᠭ ᠪᠠ 32616 ᠲᠥᠭᠦᠷᠢᠭ ᠲᠤ ᠬᠦᠷᠴᠦ᠂ ᠲᠣᠰᠪᠦᠷᠢ 7. | 3% ᠪᠠ 7.5% ᠪᠠᠷ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠠᠵᠤ ᠦᠢᠯᠡᠰ ᠤᠨ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠤᠨ ᠲᠠᠰ | ᠳᠡᠪᠰᠢᠬᠦ ᠶᠢ ᠲᠦᠷᠭᠡᠳᠭᠡᠵᠦ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ | ᠲᠣᠭᠲᠠᠭᠤᠨ ᠢᠶᠠᠷ ᠳᠡᠭᠡᠭᠰᠢᠯᠡᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ | ᠰᠢᠵᠢᠮᠯᠡᠨ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ ᠶᠢ ᠲᠦᠷᠭᠡᠳᠬᠡᠵᠦ᠂ ᠰᠢᠨ᠎ᠡ ᠬᠡᠯᠪᠡᠷᠢ ᠶᠢᠨ ᠠᠵᠤ | ᠦᠢᠯᠡᠰ ᠤᠨ ᠪᠤᠵᠠᠭᠠᠶᠢᠷᠠᠨ ᠬᠦᠭᠵᠢᠬᠦ ᠶᠢ ᠠᠬᠢᠭᠤᠯᠵᠤ᠂ ᠪᠦᠬᠦ ᠲᠠᠯ᠎ᠠ ᠪᠠᠷ ᠬᠦᠭᠵᠢᠭᠰᠡᠨ ᠣᠳᠣᠬᠢᠴᠢᠯᠠᠭᠰᠠᠨ ᠠᠵᠤ | ᠦᠢᠯᠡᠰ ᠤᠨ ᠲᠣᠭᠳᠠᠯᠴᠠᠭ᠎ᠠ ᠶᠢ ᠬᠦᠴᠦᠯᠡᠨ ᠪᠠᠶᠢᠭᠤᠯᠪᠠ᠃ ᠮᠠᠯ ᠠᠵᠤ ᠠᠬᠤᠢ ᠶᠢᠨ ᠲᠠᠯ᠎ᠠ ᠪᠠᠷ᠃ ︽ᠬᠤᠨᠢ ᠶᠢ | ᠴᠦᠬᠡᠴᠢᠯᠡᠵᠦ ᠦᠬᠡᠷ ᠮᠠᠯᠵᠢᠬᠤ︾ ᠪᠠᠶᠢᠯᠳᠤᠬᠤ ᠪᠣᠳᠣᠯᠭ᠎ᠠ ᠶᠢ ᠣᠷᠣᠨ ᠨᠣᠳᠤᠭ ᠤᠨ ᠪᠠᠶᠢᠳᠠᠯ ᠳᠤ ᠪᠠᠨ | ᠲᠤᠬᠢᠷᠠᠭᠤᠯᠤᠨ ᠭᠦᠭᠵᠢᠬᠦᠯᠵᠦ᠂ ᠪᠦᠬᠦ ᠵᠢᠯ ᠳᠤ ᠰᠢᠯᠢᠳᠡᠭ ᠡᠭᠦᠯᠳᠡᠷ ᠤᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ ᠢ 6 ᠪᠠᠶᠢᠭᠤᠯᠵᠤ᠂ 3290 ᠲᠣᠯᠣᠭᠠᠢ ᠰᠢᠯᠢᠳᠡᠭ ᠡᠭᠦᠯᠳᠡᠷ ᠤᠨ ᠦᠬᠡᠷ ᠣᠷᠣᠭᠤᠯᠵᠣ᠂ ᠦᠬᠡᠷ ᠤᠨ | ᠲᠤᠭ᠎ᠠ ᠠᠳᠠᠯᠢ ᠬᠤᠭᠤᠴᠠᠭᠠᠨ ᠤ ᠬᠢ ᠠᠴᠠ 27% ᠪᠠᠷ ᠨᠡᠮᠡᠭᠳᠡᠵᠦ᠂ ᠰᠢᠯᠢᠳᠡᠭ ᠡᠭᠦᠯᠳᠡᠷ ᠤᠨ ᠮᠢᠬᠠᠨ ᠦᠬᠡᠷ | ᠲᠡᠵᠢᠭᠡᠨ ᠦᠷᠡᠵᠢᠭᠦᠯᠬᠦ ᠬᠡᠪᠴᠢᠶ᠎ᠡ ᠪᠦᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠪᠠ᠃ 256 ᠦᠵᠦᠮᠦᠴᠢᠨ | ᠬᠤᠨᠢᠨ ᠤ ᠭᠤᠣᠯᠳᠠᠯᠭᠠᠳᠣ ᠰᠦᠷᠦᠭ᠂ 2800 ᠪᠠᠷᠢᠮᠵᠢᠶᠠᠵᠢᠭᠰᠠᠨ ᠰᠦᠷᠦᠭ᠂ 126 ᠬᠤᠴᠠ ᠶᠢ | ᠲᠦᠪᠯᠡᠷᠡᠭᠦᠯᠦᠨ ᠬᠠᠮᠢᠶᠠᠷᠬᠤ ᠰᠦᠷᠦᠭ ᠢ ᠡᠷᠴᠢᠮᠵᠢᠭᠦᠯᠵᠦ᠂ ᠬᠤᠨᠢᠨ ᠤ ᠲᠤᠭ᠎ᠠ ᠲᠣᠯᠣᠭᠠᠢ ᠠᠳᠠᠯᠢ | ᠬᠤᠭᠤᠴᠠᠭᠠᠨ ᠤ ᠬᠢ ᠠᠴᠠ 16% ᠪᠠᠷ ᠪᠠᠭᠤᠷᠠᠪᠠ᠃ ᠥᠪᠥᠷ ᠮᠣᠩᠭᠤᠯ ᠤᠨ ᠠᠩᠭᠧᠰ ᠮᠠᠯ ᠠᠵᠤ ᠠᠬᠤᠢ ᠶᠢᠨ | ᠦᠢᠯᠡᠰ᠂ ᠵᠢᠵᠢᠭ ᠰᠡᠭᠦᠯᠲᠦ ᠬᠤᠨᠢ ᠵᠡᠷᠭᠡ ᠨᠢᠭᠡ ᠪᠦᠯᠦᠭ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ | ᠲᠥᠷᠥᠯ ᠵᠦᠢᠯ ᠢ ᠠᠮᠵᠢᠯᠲᠠᠲᠠᠶ ᠨᠠᠶᠢᠳᠠᠪᠤᠷᠢᠵᠢᠭᠤᠯᠪᠠ᠃ 12 ᠡᠷᠦᠬᠡ ᠭᠡᠷ ᠪᠦᠯᠢ ᠶᠢᠨ ᠣᠶᠣᠨᠴᠢ ᠮᠠᠯᠵᠢᠯ ᠤᠨ | ᠲᠠᠯᠠᠪᠠᠢ ᠶᠢᠨ ᠳᠠᠭᠤᠷᠢᠶᠠᠯ ᠲᠤᠷᠰᠢᠯᠲᠠ ᠶᠢᠨ ᠴᠢᠭ ᠢ ᠪᠠᠶᠢᠭᠤᠯᠵᠤ᠂ 3 ︽ᠳᠠᠩᠰᠠ ᠪᠣᠳᠣᠵᠤ ᠮᠠᠯᠵᠢᠬᠤ︾ | ᠳᠠᠭᠤᠷᠢᠶᠠᠯ ᠭᠠᠴᠠᠭ᠎ᠠ᠂ 54 ᠳᠠᠭᠤᠷᠢᠶᠠᠯ ᠡᠷᠦᠬᠡ᠂ 3 ᠴᠡᠭᠡ ᠶᠢᠨ ᠦᠢᠯᠡᠰ ᠤᠨ ᠳᠠᠭᠤᠷᠢᠶᠠᠯ ᠡᠷᠦᠬᠡ ᠶᠢ | ᠪᠠᠶᠢᠭᠤᠯᠵᠣ᠂ ᠳᠠᠭᠤᠷᠢᠶᠠᠯ ᠦᠢᠯᠡᠳᠦᠯ ᠮᠡᠳᠡᠭᠳᠡᠮ᠎ᠡ ᠴᠢᠩᠭᠠᠷᠠᠪᠠ᠃ ᠶᠢᠰᠦᠳᠦᠭᠡᠷ ᠬᠤᠭᠤᠴᠠᠭᠠᠨ ᠤ ︽ᠦᠵᠦᠮᠦᠴᠢᠨ | ᠬᠤᠨᠢᠨ ᠨᠠᠶᠢᠷ︾᠂ ᠠᠩᠬᠠᠳᠤᠭᠠᠷ ᠬᠤᠭᠤᠴᠠᠭᠠᠨ ᠤ ︽ᠦᠵᠦᠮᠦᠴᠢᠨ ᠠᠮᠲᠠᠲᠤ ᠢᠳᠡᠭᠡᠨ ᠤ ᠨᠠᠶᠢᠷ︾ | ᠢ ᠠᠮᠵᠢᠯᠲᠠ ᠲᠠᠢ ᠡᠷᠬᠢᠯᠡᠵᠦ᠂ ᠮᠠᠯ ᠤᠨ ᠠᠰᠢᠭ ᠰᠢᠮ᠎ᠡ ᠶᠢᠨ ᠲᠥᠷᠥᠯ ᠲᠡᠮᠳᠡᠭ ᠤᠨ ᠦᠢᠯᠡᠳᠦᠯ ᠲᠠᠰᠤᠷᠠᠯᠲᠠ | ᠦᠭᠡᠢ ᠴᠢᠩᠭᠠᠷᠠᠵᠤ᠂ ᠦᠵᠦᠮᠦᠴᠢᠨ ᠬᠤᠨᠢᠨ ᠤ ᠨᠡᠷ᠎ᠡ ᠣᠯᠠᠮ ᠠᠯᠳᠠᠷᠰᠢᠪᠠ᠃ ︽ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠭᠤᠯᠣᠮᠵᠢ ᠶᠢᠨ ᠬᠢᠷᠢ ᠬᠡᠮ ᠢ ᠮᠠᠭᠠᠳᠯᠠᠨ | ᠲᠣᠭᠲᠠᠭᠠᠬᠤ ᠪᠠ ᠰᠢᠯᠭᠠᠨ ᠬᠢᠨᠠᠬᠤ ᠬᠤᠤᠰ ᠭᠡᠷᠡᠴᠢᠯᠡᠯᠳᠡ︾ ᠨᠢ ᠥᠪᠡᠷᠲᠡᠭᠡᠨ ᠵᠠᠰᠠᠬᠤ ᠣᠷᠣᠨ ᠤ ᠠᠬᠤᠢ | ᠲᠠᠯᠠᠪᠠᠶ ᠶᠢᠨ ᠬᠢᠨᠠᠨ ᠲᠣᠭᠲᠠᠭᠠᠯᠲᠠ ᠶᠢ ᠥᠩᠭᠡᠷᠡᠭᠡᠪᠡ᠃ ᠠᠵᠤ ᠦᠢᠯᠡᠳᠪᠦᠷᠢ ᠶᠢᠨ ᠲᠠᠯ᠎ᠠ ᠪᠠᠷ᠃ ᠪᠥᠬᠦ | ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ 23 ᠠᠵᠤ ᠦᠢᠯᠡᠳᠪᠦᠷᠢ ᠶᠢᠨ ᠠᠵᠤ ᠠᠬᠤᠶᠢᠯᠠᠯ 19.35 | ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠡᠭᠦᠨ ᠳᠤ ᠳᠥᠷᠪᠡᠨ ᠶᠡᠭᠡ | ᠲᠣᠯᠭᠠᠭᠤᠷᠢᠯᠠᠭᠴᠢ ᠠᠵᠤ ᠦᠢᠯᠡᠰ 93.4% ᠶᠢ ᠡᠵᠡᠯᠡᠪᠡ᠃ ᠴᠠᠭᠠᠨᠳᠣᠯᠣᠭᠠᠢ ᠨᠡᠭᠦᠷᠡᠰᠦᠨ ᠠᠭᠤᠷᠬᠠᠢ ᠶᠢᠨ | ᠣᠷᠴᠢᠨ ᠲᠣᠭᠤᠷᠢᠨ ᠤ ᠲᠥᠯᠥᠪᠵᠢᠭᠦᠯᠭᠡ ᠶᠢᠨ ᠦᠨᠡᠯᠡᠯᠲᠡ ᠨᠢ ᠮᠡᠷᠭᠡᠵᠢᠯ ᠤᠨ ᠬᠢᠨᠠᠨ ᠪᠠᠶᠢᠴᠠᠭᠠᠯᠲᠠ ᠶᠢ | ᠦᠩᠭᠡᠷᠡᠭᠡᠪᠡ᠃ ᠶᠢᠨ ᠨᠧᠩ 2 × 2.5 ᠲᠦᠮᠡᠨ ᠺᠢᠯᠣᠸᠠᠲ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ | ᠲᠥᠷᠥᠯ ᠵᠦᠢᠯ ᠠᠵᠢᠯ ᠡᠬᠢᠯᠡᠭᠦᠯᠪᠡ᠃ ᠬᠦᠪᠳᠦᠨᠳᠣᠯᠣᠭᠠᠢ᠂ ᠣᠯᠠᠭᠠᠨᠳᠣᠯᠣᠭᠠᠢ ᠶᠢᠨ ᠵᠡᠭᠦᠨ ᠬᠡᠰᠡᠭ᠂ 1017 | ᠦᠨᠳᠦᠷᠯᠢᠭ ᠭᠠᠵᠠᠷ ᠵᠡᠷᠭᠡ ᠨᠢᠭᠡ ᠪᠦᠯᠦᠭ ᠦᠩᠭᠡᠳᠣ ᠲᠡᠮᠦᠷᠯᠢᠭ ᠤᠨ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠤᠷᠤᠭᠰᠢᠲᠠᠶ ᠶᠠᠪᠣᠭᠳᠠᠪᠠ᠃ ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ ᠪᠠ | ᠮᠠᠯ ᠤᠨ ᠠᠰᠢᠭ ᠰᠢᠮ᠎ᠡ ᠡᠳ᠋ᠰᠢᠭᠦᠯᠣᠨ ᠪᠣᠯᠪᠠᠰᠣᠷᠠᠭᠤᠯᠬᠤ ᠰᠢᠨᠵᠢᠯᠡᠭᠡ ᠮᠡᠷᠭᠡᠵᠢᠯ ᠤᠨ ᠳᠠᠭᠤᠷᠢᠶᠠᠯ ᠲᠣᠭᠤᠷᠢᠭ ᠢ | ᠨᠡᠶᠢᠯᠡᠭᠦᠯᠵᠦ᠂ ᠠᠵᠤ ᠦᠢᠯᠡᠰ ᠤᠨ ᠡᠷᠴᠢᠮᠵᠢᠭᠦᠯᠦᠨ ᠬᠥᠭᠵᠢᠭᠦᠯᠬᠦ ᠲᠠᠪᠴᠠᠩ ᠢ ᠴᠣᠭᠴᠠᠯᠠᠨ ᠪᠠᠶᠢᠭᠤᠯᠪᠠ᠃ | ᠦᠢᠯᠡᠴᠢᠯᠡᠭᠡᠨ ᠤ ᠦᠢᠯᠡᠰ ᠤᠨ ᠲᠠᠯ᠎ᠠ ᠪᠠᠷ᠃ ᠠᠷᠠᠳ ᠤᠨ ᠡᠵᠡᠩᠨᠡᠯᠳᠣ ᠠᠵᠤ ᠠᠬᠤᠶ ᠶᠢᠨ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡ ᠠᠴᠠ ᠪᠣᠳᠠᠰ ᠤᠨ ᠬᠦᠢᠯᠭᠡᠭᠡᠨ᠂ ᠡᠯᠧᠺᠲᠷᠣᠨ ᠬᠤᠳᠠᠯᠳᠤᠭᠠᠨ ᠤ ᠶᠠᠪᠤᠳᠠᠯ᠂ | ᠰᠣᠶᠣᠯ ᠵᠣᠭᠠᠴᠠᠯ ᠵᠡᠷᠭᠡ ᠬᠦᠷᠢᠶ᠎ᠡ ᠴᠠᠷ᠎ᠠ ᠵᠦᠭ ᠠᠯᠭᠤᠷ ᠢᠶᠠᠷ ᠥᠷᠭᠡᠵᠢᠬᠦ ᠶᠢ ᠵᠣᠷᠢᠭᠵᠢᠭᠤᠯᠵᠤ᠂ ︽ᠦᠵᠦᠮᠦᠴᠢᠨ | ᠠᠶᠢᠮᠠᠭ︾ ᠵᠣᠭᠠᠴᠠᠯ ᠤᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠲᠠᠪᠤᠨ ᠣᠳᠣᠨ ᠲᠠᠰ ᠤᠨ ᠬᠥᠳᠡᠭᠡ | ᠲᠣᠰᠬᠤᠨ ︵ᠮᠠᠯᠵᠢᠬᠤ ᠣᠷᠣᠨ︶ ᠤ ᠵᠣᠭᠠᠴᠠᠯ ᠤᠨ ᠭᠥᠯᠢᠶᠡᠨ ᠵᠣᠴᠢᠯᠠᠬᠤ ᠡᠷᠦᠬᠡ ᠪᠠᠷ ᠦᠨᠡᠯᠡᠭᠳᠡᠨ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠭᠤᠤᠯ ᠴᠣᠭᠴᠠ ᠶᠢᠨ | ᠢᠨᠵᠧᠨᠧᠷᠢᠩ ᠢ ᠳᠠᠭᠤᠰᠬᠠᠵᠤ᠂ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠨᠢ 2018 — 2019 | ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠳᠠᠭᠤᠷᠢᠶᠠᠯ | ᠰᠠᠭᠤᠷᠢᠨ ᠭᠠᠵᠠᠷ ᠢᠶᠠᠷ ᠰᠣᠩᠭᠤᠭᠳᠠᠪᠠ᠃ ᠲᠢᠶᠠᠨ ᠮᠣᠣ ᠰᠦᠯᠵᠢᠶᠡᠨ ᠬᠤᠳᠠᠯᠳᠤᠭ᠎ᠠ ᠯᠤᠭ᠎ᠠ ᠬᠠᠮᠲᠤᠷᠠᠨ 2019 | ᠣᠨ ᠤ ᠠ ᠯᠢ ᠪᠠ ᠪᠠ ᠶᠢᠨ ᠡᠯᠪᠡᠭ ᠬᠤᠷᠢᠶᠠᠯᠲᠠ ᠶᠢᠨ ᠬᠤᠳᠠᠯᠳᠤᠨ ᠠᠪᠬᠤ ᠨᠠᠶᠢᠷ ᠤᠨ ᠠᠩᠬᠠᠳᠠᠭᠴᠢ ᠥᠷᠲᠡᠭᠡ · | ᠰᠢᠯᠢ ᠶᠢᠨ ᠭᠤᠤᠯ ᠤᠨ ᠦᠵᠦᠮᠦᠴᠢᠨ ᠬᠤᠨᠢᠨ ᠮᠢᠬᠠᠨ ᠤ ᠨᠠᠶᠢᠷ ᠢ ᠡᠷᠭᠢᠯᠡᠵᠦ᠂ ᠰᠦᠯᠵᠢᠶ᠎ᠡ ᠪᠠᠷ ᠪᠣᠷᠣᠯᠠᠭᠤᠯᠣᠭᠰᠠᠨ | ᠬᠡᠮᠵᠢᠶ᠎ᠡ 1000 ᠲᠦᠮᠡᠨ ᠲᠥᠭᠦᠷᠢᠭ ᠢ ᠳᠠᠪᠠᠵᠤ᠂ ᠰᠦᠯᠵᠢᠶᠡᠨ ᠦᠵᠡᠭᠰᠡᠳ 4.2 ᠳ᠋ᠦᠩᠰᠢᠭᠤᠷ ᠤᠳᠠᠭ᠎ᠠ ᠶᠢ | ᠳᠠᠪᠠᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ᠂ ᠳᠤᠮᠳᠠᠳᠤ ᠮᠣᠩᠭᠤᠯ | ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ᠂ ᠪᠦᠬᠦ ᠣᠷᠣᠨ ᠤ ᠮᠣᠩᠭᠤᠯ | ᠪᠦᠬᠡ ᠶᠢᠨ ᠴᠦᠷᠬᠡᠯᠡᠭᠡ ᠪᠠᠷᠢᠯᠳᠣᠭᠠᠨ ᠤ ᠰᠢᠢᠳᠪᠦᠷᠢᠳᠣ ᠣᠷᠣᠯᠳᠣᠭᠠᠨ᠂ ᠠᠩᠬᠠᠳᠣᠭᠠᠷ ᠬᠤᠭᠤᠴᠠᠭᠠᠨ ᠤ ᠦᠪᠦᠷ | ᠮᠣᠩᠭᠤᠯ ᠤᠨ ᠣᠯᠠᠨ ᠣᠯᠣᠰ ᠤᠨ ᠠᠳᠣᠭᠤᠨ ᠰᠣᠶᠣᠯ ᠤᠨ ᠦᠵᠡᠰᠭᠦᠯᠡᠩ — ︽ᠳᠦᠷᠪᠡᠨ ᠣᠯᠠᠷᠢᠯ ᠤᠨ | ᠦᠵᠦᠮᠦᠴᠢᠨ︾ ᠠᠳᠣᠭᠤᠨ ᠰᠣᠶᠣᠯ ᠤᠨ ᠵᠢᠷᠣᠭᠯᠠᠨ ᠰᠡᠭᠦᠳᠡᠷᠯᠡᠬᠦ ᠠᠵᠢᠯᠯᠠᠭ᠎ᠠ ᠵᠡᠷᠭᠡ ᠲᠣᠮᠣ ᠬᠡᠯᠪᠡᠷᠢ ᠶᠢᠨ ᠰᠢᠷᠢᠰ | ᠠᠵᠢᠯᠯᠠᠭ᠎ᠠ ᠪᠠ ᠤᠯᠠᠭᠠᠨᠮᠥ᠋ᠴᠢᠷ ᠦᠨᠳᠦᠰᠦᠨ ᠱᠠᠲᠤᠨ ᠳᠤ ᠪᠠᠭᠤᠬᠤ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ | 300 ᠭᠠᠷᠤᠶ ᠲᠠᠯᠠᠪᠦᠷ ᠡᠷᠭᠢᠯᠡᠵᠦ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠨᠠᠩ ᠪᠠᠶᠠᠯᠢᠭᠵᠢᠭᠤᠯᠪᠠ᠃ | ᠵᠣᠭᠠᠴᠠᠯ᠂ ᠮᠥᠩᠭᠦᠨ ᠭᠦᠢᠯᠭᠡᠭᠡ᠂ ᠪᠣᠳᠠᠰ ᠤᠨ ᠭᠦᠢᠯᠭᠡᠭᠡ ᠵᠡᠷᠭᠡ ᠠᠵᠤ ᠦᠢᠯᠡᠰ ᠲᠣᠭᠲᠠᠭᠤᠨ ᠢᠶᠠᠷ ᠬᠥᠭᠵᠢᠵᠦ᠂ | ᠪᠥᠬᠦ ᠵᠢᠯ ᠳᠤ ᠵᠤᠭᠠᠴᠠᠭᠰᠠᠳ ᠢ 39 ᠲᠦᠮᠡᠨ ᠬᠥᠮᠦᠨ ︵ᠤᠳᠠᠭ᠎ᠠ︶ ᠬᠦᠯᠢᠶᠡᠨ ᠵᠣᠴᠢᠯᠠᠵᠣ᠂ 4.2 ᠳ᠋ᠦᠩᠰᠢᠭᠤᠷ | ᠲᠥᠭᠦᠷᠢᠭ ᠤᠨ ᠵᠣᠭᠠᠴᠠᠯ ᠤᠨ ᠣᠷᠣᠯᠭ᠎ᠠ ᠡᠭᠦᠳᠴᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ | ᠪᠠ ᠵᠢᠭᠡᠯᠡᠯᠭᠡ ᠲᠣᠰᠪᠦᠷᠢ 14.32% ᠪᠠ 17.51% ᠪᠠᠷ ᠨᠡᠮᠡᠭᠳᠡᠵᠦ᠂ ᠲᠦᠷᠭᠡᠨ ᠬᠦᠷᠭᠡᠯᠲᠡ ᠶᠢᠨ ᠬᠤᠷᠢᠶᠠᠬᠤ᠂ | ᠲᠠᠷᠬᠠᠭᠠᠬᠤ ᠬᠡᠮᠵᠢᠶ᠎ᠡ ᠲᠣᠰᠪᠦᠷᠢ 45.6% ᠪᠠ 161% ᠪᠠᠷ ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠭᠤᠣᠯᠳᠠᠯᠭ᠎ᠠ ᠲᠠᠢ ᠳᠠᠶᠢᠯᠠᠯᠳᠤᠭᠠᠨ ᠳᠤ ᠬᠦᠴᠦᠯᠡᠨ᠂ ᠭᠤᠷᠪᠠᠨ ᠶᠡᠭᠡ | ᠪᠣᠭᠤᠮᠳᠠ ᠰᠢᠪᠳᠣᠯᠬᠤ ᠲᠠᠶᠢᠯᠠᠯᠳᠣᠭᠠᠨ ᠤ ᠠᠬᠢᠴᠠ ᠶᠢ ᠲᠦᠷᠭᠡᠳᠭᠡᠪᠡ᠃ ︽1+8︾ ᠬᠦᠨᠳᠦ ᠶᠡᠭᠡ ᠠᠶᠤᠯ | ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠬᠦ ᠲᠣᠭᠲᠠᠴᠠ ᠶᠢ ᠴᠢᠩᠭ᠎ᠠ ᠨᠠᠶᠢᠳᠠᠪᠦᠷᠢᠵᠢᠭᠤᠯᠵᠣ᠂ ᠪᠦᠬᠦ ᠵᠢᠯ ᠳᠤ | ᠵᠠᠰᠠᠭ ᠤᠨ ᠣᠷᠳᠣᠨ ᠤ ᠥᠷᠢ ᠥᠭᠴᠡᠭᠡ ᠶᠢ 5.64 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠣᠨ ᠤ | ᠡᠭᠦᠷᠭᠡ ᠪᠠᠨ 143.14% ᠪᠠᠷ ᠪᠡᠶᠡᠯᠡᠭᠦᠯᠵᠦ᠂ ᠡᠭᠦᠨ ᠳᠤ ᠠᠷᠠᠳ ᠤᠨ ᠡᠵᠡᠩᠨᠡᠯᠳᠦ ᠠᠵᠤ ᠠᠬᠤᠶᠢᠯᠠᠯ ᠤᠨ | ᠦᠭᠴᠡᠭᠡ ᠶᠢ 5.42 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠣᠨ ᠤ ᠡᠭᠦᠷᠭᠡ ᠪᠠᠨ 103% ᠪᠠᠷ | ᠪᠡᠶᠡᠯᠡᠭᠦᠯᠵᠦ᠂ ᠠᠷᠠᠳ ᠤᠨ ᠡᠵᠡᠩᠨᠡᠯᠳᠦ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠥᠷᠢ | ᠥᠭᠴᠡᠭᠡ ᠶᠢ ᠰᠢᠢᠳᠪᠦᠷᠢᠯᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠵᠠᠰᠠᠭ ᠤᠨ ᠣᠷᠳᠣᠨ ᠤ ᠴᠢᠨᠠᠷᠲᠠᠢ ᠪᠡᠯᠡ | ᠣᠷᠣᠭᠤᠯᠤᠯᠲᠠ ᠪᠠᠷ ᠭᠤᠣᠯ ᠪᠣᠯᠭᠠᠭᠰᠠᠨ ᠲᠥᠷᠦᠯ ᠵᠦᠢᠯ ᠤᠨ ᠬᠢᠨᠠᠨ ᠲᠣᠭᠳᠠᠭᠠᠬᠤ ᠬᠠᠮᠢᠶᠠᠷᠤᠯᠲᠠ ᠶᠢ | ᠴᠢᠩᠭᠠᠳᠬᠠᠵᠤ᠂ 2893 ᠲᠦᠮᠡᠨ ᠲᠥᠭᠦᠷᠢᠭ ᠤᠨ ᠪᠡᠯᠡ ᠮᠥᠩᠭᠦ ᠶᠢ ᠬᠢᠨᠠᠨ ᠬᠠᠰᠤᠵᠤ᠂ ᠶᠡᠷᠦᠩᠬᠡᠢᠬᠢᠨᠠᠨ | ᠬᠠᠰᠤᠭᠰᠠᠨ ᠨᠣᠷᠮ᠎ᠠ 5.27% ᠳᠤ ᠬᠦᠷᠪᠡ᠃ ᠮᠠᠯᠵᠢᠬᠤ ᠣᠷᠣᠨ ᠤ ᠠᠷᠠᠳ ᠤᠨ ᠬᠤᠭᠤᠷᠣᠨᠳᠣᠬᠢ ᠵᠢᠭᠡᠯᠡᠯᠭᠡ ᠶᠢ | ᠲᠦᠷᠢᠮᠵᠢᠭᠦᠯᠦᠨ ᠴᠡᠭᠴᠡᠯᠡᠵᠣ᠂ ᠮᠠᠯᠵᠢᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠶᠢᠨ ᠡᠷᠦᠬᠡ ᠶᠢᠨ ᠲᠤᠭ᠎ᠠ | ᠪᠣᠯᠤᠨ ᠬᠡᠪᠴᠢᠶ᠎ᠡ ᠶᠢ ᠲᠣᠰᠪᠦᠷᠢ 91% ᠪᠠ 90% ᠪᠠᠷ ᠪᠠᠭᠤᠷᠠᠭᠤᠯᠪᠠ᠃ ᠶᠠᠳᠠᠭᠤ ᠠᠴᠠ ᠠᠩᠭᠢᠵᠢᠷᠠᠭᠤᠯᠬᠤ | ᠠᠵᠢᠯ ᠢ ᠪᠦᠬᠦ ᠲᠠᠯ᠎ᠠ ᠪᠠᠷ ᠴᠢᠨᠠᠷᠯᠢᠬᠵᠢᠭᠤᠯᠵᠣ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠲᠤᠰᠬᠠᠢ ᠲᠦᠷᠦᠯ ᠤᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠮᠵᠢ ᠶᠢᠨ | ᠬᠢᠨᠠᠨ ᠰᠢᠯᠭᠠᠯᠳᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ︽ | ᠠᠷᠪᠠᠨ ᠵᠦᠢᠯ ᠢ ᠪᠠᠷᠢᠮᠵᠢᠶᠠᠨ ᠳᠤ ᠬᠦᠷᠭᠡᠬᠦ︾ ᠡᠭᠦᠷᠭᠡ ᠶᠢ ᠪᠦᠬᠦᠨ ᠢ ᠪᠡᠶᠡᠯᠡᠭᠦᠯᠵᠦ᠂ ᠳᠠᠩᠰᠠ ᠪᠠᠶᠢᠭᠤᠯᠣᠭᠰᠠᠨ | 133 ᠡᠷᠦᠬᠡ ᠶᠢᠨ 448 ᠬᠥᠮᠦᠨ ᠤ ᠳᠤᠮᠳᠠᠴᠢ ᠣᠷᠣᠯᠭ᠎ᠠ ᠶᠢ 1500 ᠲᠥᠭᠦᠷᠢᠭ ᠨᠡᠮᠡᠭᠳᠡᠭᠦᠯᠪᠡ᠃ ᠭᠤᠸᠠᠩ | ᠱᠠ ᠴᠠᠬᠢᠯᠭᠠᠨ ᠬᠦᠴᠦᠨ ᠤ ᠬᠦᠬᠦᠷ ᠤᠨ ᠳᠠᠪᠬᠤᠷ ᠢᠰᠦᠯ᠂ ᠠᠽᠣᠲ ᠤᠨ ᠢᠰᠦᠮᠡᠭ ᠢ ᠪᠠᠷᠢᠮᠵᠢᠶ᠎ᠠ ᠳᠤ | ᠬᠦᠷᠦᠭᠦᠯᠦᠨ ᠭᠠᠳᠠᠭᠰᠢᠯᠠᠭᠤᠯᠵᠤ᠂ ᠠᠭᠠᠷ ᠤᠨ ᠪᠠᠷᠢᠮᠵᠢᠶᠠᠨ ᠳᠤ ᠬᠦᠷᠦᠭᠰᠡᠨ ᠡᠳᠦᠷ ᠤᠨ ᠨᠣᠷᠮ᠎ᠠ 98.4% ᠳᠤ | ᠬᠦᠷᠪᠡ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ᠪᠠ | ᠰᠢᠪᠳᠣᠷᠳᠣ ᠠᠽᠣᠲ ᠤᠨ ᠥᠳᠬᠡᠴᠡ ᠶᠢ ᠪᠠᠷᠢᠮᠵᠢᠶ᠎ᠠ ᠳᠤ ᠬᠦᠷᠭᠡᠵᠦ᠂ ᠭᠠᠵᠠᠷ ᠳᠣᠤᠷᠠᠬᠢ ᠲᠣᠰᠣ ᠬᠠᠳᠠᠭᠠᠯᠠᠬᠤ | ᠰᠠᠪᠠ ᠶᠢ ᠵᠠᠰᠠᠨ ᠰᠠᠶᠢᠵᠢᠷᠠᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠵᠦ᠂ ᠤᠯᠠᠭᠠᠶ ᠨᠤᠭᠤ ᠭᠠᠵᠠᠷ ᠤᠨ | ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠲᠣᠳᠣᠷᠠᠬᠢ 28 ᠠᠭᠤᠷᠬᠠᠶ ᠬᠠᠶᠢᠬᠤ ᠡᠷᠬᠡ ᠶᠢ ᠪᠦᠬᠦᠨ ᠢ ᠪᠤᠴᠠᠭᠠᠵᠣ᠂ | 2016 ᠣᠨ ᠠᠴᠠ ᠨᠠᠰᠢ ᠳᠡᠭᠡᠷ᠎ᠡ ᠭᠤᠷᠪᠠᠨ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠯᠲᠠ ᠠᠴᠠ ᠬᠠᠷᠢᠭᠤ ᠲᠤᠰᠬᠠᠭᠰᠠᠨ 67 ᠵᠦᠢᠯ ᠤᠨ ᠠᠰᠠᠭᠤᠳᠠᠯ ᠤᠨ 61 ᠵᠦᠢᠯ ᠢ ᠨᠢ ᠴᠡᠭᠴᠡᠯᠡᠨ | ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠣᠭᠰᠠᠨ ᠨᠣᠷᠮ᠎ᠠ 91% ᠳᠤ ᠬᠦᠷᠴᠦ᠂ ᠪᠣᠰᠣᠳ 6 ᠵᠦᠢᠯ ᠤᠨ | ᠴᠡᠭᠴᠡᠯᠡᠨ ᠰᠠᠶᠢᠵᠢᠷᠠᠭᠤᠯᠬᠤ ᠠᠵᠢᠯ ᠢ ᠢᠯᠡᠳᠲᠡ ᠠᠬᠢᠭᠤᠯᠵᠣ᠂ ᠨᠢᠭᠡ ᠪᠦᠯᠦᠭ ᠠᠷᠠᠳ ᠣᠯᠠᠨ ᠤ ᠲᠤᠰᠬᠠᠯ | ᠴᠢᠩᠭ᠎ᠠ ᠣᠷᠴᠢᠨ ᠲᠣᠭᠤᠷᠢᠨ ᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ | ᠨᠢᠭᠡ ᠵᠢᠯ ᠤᠨ ᠲᠤᠷᠰᠢ᠂ ᠪᠢᠳᠡ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ | ᠰᠠᠭᠤᠷᠢᠰᠢᠯ ᠤᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠬᠤᠲᠠ ᠪᠠᠯᠭᠠᠰᠤᠨ ᠤ ᠲᠠᠯ᠎ᠠ ᠪᠠᠷ᠃ ᠬᠤᠲᠠ | ᠪᠠᠯᠭᠠᠰᠣᠨ ᠤ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠳᠡᠰ ᠳᠡᠪᠰᠢᠭᠦᠯᠬᠦ ᠭᠤᠷᠪᠠᠨ ᠵᠢᠯ ᠤᠨ | ᠠᠵᠢᠯᠯᠠᠭ᠎ᠠ ᠶᠢ ᠢᠳᠡᠪᠬᠢᠳᠡᠢ ᠲᠦᠯᠬᠢᠨ ᠠᠬᠢᠭᠤᠯᠵᠤ᠂ ᠬᠤᠲᠠ ᠪᠠᠯᠭᠠᠰᠤ ᠶᠢᠨ ᠲᠠᠪᠣᠵᠢᠯᠳᠠ ᠶᠢ ᠲᠦᠷᠭᠡᠳᠭᠡᠵᠦ᠂ | ᠴᠡᠴᠡᠷᠯᠢᠭ ᠪᠠ ᠠᠭᠤᠳᠠᠮ ᠲᠠᠯᠠᠪᠠᠶ ᠶᠢ ᠰᠢᠨᠡᠳᠭᠡᠬᠦ᠂ ᠬᠠᠭᠤᠴᠢᠨ ᠰᠠᠭᠤᠭᠠᠯᠢ ᠲᠣᠭᠤᠷᠢᠭ ᠢ ᠵᠠᠰᠠᠨ ᠰᠢᠨᠡᠴᠢᠯᠡᠬᠦ᠂ | ᠲᠦᠬᠦᠮ ᠪᠦᠳᠦᠴᠡᠳᠣ ᠣᠷᠣᠨ ᠰᠠᠭᠤᠴᠠ ᠶᠢᠨ ᠦᠭᠡᠷᠡᠴᠢᠯᠡᠯᠳᠡ ᠵᠡᠷᠭᠡ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠴᠢᠨᠠᠷᠯᠢᠭ ᠬᠡᠷᠡᠭᠵᠢᠬᠦᠯᠵᠦ᠂ ᠪᠦᠬᠦ ᠵᠢᠯ ᠳᠤ 2.52 ᠲᠦᠮᠡᠨ ᠲᠡᠭᠰᠢ ᠳᠥᠷᠪᠡᠯᠵᠢᠨ ᠮᠧᠲᠷ ᠭᠠᠵᠠᠷ | ᠢ ᠨᠣᠭᠤᠭᠠᠷᠠᠭᠤᠯᠵᠣ᠂ 7.3 ᠲᠦᠮᠡᠨ ᠲᠡᠭᠰᠢ ᠳᠥᠷᠪᠡᠯᠵᠢᠨ ᠮᠧᠲᠷ ᠬᠤᠳᠠᠯᠳᠤᠭᠠᠨ ᠤ ᠪᠠ ᠣᠷᠣᠨ ᠰᠠᠭᠤᠴᠠ ᠶᠢᠨ | ᠠᠰᠠᠷ ᠪᠠᠶᠢᠭᠤᠯᠵᠣ᠂ 65 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠬᠤᠷᠢᠶᠠᠨ ᠬᠠᠳᠠᠭᠠᠯᠠᠵᠣ᠂ 14.84 | ᠲᠦᠮᠡᠨ ᠲᠡᠭᠰᠢ ᠳᠥᠷᠪᠡᠯᠵᠢᠨ ᠮᠧᠲᠷ ᠪᠦᠳᠦᠭᠡᠨ ᠪᠠᠶᠢᠭᠤᠯᠣᠯᠳᠠ ᠳᠤ ᠬᠡᠷᠡᠭᠯᠡᠬᠦ ᠭᠠᠵᠠᠷ ᠭᠠᠷᠭᠠᠵᠣ᠂ ᠭᠤᠣᠯ ᠵᠡᠭᠡᠯᠢ | ᠪᠠ ᠲᠦᠯᠦᠭᠡᠯᠡᠬᠦ ᠴᠢᠨᠠᠷᠲᠠᠶ ᠪᠠᠷᠢᠯᠭ᠎ᠠ ︽ᠭᠢᠯᠠᠯᠵᠠᠭᠰᠠᠨ ᠦᠵᠡᠮᠵᠢ︾ ᠲᠠᠢ ᠪᠣᠯᠵᠣ᠂ ᠬᠤᠳᠠ ᠶᠢᠨ ᠰᠠᠭᠤᠷᠢ | ᠪᠥᠲᠥᠭᠡᠨ ᠪᠠᠶᠢᠭᠤᠯᠤᠯᠲᠠ᠂ ᠴᠢᠨᠠᠷ ᠴᠢᠨᠰᠠᠭ᠎ᠠ ᠪᠠ ᠦᠢᠯᠡᠴᠢᠯᠡᠭᠡᠨ ᠤ ᠬᠢᠷᠢ ᠲᠦᠪᠰᠢᠨ ᠲᠠᠰᠤᠷᠠᠯᠲᠠ ᠥᠬᠡᠶ | ᠳᠡᠭᠡᠭᠰᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠪᠣᠳᠣᠭᠠᠷ | ᠬᠤᠭᠤᠴᠠᠭᠠᠨ ᠤ ᠦᠪᠡᠷᠳᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠢᠷᠠᠭᠤ ᠠᠯᠳᠠᠷ ᠢ ᠭᠦᠷᠳᠡᠭᠡᠪᠡ᠃ | ᠮᠠᠯᠵᠢᠬᠤ ᠣᠷᠣᠨ ᠤ ᠲᠠᠯ᠎ᠠ ᠪᠠᠷ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠢᠨᠠᠮᠠᠭᠠᠢ ᠬᠡᠷᠡᠭᠵᠢᠭᠦᠯᠵᠣ᠂ ᠰᠠᠭᠤᠷᠢ ᠲᠥᠬᠦᠭᠡᠷᠦᠮᠵᠢ ᠶᠢ ᠮᠠᠯᠵᠢᠬᠤ ᠣᠷᠣᠨ ᠲᠡᠰᠢ ᠭᠤᠣᠯᠳᠠᠭᠤᠯᠵᠣ᠂ ᠤᠯᠠᠨ | ᠨᠡᠶᠢᠲᠡ ᠶᠢᠨ ᠦᠢᠯᠡᠴᠢᠯᠡᠭᠡ ᠶᠢ ᠮᠠᠯᠵᠢᠬᠤ ᠣᠷᠣᠨ ᠲᠡᠰᠢ ᠪᠦᠷᠬᠦᠭᠦᠯᠵᠤ᠂ ᠮᠠᠯᠵᠢᠬᠤ ᠣᠷᠣᠨ ᠤ ᠤᠰᠤ᠂ ᠴᠠᠬᠢᠯᠭᠠᠨ᠂ | ᠵᠠᠮ ᠨᠡᠪᠳᠡᠷᠡᠭᠦᠯᠭᠡ᠂ ᠴᠢᠮᠡᠭᠡ ᠬᠤᠯᠪᠣᠭ᠎ᠠ ᠵᠡᠷᠭᠡ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠠᠰᠤᠷᠠᠯᠳᠠ | ᠦᠭᠡᠢ ᠲᠡᠭᠦᠯᠳᠡᠷᠵᠢᠭᠦᠯᠵᠦ᠂ ᠷᠠᠳᠢᠣ᠋ ᠲᠧᠯᠸᠢᠰ ᠲᠣᠣᠷ ᠰᠦᠯᠵᠢᠶ᠎ᠡ ᠶᠢᠨ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠡᠷᠦᠭᠡ ᠳᠤ ᠨᠡᠪᠳᠡᠷᠡᠭᠦᠯᠬᠦ ᠮᠡᠳᠡᠭᠡ ᠵᠠᠩᠭᠢᠵᠢᠯᠲᠠ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ | 2 ᠲᠦᠮᠡᠨ ᠲᠣᠨ ᠠᠮᠢᠳᠤ ᠪᠣᠳᠠᠰ ᠤᠨ ᠣᠷᠭᠠᠨᠢᠭ ᠪᠤᠷᠳᠤᠭᠤᠷ ᠦᠢᠯᠡᠳᠪᠦᠷᠢᠯᠡᠬᠦ ᠲᠦᠷᠦᠯ ᠵᠦᠢᠯ ᠢ ᠡᠬᠢᠯᠡᠨ | ᠬᠡᠷᠡᠭᠵᠢᠭᠦᠯᠵᠦ᠂ ᠨᠢᠰᠬᠡᠯ ᠤᠨ ᠪᠠᠭᠤᠳᠠᠯ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠴᠡᠷᠢᠭ ᠠᠩᠬᠢ | ᠪᠠ ᠣᠷᠣᠨ ᠨᠣᠳᠤᠭ ᠤᠨ ᠬᠡᠯᠡᠯᠴᠡᠭᠡᠷ ᠤᠨ ᠪᠢᠴᠢᠭ ᠨᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠵᠥᠪᠰᠢᠶᠡᠷᠡᠯ ᠢ ᠣᠯᠵᠤ᠂ 306 ᠨᠣᠮᠧᠷᠲᠤ ᠤᠯᠤᠰ ᠤᠨ ᠲᠡᠰ ᠤᠨ ᠵᠠᠰᠠᠮᠠᠯ ᠵᠠᠮ ᠤᠨ ᠤᠯᠢᠶᠠᠰᠤᠲᠠᠢ ᠠᠴᠠ ᠵᠡᠭᠦᠨ | ᠬᠠᠲᠠᠪᠴᠢ ᠬᠦᠷᠬᠦ ᠬᠡᠰᠡᠭ ᠤᠨ ᠳ᠋ᠠᠩ ᠱᠤᠭᠤᠮ ᠢᠶᠠᠷ ᠲᠡᠷᠭᠡ ᠨᠡᠪᠳᠡᠷᠡᠭᠦ ᠶᠢ ᠪᠡᠶᠡᠯᠡᠬᠦᠯᠵᠦ᠂ 331 ᠨᠣᠮᠧᠷᠲᠤ | ᠤᠯᠤᠰ ᠤᠨ ᠲᠡᠰ ᠤᠨ ᠵᠠᠰᠠᠮᠠᠯ ᠵᠠᠮ ᠤᠨ ᠤᠯᠢᠶᠠᠰᠤᠲᠠᠢ ᠠᠴᠠ ᠡᠵᠢᠨᠠᠭᠤᠷ ᠬᠦᠷᠬᠦ ᠬᠡᠰᠡᠭ ᠤᠨ ᠠᠵᠢᠯ ᠢ ᠡᠬᠢᠯᠡᠭᠦᠯᠵᠦ | ᠂ ᠣᠯᠢᠶᠠᠰᠣᠳᠠᠢ ᠠᠴᠠ ᠠᠷᠤ ᠨᠠᠭᠤᠷ ᠤᠨ ᠪᠦᠳᠦᠭᠦᠨ ᠬᠦᠷᠬᠦ ᠬᠡᠰᠡᠭ ᠬᠢᠨᠠᠨ ᠵᠦᠪᠰᠢᠶᠡᠷᠡᠭᠳᠡᠵᠣ᠂ ᠪᠣᠭᠳ᠋ᠬᠠᠭᠤᠯᠠ | ᠠᠴᠠ ᠠᠷᠣ ᠨᠠᠭᠤᠷ ᠤᠨ ᠪᠦᠳᠦᠭᠦᠨ ᠬᠦᠷᠬᠦ ᠬᠡᠰᠡᠭ ᠤᠨ ᠪᠦᠬᠦ ᠢᠨᠵᠧᠨᠧᠷᠢᠩ ᠤᠨ 70% ᠶᠢ ᠪᠡᠶᠡᠯᠡᠭᠦᠯᠵᠦ᠂ | ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠲᠠᠰᠤᠷᠠᠯᠳᠠ ᠦᠭᠡᠢ ᠰᠠᠶᠢᠵᠢᠷᠠᠵᠤ᠂ | ᠬᠥᠭᠵᠢᠯᠲᠡ ᠶᠢᠨ ᠣᠷᠴᠢᠨ ᠳᠤ ᠰᠢᠨ᠎ᠡ ᠲᠦᠷᠢ ᠪᠠᠶᠢᠳᠠᠯ ᠢᠯᠡᠷᠡᠵᠦ᠂ ᠪᠦᠬᠦ ᠤᠯᠤᠰ ᠤᠨ ᠬᠥᠳᠡᠭᠡ ᠲᠣᠰᠬᠤᠨ ᠤ | ᠵᠠᠰᠠᠯᠲᠠ ᠶᠢᠨ ᠲᠣᠭᠳᠠᠯᠴᠠᠭ᠎ᠠ ᠪᠠᠶᠢᠭᠤᠯᠬᠤ ᠠᠵᠢᠯ ᠤᠨ ᠠᠩᠬᠠᠳᠣᠭᠠᠷ ᠪᠦᠯᠦᠭ ᠲᠣᠷᠰᠢᠯᠳᠠ ᠶᠢᠨ ᠴᠢᠭ ᠢᠶᠠᠷ | ᠲᠣᠭᠳᠠᠭᠠᠭᠳᠠᠪᠠ᠃ ᠠᠮᠢ ᠠᠬᠤᠢ ᠶᠢᠨ ᠲᠠᠯ᠎ᠠ ᠪᠠᠷ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ | ᠮᠥᠩᠭᠦᠨ ᠠᠭᠤᠯᠠ ᠮᠥᠨ》ᠭᠡᠬᠦ ᠣᠬᠠᠭᠳᠠᠬᠤᠨ ᠢ ᠪᠠᠳᠣᠳᠠᠢ ᠦᠢᠯᠡᠳᠦᠯᠭᠡᠵᠢᠭᠦᠯᠵᠦ᠂ ᠨᠤᠲᠤᠭ ᠪᠡᠯᠴᠢᠭᠡᠷ ᠤᠨ ᠠᠮᠢ | ᠠᠬᠤᠢ ᠶᠢᠨ ᠨᠦᠬᠦᠪᠦᠷᠢ ᠱᠠᠩᠨᠠᠯ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠵᠡᠷᠭᠡ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠡᠯᠡᠰᠦᠷᠬᠡᠭ ᠭᠠᠵᠠᠷ ᠲᠤ ᠬᠤᠨᠢ ᠮᠠᠯᠵᠢᠬᠤ ᠶᠢ ᠴᠠᠭᠠᠵᠠᠯᠠᠬᠤ ᠶᠢ ᠴᠢᠨᠠᠷᠯᠢᠭ ᠬᠡᠷᠡᠭᠵᠢᠬᠦᠯᠵᠦ᠂ | ᠡᠯᠡᠰᠦᠨ ᠰᠣᠷᠪᠣᠯᠵᠢ ᠶᠢ ᠵᠠᠰᠠᠬᠤ᠂ ᠤᠯᠠᠭᠠᠶ ᠭᠤᠤᠯ ᠤᠨ ᠡᠬᠢ ᠪᠣᠭᠳ᠋ᠬᠠᠭᠤᠯᠠ ᠶᠢᠨ ᠣᠶᠢᠵᠢᠭᠤᠯᠣᠯᠳᠠ ᠶᠢᠨ | ᠬᠤᠶᠠᠳᠤᠭᠠᠷ ᠬᠤᠭᠤᠴᠠᠭ᠎ᠠ ᠪᠠ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠵᠡᠷᠭᠡ ᠢᠨᠵᠧᠨᠧᠷᠢᠩ ᠢ ᠴᠢᠨᠠᠷᠯᠢᠭ | ᠬᠡᠷᠡᠭᠵᠢᠭᠦᠯᠵᠤ᠂ ᠪᠦᠬᠦ ᠵᠢᠯ ᠳᠤ 1.97 ᠳ᠋ᠦᠩᠰᠢᠭᠤᠷ ᠲᠥᠭᠦᠷᠢᠭ ᠤᠨ ᠲᠠᠯ᠎ᠠ ᠨᠤᠲᠤᠭ ᠤᠨ ᠠᠮᠢ ᠠᠬᠤᠢ ᠶᠢᠨ | ᠨᠥᠬᠦᠪᠥᠷᠢ ᠱᠠᠩᠨᠠᠯ ᠤᠨ ᠮᠥᠩᠭᠦ ᠲᠠᠷᠬᠠᠭᠠᠵᠤ᠂ 53.9 ᠲᠦᠮᠡᠨ ᠮᠦ ᠡᠯᠡᠰᠦᠷᠬᠡᠭ ᠭᠠᠵᠠᠷ ᠢ ᠪᠢᠳᠡᠭᠦᠮᠵᠢᠯᠡᠨ | ᠬᠠᠮᠠᠭᠠᠯᠠᠵᠣ᠂ 6.55 ᠲᠦᠮᠡᠨ ᠮᠦ ᠭᠠᠵᠠᠷ ᠢ ᠣᠶᠢᠵᠢᠭᠤᠯᠵᠤ᠂ 1.04 ᠲᠦᠮᠡᠨ ᠮᠦ ᠠᠭᠤᠷᠬᠠᠢ ᠶᠢᠨ ᠣᠷᠴᠢᠨ | ᠲᠣᠭᠤᠷᠢᠨ ᠢ ᠵᠠᠰᠠᠵᠣ᠂ ᠡᠵᠢᠨᠠᠭᠤᠷ ᠳᠠᠪᠤᠰᠤᠨ ᠲᠠᠯᠠᠪᠠᠢ᠂ ᠰᠢᠯᠢᠨ ᠠᠭᠤᠷᠬᠠᠢ ᠶᠢᠨ ᠦᠢᠯᠡᠰ᠂ ᠷᠦᠩ ᠭᠤᠸᠠᠨ | ᠠᠭᠤᠷᠬᠠᠢ ᠶᠢᠨ ᠦᠢᠯᠡᠰ ᠵᠡᠷᠭᠡ ᠠᠵᠣ ᠠᠬᠤᠶᠢᠯᠠᠯ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢᠨ ᠠᠬᠤᠢ | ᠲᠠᠯᠠᠪᠠᠢ ᠶᠢᠨ ᠬᠢᠨᠠᠨ ᠲᠣᠭᠲᠠᠭᠠᠯᠲᠠ ᠶᠢ ᠦᠩᠭᠡᠷᠡᠭᠡᠪᠡ᠃ ᠭᠤᠤᠯ ︵ᠨᠠᠭᠤᠷ︶ ᠤᠨ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠭᠦᠨᠵᠡᠭᠡᠶ ᠬᠡᠷᠡᠭᠵᠢᠭᠦᠯᠵᠦ᠂ ᠭᠤᠤᠯ ︵ᠨᠠᠭᠤᠷ︶ ᠢ ᠪᠠᠶᠢᠩᠭᠤ ᠶᠢᠨ ᠴᠢᠨᠡᠷᠳᠡᠢ ᠲᠣᠭᠤᠷᠢᠨ ᠪᠠᠶᠢᠴᠠᠭᠠᠬᠤ | ᠪᠠ ︽ᠳᠥᠷᠪᠡᠨ ᠲᠣᠷᠠᠪᠡᠷ ᠢ ᠴᠡᠪᠡᠷᠯᠡᠬᠦ︾ ᠲᠤᠰᠬᠠᠶ ᠠᠵᠢᠯᠯᠠᠭ᠎ᠠ ᠶᠢ ᠥᠷᠨᠢᠭᠦᠯᠦᠨ᠂ ᠭᠤᠤᠯ ᠮᠥᠷᠡᠨ ᠨᠠᠭᠤᠷ | ᠴᠥᠭᠦᠷᠥᠮ ᠤᠨ ᠡᠷᠭᠢ ᠶᠢᠨ ᠬᠠᠮᠢᠶᠠᠷᠤᠯᠲᠠ ᠪᠠ ᠠᠰᠢᠭᠯᠠᠯᠲᠠ ᠶᠢᠨ ᠲᠥᠯᠥᠪᠵᠢᠭᠦᠯᠭᠡ ᠶᠢ ᠲᠣᠭᠳᠠᠭᠠᠨ᠂ ᠭᠤᠤᠯ | ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ | ᠲᠣᠭᠲᠠᠭᠠᠪᠡ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠨᠡᠭᠡᠭᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ | ᠴᠢᠨᠠᠷᠯᠢᠭ ᠬᠥᠭᠵᠢᠯᠲᠡ ᠶᠢᠨ ᠬᠥᠳᠡᠯᠭᠡᠬᠦ ᠬᠦᠴᠦᠨ ᠲᠠᠰᠤᠷᠠᠯᠲᠠ ᠦᠭᠡᠢ ᠴᠢᠩᠭᠠᠷᠠᠪᠠ᠃ ︽ᠲᠦᠷᠪᠡᠨ ᠠᠰᠢᠭᠲᠠᠢ︾ | ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾᠂ ᠮᠥᠩᠭᠦᠨ | ᠭᠦᠢᠯᠭᠡᠭᠡ᠂ ᠡᠳ᠋ ᠤᠨ ᠵᠠᠰᠠᠭ᠂ ᠭᠠᠶᠢᠯᠢ ᠲᠠᠳᠠᠪᠦᠷᠢ᠂ ᠮᠠᠯᠵᠢᠬᠤ ᠣᠷᠣᠨ ᠤ ᠬᠠᠮᠲᠤ ᠶᠢᠨ ᠦᠮᠴᠢᠯᠡᠯ ᠤᠨ ᠡᠷᠬᠡ ᠶᠢᠨ | ᠳᠦᠷᠢᠮ ᠵᠡᠷᠭᠡ ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 75 ᠲᠦᠷᠦᠯ ᠤᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠡᠭᠦᠳᠴᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ 1.2 | ᠳ᠋ᠦᠩᠰᠢᠭᠤᠷ ᠲᠥᠭᠦᠷᠢᠭ ᠤᠨ ᠭᠠᠶᠢᠯᠢ ᠬᠡᠯᠲᠦᠷᠢᠭᠦᠯᠪᠡ᠃ ᠥᠪᠡᠷᠲᠡᠭᠡᠨ ᠵᠠᠰᠠᠬᠤ ᠣᠷᠣᠨ ᠤ ︽ᠠᠷᠠᠳ ᠤᠨ | ᠡᠵᠡᠩᠨᠡᠯᠳᠣ ᠠᠵᠤ ᠠᠬᠤᠢ ᠶᠢᠨ ᠴᠢᠨᠠᠷᠯᠢᠭ ᠬᠦᠭᠵᠢᠬᠦ ᠶᠢ ᠲᠦᠯᠬᠢᠨ ᠠᠬᠢᠭᠤᠯᠬᠤ ᠲᠤᠬᠠᠢ ᠠᠯᠢ ᠣᠯᠠᠨ ᠠᠷᠭ᠎ᠠ | ᠬᠡᠮᠵᠢᠶ᠎ᠡ︾ ᠶᠢ ᠬᠢᠨᠠᠮᠠᠭᠠᠢ ᠲᠣᠣᠱᠯᠠᠭᠤᠯᠵᠤ᠂ ︽ᠵᠡᠭᠦᠨ ᠦᠵᠦᠮᠦᠴᠢᠨ ᠬᠤᠰᠢᠭᠤᠨ ᠤ ᠠᠵᠣ ᠦᠢᠯᠡᠳᠪᠦᠷᠢ ᠶᠢᠨ | ᠲᠣᠭᠤᠷᠢᠭ ᠤᠨ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠶᠢ ᠲᠡᠳᠭᠦᠵᠦ ᠱᠠᠩᠨᠠᠨ ᠭᠦᠬᠢᠭᠦᠯᠬᠦ ᠠᠷᠭ᠎ᠠ︾ ᠶᠢ | ᠲᠣᠭᠲᠠᠭᠠᠵᠤ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠨᠢᠭᠡ | ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠢᠨᠲ᠋ᠧᠷ ᠰᠦᠯᠵᠢᠶ᠎ᠡ + | ᠬᠢᠨᠠᠯᠲᠠ ᠬᠠᠮᠢᠶᠠᠷᠤᠯᠲᠠ᠂ ︽ᠡᠬᠦᠯᠡᠨ ᠪᠣᠳᠣᠯᠳᠠ ᠰᠢᠯᠢ ᠶᠢᠨ ᠭᠤᠣᠯ︾ ᠵᠡᠷᠭᠡ ᠲᠠᠪᠴᠡᠩ ᠤᠨ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ 180 ᠵᠦᠢᠯ ᠤᠨ ︽ᠲᠦᠷᠪᠡᠨ ᠬᠦᠢᠴᠡᠳᠭᠡᠬᠦ︾ ᠶᠢ | ᠨᠡᠶᠢᠭᠡᠮ ᠳᠤ ᠨᠡᠶᠢᠲᠡᠯᠡᠵᠦ᠂ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ 11.3 ᠲᠦᠮᠡᠨ ᠬᠤᠪᠢ | ᠬᠦᠯᠢᠶᠡᠨ ᠭᠦᠢᠴᠡᠳᠭᠡᠵᠦ᠂ ᠴᠠᠭ ᠲᠤᠬᠠᠢ ᠳᠤᠨᠢ ᠬᠦᠢᠴᠡᠳᠭᠡᠭᠰᠡᠨ ᠨᠣᠷᠮ᠎ᠠ ᠶᠢ 100% ᠳᠤ ᠬᠦᠷᠭᠡᠪᠠ᠃ | ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ | ᠴᠢᠭ ᠤᠨ ᠲᠣᠷᠰᠢᠯᠭ᠎ᠠ ᠶᠢ ᠪᠦᠬᠦ ᠲᠠᠯ᠎ᠠ ᠪᠠᠷ ᠳᠡᠯᠭᠡᠷᠡᠭᠦᠯᠵᠦ᠂ 70% ᠶᠢᠨ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠣᠷᠣᠯᠭ᠎ᠠ ᠶᠢ 10 ᠲᠦᠮᠡᠨ ᠲᠥᠭᠦᠷᠢᠭ ᠠᠴᠠ ᠳᠠᠪᠠᠭᠤᠯᠪᠠ᠃ ︽ᠭᠤᠷᠪᠠ ᠶᠢ ᠬᠠᠷᠢᠯᠴᠠᠨ ᠰᠣᠯᠢᠯᠴᠠᠬᠤ | ︾ ᠪᠣᠭᠤᠮᠲᠠ ᠪᠠᠷ ᠨᠡᠪᠲᠡᠷᠡᠬᠦ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠵᠦ᠂ ᠬᠢᠯᠢ ᠶᠢᠨ ᠪᠣᠭᠤᠮᠲᠠ ᠶᠢᠨ ᠠᠵᠤ | ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ 9 ᠲᠥᠷᠥᠯ ᠵᠦᠢᠯ ᠢ ᠴᠡᠪᠡᠷᠯᠡᠵᠦ᠂ ᠣᠯᠠᠨ ᠤᠯᠤᠰ ᠤᠨ | ᠠᠷᠠᠯᠵᠢᠶᠠᠨ ᠤ ︽ᠨᠢᠭᠡᠯᠡ ᠴᠣᠩᠬᠤ ᠶᠢᠨ ᠦᠢᠯᠡᠴᠢᠯᠡᠭᠡ︾ ᠬᠡᠷᠡᠭᠯᠡᠬᠦ ᠨᠣᠷᠮ᠎ᠠ ᠶᠢ 100% ᠳᠤ ᠬᠦᠷᠭᠡᠵᠦ᠂ | ᠪᠣᠭᠤᠮᠲᠠ ᠳᠤ ᠮᠡᠳᠡᠭᠦᠯᠬᠦ ᠬᠠᠭᠤᠳᠠᠰᠤ ᠶᠢᠨ ᠬᠡᠮᠵᠢᠶ᠎ᠡ ᠠᠩᠬ᠎ᠠ ᠤᠳᠠᠭ᠎ᠠ ᠲᠦᠮᠡ ᠶᠢ ᠳᠠᠪᠠᠵᠤ᠂ ᠪᠥᠬᠦ ᠵᠢᠯ ᠳᠤ | ᠪᠣᠭᠤᠮᠲᠠ ᠪᠠᠷ ᠦᠩᠭᠡᠷᠡᠬᠦ ᠪᠠᠷᠠᠭᠠᠨ ᠤ ᠬᠡᠮᠵᠢᠶ᠎ᠡ 152 ᠲᠦᠮᠡᠨ ᠲᠣᠨ ᠳᠤ ᠬᠦᠷᠪᠡ᠃ ᠥᠪᠡᠷᠲᠡᠭᠡᠨ ᠵᠠᠰᠠᠬᠤ | ᠣᠷᠣᠨ ᠤ ᠲᠡᠰ ᠤᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠪᠠ ᠪᠣᠭᠤᠮᠲᠠ ᠶᠢᠨ | ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ︽ᠬᠢᠯᠢ ᠶᠢᠨ ᠴᠣᠩᠬᠤᠪᠴᠢ︾ ᠶᠢᠨ ᠪᠦᠳᠦᠭᠡᠨ ᠪᠠᠶᠢᠭᠤᠯᠣᠯᠳᠠ ᠶᠢᠨ ᠢᠨᠵᠧᠨᠧᠷᠢᠩ ᠢ ᠡᠬᠢᠯᠡᠨ | ᠬᠡᠷᠡᠭᠵᠢᠬᠦᠯᠵᠦ᠂ ᠪᠠᠭ᠎ᠠ ᠮᠠᠰᠢᠨ ᠢ ᠪᠠᠶᠢᠴᠠᠭᠠᠬᠤ ᠰᠢᠰᠲ᠋ᠧᠮ ᠤᠨ ᠢᠵᠢ ᠲᠦᠭᠦᠭᠡᠷᠦᠮᠵᠢ᠂ ᠪᠠᠷᠠᠭ᠎ᠠ ᠶᠢᠨ | ᠲᠡᠭᠡᠭᠡᠪᠦᠷᠢ ᠶᠢᠨ ᠵᠠᠮ ᠪᠠ ᠬᠦᠷᠢᠶ᠎ᠡ ᠲᠣᠭᠤᠷᠢᠭ ᠢ ᠬᠠᠲᠠᠭᠤᠷᠠᠭᠤᠯᠬᠤ ᠵᠡᠷᠭᠡ ᠲᠥᠷᠥᠯ ᠵᠦᠢᠯ ᠢ ᠪᠠᠶᠢᠭᠤᠯᠵᠣ | ᠳᠠᠭᠤᠰᠬᠠᠪᠠ᠃ ᠵᠡᠭᠦᠨ ᠬᠠᠲᠠᠪᠴᠢ ᠪᠣᠭᠤᠮᠲᠠ ᠶᠢᠨ ᠠᠩᠬᠠᠳᠤᠭᠠᠷ ᠬᠤᠭᠤᠴᠠᠭᠠᠨ ᠤ ᠬᠢᠯᠢ ᠶᠢᠨ ᠠᠷᠠᠳ ᠤᠨ ᠵᠠᠬ᠎ᠠ | ᠶᠢᠨ ᠠᠷᠠᠯᠵᠢᠶᠠᠨ ᠤ ᠴᠤᠭᠯᠠᠭᠠᠨ ᠪᠣᠯᠤᠨ ᠳᠤᠮᠳᠠᠳᠤ ᠮᠣᠩᠭᠤᠯ ᠤᠨ ᠦᠵᠡᠰᠬᠦᠯᠡᠩ ᠢ ᠠᠮᠵᠢᠯᠲᠠ ᠲᠠᠢ ᠡᠷᠬᠢᠯᠡᠵᠦ᠂ | ᠬᠤᠶᠠᠷ ᠲᠠᠯ᠎ᠠ ᠶᠢᠨ ᠠᠷᠠᠯᠵᠢᠶ᠎ᠠ ᠶᠠᠪᠤᠯᠴᠠᠭ᠎ᠠ ᠡᠳᠦᠷ ᠢᠷᠡᠬᠦᠶ᠎ᠡ ᠣᠯᠠᠰᠢᠷᠠᠪᠠ᠃ ︽ᠨᠢᠭᠡ ᠪᠦᠰᠡ ᠨᠢᠭᠡ ᠵᠠᠮ · | ᠭᠡᠷᠡᠯᠳᠣ ᠠᠶᠠᠯᠠᠯ︾ ᠤᠨ ᠮᠣᠩᠭᠤᠯ ᠤᠯᠤᠰ ᠤᠨ ᠠᠵᠢᠯᠯᠠᠭ᠎ᠠ ᠶᠢ ᠥᠷᠨᠢᠭᠦᠯᠵᠦ᠂ ᠰᠦᠬᠡᠪᠠᠭᠠᠲᠤᠷ ᠠᠶᠢᠮᠠᠭ ᠤᠨ 38 | ᠴᠠᠭᠠᠨ ᠬᠠᠷᠠᠩ ᠡᠪᠡᠳᠴᠢᠲᠡᠨ ᠳᠤ ᠮᠡᠰᠡ ᠵᠠᠰᠠᠯ ᠬᠢᠵᠦ᠂ ᠳᠤᠮᠳᠠᠳᠤ ᠮᠣᠩᠭᠤᠯ ᠤᠨ ᠣᠯᠠᠨ ᠬᠦᠷᠢᠶᠡᠨ ᠳᠠᠬᠢ | ᠰᠣᠯᠢᠯᠴᠠᠭ᠎ᠠ ᠬᠠᠮᠲᠤᠷᠠᠯᠴᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠪᠡ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ | ᠰᠠᠬᠢᠵᠤ᠂ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠲᠠᠰᠤᠷᠠᠯᠲᠠ ᠦᠭᠡᠢ ᠳᠡᠭᠡᠭᠰᠢᠯᠡᠪᠡ᠃ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠳᠡ ᠶᠢ ᠪᠠᠷᠢᠮᠲᠠᠯᠠᠨ᠂ ᠪᠦᠬᠦ ᠵᠢᠯ ᠤᠨ ᠡᠳ᠋ ᠤᠨ ᠵᠠᠰᠠᠭ | ᠠᠴᠠ ᠠᠷᠠᠳ ᠤᠨ ᠠᠮᠢᠳᠤᠷᠠᠯ ᠳᠤ ᠵᠠᠷᠣᠴᠠᠭᠤᠯᠣᠭᠰᠠᠨ ᠵᠠᠷᠤᠯᠭ᠎ᠠ 9.32 ᠳ᠋ᠦᠩᠰᠢᠭᠤᠷ ᠲᠥᠭᠦᠷᠢᠭ ᠲᠤ ᠬᠦᠷᠴᠦ᠂ | ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠣᠯᠭ᠎ᠠ ᠶᠢᠨ 57.5% ᠶᠢ ᠡᠵᠡᠯᠡᠪᠡ᠃ ᠨᠢᠭᠡ ᠪᠦᠯᠦᠭ ᠠᠷᠠᠳ | ᠲᠦᠮᠡᠨ ᠤ ᠠᠩᠬᠠᠷᠣᠯ ᠲᠠᠯᠪᠢᠵᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠪᠦᠲᠦᠮᠵᠢᠲᠡᠢ | ᠰᠢᠢᠳᠪᠦᠷᠢᠯᠡᠭᠳᠡᠪᠡ᠃ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠃ ᠠᠵᠢᠯ ᠣᠯᠭᠤᠯᠲᠠ ᠶᠢ ᠪᠦᠬᠦ ᠬᠦᠴᠦᠨ ᠢᠶᠠᠷ | ᠲᠣᠭᠲᠠᠭᠤᠨ ᠠᠬᠢᠭᠤᠯᠵᠤ᠂ ᠬᠤᠲᠠ ᠪᠠᠯᠭᠠᠰᠤᠨ ᠤ 903 ᠬᠥᠮᠦᠨ ᠳᠤ ᠰᠢᠨ᠎ᠡ ᠪᠠᠷ ᠠᠵᠢᠯ ᠣᠯᠭᠤᠨ᠂ ᠬᠤᠲᠠ | ᠪᠠᠯᠭᠠᠰᠤᠨ ᠤ ᠠᠵᠢᠯ ᠠᠯᠳᠠᠯᠳᠠ ᠶᠢᠨ ᠨᠣᠷᠮ᠎ᠠ ᠶᠢ 3.4% ᠶᠢᠨ ᠳᠣᠲᠣᠷ᠎ᠠ ᠬᠢᠵᠠᠭᠠᠷᠯᠠᠵᠤ᠂ 2500 ᠮᠠᠯᠴᠢᠳ ᠢ | ᠰᠢᠯᠵᠢᠭᠦᠯᠦᠨ ᠠᠵᠢᠯ ᠣᠯᠭᠤᠪᠠ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ 3. | 9 ᠲᠦᠮᠡ ᠳᠤ ᠬᠦᠷᠴᠦ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠬᠥᠮᠦᠰ ᠤᠨ ᠨᠠᠰᠤᠵᠢᠯ ᠤᠨ | ᠠᠰᠠᠷᠠᠮᠵᠢ ᠶᠢᠨ ᠮᠥᠩᠭᠦ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠲᠣᠰᠪᠦᠷᠢ ᠰᠠᠷ᠎ᠠ ᠳᠤ 2538 ᠲᠥᠭᠦᠷᠢᠭ ᠪᠠ 410 ᠲᠥᠭᠦᠷᠢᠭ ᠲᠤ ᠬᠦᠷᠭᠡᠵᠦ᠂ ᠪᠦᠬᠦ ᠵᠢᠯ ᠳᠤ | ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠨᠥᠬᠦᠪᠥᠷᠢ ᠶᠢᠨ ᠮᠥᠩᠭᠦ ᠶᠢ 1878 ᠲᠦᠮᠡᠨ ᠲᠥᠭᠦᠷᠢᠭ | ᠲᠠᠷᠬᠠᠭᠠᠵᠤ᠂ 5000 ᠭᠠᠷᠤᠶ ᠬᠦᠮᠦᠰ ᠲᠤ ᠠᠰᠢᠭ ᠬᠦᠷᠲᠡᠭᠡᠪᠡ᠃ ᠨᠡᠶᠢᠭᠡᠮ ᠤᠨ ᠦᠢᠯᠡᠰ ᠤᠨ ᠲᠠᠯ᠎ᠠ ᠪᠠᠷ᠃ 5 | ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠣᠷᠭᠠᠯᠳᠠ ᠶᠢᠨ ᠠᠰᠠᠷ᠂ ᠬᠤᠭᠤᠯᠠᠨ ᠭᠡᠷ ᠵᠡᠷᠭᠡ ᠰᠠᠭᠤᠷᠢ | ᠲᠦᠭᠦᠭᠡᠷᠦᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠳᠤ 39 ᠪᠠᠭᠰᠢ | ᠨᠡᠮᠡᠭᠳᠡᠭᠦᠯᠵᠦ᠂ ᠠᠩᠬ᠎ᠠ ᠳᠤᠮᠳᠠᠳᠤ ᠶᠢᠨ ᠲᠡᠭᠦᠰᠬᠦ ᠰᠢᠯᠭᠠᠯᠳᠠ ᠶᠢᠨ ᠨᠡᠷᠡᠲᠦ ᠰᠤᠷᠭᠠᠭᠤᠯᠢ ᠳᠤ ᠡᠯᠰᠡᠭᠳᠡᠬᠦ ᠨᠣᠷᠮ᠎ᠠ | ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠣᠯᠣᠰ ᠤᠨ ᠰᠢᠯᠭᠠᠯᠲᠠ ᠳᠤ ᠳᠠᠪᠰᠢᠭᠰᠠᠨ ᠨᠣᠷᠮ᠎ᠠ 100% ᠳᠤ | ᠬᠦᠷᠪᠡ᠃ 2 ᠪᠠᠯᠭᠠᠰᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ 1 ᠰᠤᠮᠤ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠢᠨᠵᠧᠨᠧᠷᠢᠩ ᠤᠨ | ᠪᠦᠲᠦᠭᠡᠨ ᠪᠠᠶᠢᠭᠤᠯᠣᠯᠳᠠ ᠶᠢ ᠪᠡᠶᠡᠯᠡᠭᠦᠯᠵᠦ᠂ ︽ᠠᠶᠠᠨ︾ ᠮᠠᠯᠵᠢᠬᠤ ᠣᠷᠣᠨ ᠤ ᠨᠠᠰᠣᠳᠠᠶᠢᠴᠣᠳ ᠢ ᠠᠰᠠᠷᠠᠬᠤ | ᠬᠦᠷᠢᠶᠡᠯᠡᠩ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠤᠷᠤᠭᠰᠢᠲᠠᠢ ᠬᠡᠷᠡᠭᠵᠢᠭᠦᠯᠵᠦ᠂ ᠡᠮ ᠡᠮᠨᠡᠯᠭᠡ᠂ | ᠨᠠᠰᠣᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠪᠡ᠃ 4 ᠵᠤᠷᠪᠤᠰ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠪᠠ 1 ᠵᠤᠷᠪᠤᠰ ᠤᠯᠢᠶᠠᠰᠤᠲᠠᠢ ᠪᠠᠯᠭᠠᠰᠣᠨ ᠠᠴᠠ ᠬᠠᠳᠠᠪᠴᠢ | ᠪᠣᠭᠤᠮᠲᠠ ᠬᠦᠷᠬᠦ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠨᠡᠪᠲᠡᠷᠡᠭᠦᠯᠵᠦ᠂ ᠣᠯᠠᠨ ᠲᠦᠮᠡᠨ ᠤ ᠶᠠᠪᠤᠵᠤ | ᠰᠠᠭᠤᠬᠤ ᠳᠤ ᠨᠠᠩ ᠳᠥᠭᠦᠮ ᠳᠥᠲᠡ ᠨᠦᠬᠦᠴᠡᠯ ᠡᠭᠦᠳᠪᠡ᠃ ᠴᠡᠷᠢᠭ ᠢᠶᠠᠨ ᠬᠦᠷᠢᠶᠡᠯᠡᠵᠦ ᠠᠰᠠᠷᠠᠨ ᠬᠠᠷᠠᠭᠠᠯᠵᠠᠬᠤ | ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ | ᠰᠢᠯᠵᠢᠭᠰᠡᠨ ᠠᠬᠠᠯᠠᠭᠴᠢ 187 ᠬᠥᠮᠦᠨ ᠢ ᠲᠦᠪᠬᠢᠨᠡᠭᠦᠯᠬᠦ ᠪᠠ ᠬᠦᠯᠢᠶᠡᠨ ᠠᠪᠴᠤ᠂ ᠬᠠᠷᠠᠭᠠᠯᠵᠠᠯ ᠤᠨ ᠮᠥᠩᠭᠦ᠂ | ᠣᠷᠣᠨ ᠨᠤᠲᠤᠭ ᠤᠨ ᠠᠵᠤ ᠠᠬᠤᠢ ᠶᠢᠨ ᠨᠥᠬᠦᠪᠥᠷᠢ ᠮᠥᠩᠭᠦ 601 ᠲᠦᠮᠡᠨ ᠲᠥᠭᠦᠷᠢᠭ ᠲᠠᠷᠬᠠᠭᠠᠪᠠ᠃ | ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠳᠡᠭᠡᠭᠰᠢᠯᠡᠵᠦ᠂ | ᠡᠮᠡᠭᠲᠡᠶᠢᠴᠦᠳ ᠬᠡᠤᠬᠡᠳ᠂ ᠷᠠᠳᠢᠣ᠋ ᠲᠧᠯᠸᠢᠰ᠂ ᠲᠠᠩᠰᠠ ᠡᠪᠬᠡᠮᠡᠯ᠂ ᠨᠠᠮ ᠤᠨ ᠲᠡᠤᠬᠡ ᠣᠷᠣᠨ ᠨᠣᠳᠤᠭ ᠤᠨ | ᠣᠶᠢᠯᠠᠯᠭ᠎ᠠ᠂ ᠤᠯᠠᠭᠠᠨ ᠵᠠᠭᠠᠯᠮᠠᠶᠢᠳᠠᠨ ᠵᠡᠷᠭᠡ ᠡᠯ᠎ᠡ ᠲᠦᠷᠦᠯ ᠤᠨ ᠠᠵᠢᠯ ᠦᠢᠯᠡᠰ ᠪᠦᠬᠦ ᠲᠠᠯ᠎ᠠ ᠪᠠᠷ ᠲᠠᠪᠰᠢᠪᠠ᠃ | ᠨᠡᠶᠢᠭᠡᠮ ᠤᠨ ᠵᠠᠰᠠᠯᠲᠠ ᠶᠢᠨ ᠲᠠᠯ᠎ᠠ ᠪᠠᠷ᠃ ︽ᠠᠮᠤᠷ ᠲᠣᠭᠳᠠᠭᠤᠨ ᠵᠡᠭᠦᠨ ᠦᠵᠦᠮᠦᠴᠢᠨ︾᠂ ︽ᠬᠠᠤᠯᠢ | ᠲᠦᠷᠢᠮᠵᠢᠭᠰᠡᠨ ᠵᠡᠭᠦᠨ ᠦᠵᠦᠮᠦᠴᠢᠨ︾ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠶᠡᠷᠦᠩᠬᠡᠶᠢᠯᠡᠨ | ᠵᠠᠰᠠᠬᠤ ᠦᠷᠳᠡᠭᠡ︾ ᠪᠠ ︽ᠳᠥᠷᠪᠡᠨ ᠰᠠᠯᠪᠦᠷᠢ ᠦᠷᠳᠡᠭᠡ ᠬᠤᠯᠪᠣᠭᠠᠯᠠᠨ ᠡᠶᠡᠳᠡᠭᠦᠯᠬᠦ︾ ᠵᠥᠷᠢᠴᠡᠯ ᠢ ᠡᠶᠡᠳᠡᠭᠦᠯᠬᠦ | ᠲᠣᠭᠲᠠᠴᠠ ᠶᠢ ᠪᠠᠶᠢᠭᠤᠯᠵᠤ᠂ ᠪᠦᠬᠦ ᠵᠢᠯ ᠳᠤ ᠵᠠᠬᠢᠳᠠᠯ ᠰᠣᠷᠪᠣᠯᠵᠢᠯᠠᠭ᠎ᠠ ᠶᠢ 188 ᠤᠳᠠᠭ᠎ᠠ ᠡᠶᠡᠳᠡᠭᠦᠯᠵᠦ᠂ | ᠣᠯᠠᠨ ᠲᠦᠮᠡᠨ ᠤ ᠵᠠᠬᠢᠳᠠᠯ ᠢᠷᠡᠭᠦᠯᠦᠭᠰᠡᠨ ᠪᠡ ᠰᠤᠷᠪᠤᠯᠵᠢᠯᠠᠭ᠎ᠠ ᠬᠢᠭᠰᠡᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 7% ᠪᠠ 35% ᠪᠠᠷ ᠪᠠᠭᠤᠷᠠᠵᠤ᠂ ᠪᠡᠭᠡᠵᠢᠩ ᠂ ᠬᠦᠬᠡᠬᠤᠳᠠ ᠳᠤ ᠬᠦᠷᠴᠦ ᠵᠠᠬᠢᠳᠠᠯ | ᠰᠣᠷᠪᠣᠯᠵᠢᠯᠠᠭ᠎ᠠ ᠬᠢᠬᠦ ᠨᠣᠷᠮ᠎ᠠ ᠲᠣᠰᠪᠦᠷᠢ 74% ᠪᠠ 38% ᠪᠠᠷ ᠪᠠᠭᠤᠷᠠᠵᠤ᠂ ᠦᠨᠳᠦᠰᠦᠨ ᠱᠠᠲᠤᠨ ᠤ | ᠵᠥᠷᠢᠴᠡᠯ ᠢ ᠨᠠᠮᠳᠠᠭᠤᠯᠬᠤ ᠨᠣᠷᠮ᠎ᠠ 97% ᠳᠤ ᠬᠦᠷᠪᠡ᠃ ︽ᠬᠤᠶᠠᠷ ᠪᠡᠯᠡ ᠮᠦᠩᠬᠦ ᠭᠤᠷᠪᠠᠨ ᠳᠦᠷᠢᠮ︾ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠬᠦᠯᠦᠰᠦᠨ ᠠᠵᠢᠯᠳᠠᠳ ᠲᠤ ᠴᠠᠯᠢᠩ ᠦᠷᠢᠳᠦᠬᠦ ᠠᠰᠠᠭᠤᠳᠠᠯ ᠢ | ᠰᠢᠢᠳᠪᠦᠷᠢᠯᠡᠵᠦ᠂ 73 ᠲᠦᠮᠡᠨ ᠲᠦᠭᠦᠷᠢᠭ ᠤᠨ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠨᠡᠬᠡᠮᠵᠢᠯᠡᠨ | ᠰᠢᠢᠳᠪᠦᠷᠢᠯᠡᠪᠡ᠃ ᠮᠠᠯᠵᠢᠬᠤ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠤᠨ ᠬᠤᠬᠢᠷᠠᠯ ᠢ ᠪᠠᠭᠠᠰᠬᠠᠬᠤ ᠠᠵᠢᠯ ᠢ | ᠴᠢᠩᠭ᠎ᠠ ᠠᠳᠬᠤᠵᠤ᠂ ᠨᠤᠲᠤᠭ ᠪᠡᠯᠴᠢᠭᠡᠷ ᠤᠨ ᠭᠠᠯ ᠤᠨ ᠠᠶᠤᠯ ᠢ ᠲᠤᠰ ᠡᠳᠦᠷ ᠲᠤᠨᠢ ᠣᠨᠳᠠᠷᠠᠭᠠᠬᠤ ᠨᠣᠷᠮ᠎ᠠ ᠪᠠ | ᠠᠮᠢᠳᠠᠨ ᠤ ᠬᠢᠵᠢᠭ ᠰᠡᠷᠭᠡᠶᠢᠯᠡᠬᠦ ᠲᠠᠷᠢᠯᠭ᠎ᠠ ᠶᠢᠨ ᠨᠢᠭᠲᠠᠴᠠ ᠶᠢ ᠪᠦᠷ 100% ᠳᠤ ᠬᠦᠷᠭᠡᠪᠡ᠃ ᠠᠭᠤᠷᠬᠠᠶ᠂ | ᠠᠶᠤᠯᠲᠠᠶ ᠬᠢᠮᠢ ᠶᠢᠨ ᠪᠣᠳᠠᠰ ᠵᠡᠷᠭᠡ ᠭᠤᠤᠯᠳᠠᠯᠭ᠎ᠠ ᠲᠠᠢ ᠭᠦᠷᠢᠶ᠎ᠡ ᠬᠡᠪᠴᠢᠶᠡᠨ ᠤ ᠠᠶᠤᠯᠭᠦᠶ ᠦᠢᠯᠡᠳᠪᠦᠷᠢᠯᠡᠯ ᠤᠨ | ᠬᠢᠨᠠᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠭᠡᠨ ᠣᠮᠳᠠᠭᠠᠨ ᠡᠮ ᠤᠨ ᠵᠦᠢᠯ᠂ ᠭᠠᠯ | ᠣᠨᠳᠠᠷᠠᠭᠠᠬᠤ᠂ ᠵᠠᠮ ᠬᠠᠷᠢᠯᠴᠠᠭ᠎ᠠ ᠵᠡᠷᠭᠡ ᠬᠦᠷᠢᠶᠡᠨ ᠤ ᠠᠶᠣᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠦᠷᠢ ᠶᠢ | ᠳᠡᠭᠡᠭᠰᠢᠯᠡᠭᠦᠯᠵᠦ᠂ ᠳᠡᠭᠡᠷ᠎ᠡ ᠱᠠᠲᠤᠨ ᠠᠴᠠ ᠬᠠᠷᠢᠭᠤ ᠲᠤᠰᠬᠠᠭᠰᠠᠨ 135 ᠵᠦᠢᠯ ᠤᠨ ᠠᠶᠤᠯᠭᠦᠶ | ᠦᠢᠯᠡᠳᠪᠦᠷᠢᠯᠡᠯ ᠤᠨ ᠱᠠᠭᠠᠷᠳᠠᠨ ᠪᠠᠶᠢᠴᠠᠭᠠᠯᠲᠠ ᠶᠢᠨ ᠠᠰᠠᠭᠤᠳᠠᠯ ᠢ ᠪᠦᠬᠦᠨ ᠢ ᠴᠡᠭᠴᠡᠯᠡᠨ ᠳᠠᠭᠤᠰᠬᠠᠪᠠ᠃ ︽ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠢ ᠭᠦᠨᠵᠡᠭᠡᠢ ᠥᠷᠨᠢᠭᠦᠯᠵᠦ᠂ ᠪᠦᠬᠦ | ᠵᠢᠯ ᠳᠤ 5 ᠬᠡᠷᠡᠭ ᠤᠨ 33 ᠬᠥᠮᠦᠨ ᠢ ᠰᠢᠭᠦᠨ ᠰᠢᠢᠳᠪᠦᠷᠢᠯᠡᠵᠦ᠂ ᠪᠦᠯᠦᠭᠯᠡᠯ ᠤᠨ ᠨᠦᠯᠦᠭᠡ ᠶᠡᠭᠡᠳᠡᠢ 1 ᠬᠡᠷᠡᠭ | ᠤᠨ 11 ᠬᠥᠮᠦᠨ᠂ ᠬᠠᠷᠭᠢᠰ ᠬᠦᠴᠦᠨ ᠤ ᠶᠠᠯ᠎ᠠ ᠬᠢᠭᠰᠡᠨ ᠪᠦᠯᠦᠭᠯᠡᠯ ᠤᠨ 1 ᠬᠡᠷᠡᠭ ᠤᠨ 7 ᠬᠥᠮᠦᠨ ᠢ | ᠪᠠᠷᠢᠪᠴᠢᠯᠠᠵᠣ᠂ ︽ᠬᠠᠮᠠᠭᠠᠯᠠᠭᠴᠢ ᠰᠢᠭᠦᠷ︾ ᠤᠨ 3 ᠬᠡᠷᠡᠭ ᠤᠨ 3 ᠬᠥᠮᠦᠨ ᠢ ᠪᠠᠶᠢᠴᠠᠭᠠᠨ ᠢᠯᠡᠷᠡᠭᠦᠯᠵᠦ᠂ ᠪᠦᠬᠦ | ᠬᠤᠰᠢᠭᠤᠨ ᠤ ᠨᠡᠶᠢᠭᠡᠮ ᠤᠨ ᠡᠶ᠎ᠡ ᠵᠣᠬᠢᠴᠠᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠦᠷᠭᠦᠯᠵᠢᠯᠡᠨ | ᠪᠠᠬᠢᠵᠢᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ | ᠡᠵᠡᠮᠳᠡᠬᠦ ᠳᠤ ᠳᠡᠭᠡᠷ᠎ᠡ ᠭᠤᠷᠪᠠᠨ ᠱᠠᠲᠤᠨ ᠤ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ | ᠲᠠᠯ᠎ᠠ ᠪᠠᠷ ᠲᠣᠣᠱᠯᠠᠭᠤᠯᠵᠣ᠂ ᠬᠤᠲᠠ ᠬᠥᠳᠡᠭᠡ ᠶᠢᠨ ᠭᠤᠣᠯᠳᠠᠯᠭ᠎ᠠ ᠲᠠᠢ ᠣᠷᠣᠨ ᠪᠦᠰᠡ ᠳᠤ ᠬᠤᠯᠤᠭᠠᠨ᠎ᠠ ᠪᠠ | ᠨᠣᠬᠠᠢ ᠶᠢᠨ ᠪᠥᠭᠡᠰᠦ ᠶᠢ ᠤᠰᠠᠳᠬᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠭᠦᠯᠵᠦ᠂ 15.36 ᠲᠦᠮᠡᠨ | ᠮᠦ ᠲᠠᠯ᠎ᠠ ᠨᠣᠳᠤᠭ ᠲᠤ ᠬᠤᠯᠤᠭᠠᠨ᠎ᠠ ᠶᠢ ᠣᠰᠠᠳᠬᠠᠵᠣ᠂ ᠬᠤᠳᠠ ᠪᠠᠯᠭᠠᠰᠤᠨ ᠤ ᠬᠤᠯᠤᠭᠠᠨ᠎ᠠ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠪᠡ᠃ ᠪᠦᠬᠦ ᠬᠦᠴᠦᠨ ᠢᠶᠠᠨ ᠲᠦᠪᠯᠡᠷᠡᠭᠦᠯᠦᠨ ᠪᠦᠬᠦ | ᠠᠶᠢᠮᠠᠭ ᠲᠤ ᠡᠩ ᠲᠡᠷᠢᠬᠦᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ | ᠡᠬᠢᠯᠡᠭᠦᠯᠵᠦ᠂ ᠬᠤᠰᠢᠭᠤ ᠡᠳ᠋ ᠤᠨ ᠵᠠᠰᠠᠭ ᠠᠴᠠ ᠤᠷᠢᠳ ᠬᠤᠵᠢᠳ 590 ᠭᠠᠷᠤᠶ ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠰᠡᠷᠭᠡᠶᠢᠯᠡᠨ ᠡᠵᠡᠮᠳᠡᠬᠦ ᠡᠳ᠋ ᠪᠣᠳᠠᠰ᠂ ᠬᠢᠵᠢᠭ ᠰᠡᠷᠭᠡᠶᠢᠯᠡᠬᠦ ᠲᠥᠬᠦᠭᠡᠷᠦᠮᠵᠢ᠂ ᠰᠡᠷᠭᠡᠶᠢᠯᠡᠨ ᠡᠵᠡᠮᠳᠡᠬᠦ | ᠴᠢᠭ ᠤᠨ ᠪᠦᠲᠦᠭᠡᠨ ᠪᠠᠶᠢᠭᠤᠯᠤᠯᠲᠠ ᠶᠢ ᠪᠠᠳᠣᠯᠠᠵᠣ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ | ᠤᠳᠤᠷᠢᠳᠬᠤ ᠺᠠᠳ᠋ᠷ᠂ ᠡᠮᠴᠢ ᠰᠣᠪᠢᠯᠠᠭᠴᠢ᠂ ᠳᠣᠳᠣᠭᠠᠳᠣ ᠶᠢ ᠬᠠᠮᠠᠭᠠᠯᠠᠬᠤ ᠺᠠᠳ᠋ᠷ ᠴᠠᠭᠳᠠᠭ᠎ᠠ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠶᠢᠨ ᠠᠵᠢᠯᠲᠠᠨ᠂ ᠨᠡᠶᠢᠭᠡᠮ ᠤᠨ ᠰᠠᠶᠢᠨ ᠲᠣᠷᠠᠴᠣᠣᠯ ᠪᠣᠯᠤᠨ ᠥᠷᠭᠡᠨ ᠣᠯᠠᠨ ᠠᠷᠠᠳ | ᠲᠦᠮᠡᠨ ᠬᠢᠵᠢᠭ ᠰᠡᠷᠭᠡᠶᠢᠯᠡᠬᠦ ᠳᠤ ᠢᠳᠡᠪᠬᠢᠳᠡᠢ ᠣᠷᠣᠯᠴᠠᠵᠤ᠂ ︽ᠳᠣᠳᠣᠨ᠎ᠠ ᠭᠠᠳᠠᠨ᠎ᠠ ᠶᠢ ᠬᠠᠮᠲᠤᠷᠠᠨ ᠰᠡᠷᠭᠡᠶᠢᠯᠡᠬᠦ᠂ | ᠡᠯ᠎ᠡ ᠱᠠᠲᠤ ᠬᠠᠮᠲᠤᠷᠠᠨ ᠬᠥᠳᠡᠯᠦᠯᠴᠡᠬᠦ᠂ ᠪᠦᠬᠦ ᠠᠷᠠᠳ ᠬᠠᠮᠲᠤᠷᠠᠨ ᠡᠵᠡᠮᠳᠡᠬᠦ︾ ᠠᠵᠢᠯ ᠤᠨ ᠲᠣᠭᠳᠠᠮᠵᠢ ᠶᠢ | ᠪᠠᠶᠢᠭᠤᠯᠵᠤ᠂ ᠬᠦᠮᠦᠰ ᠢ ᠰᠢᠭᠰᠢᠨ ᠪᠠᠶᠢᠴᠠᠭᠠᠵᠤ ᠢᠯᠭᠠᠨ ᠲᠣᠳᠣᠯᠠᠬᠤ᠂ ᠰᠠᠭᠤᠭᠠᠯᠢ ᠲᠣᠭᠤᠷᠢᠭ ᠢ ᠪᠢᠲᠡᠭᠦᠮᠵᠢᠯᠡᠨ | ᠬᠠᠮᠢᠶᠠᠷᠬᠤ᠂ ᠣᠯᠠᠨ ᠨᠡᠶᠢᠲᠡ ᠶᠢᠨ ᠭᠠᠵᠠᠷ ᠢ ᠬᠠᠮᠢᠶᠠᠷᠤᠠ ᠡᠵᠡᠮᠳᠡᠬᠦ ᠠᠵᠢᠯ ᠢ ᠪᠦᠬᠦᠨ ᠢ ᠪᠦᠷᠬᠦᠬᠦᠯᠵᠦ᠂ ᠪᠦᠬᠦ | ᠬᠤᠰᠢᠭᠤᠨ ᠳᠤ ᠰᠡᠵᠢᠭᠯᠡᠯᠳᠡᠢ ᠪᠤᠶᠤ ᠣᠨᠣᠰᠢᠯᠠᠭᠰᠠᠨ ᠵᠢᠱᠢᠶ᠎ᠡ ᠢᠯᠡᠷᠡᠬᠦ ᠶᠢ ᠠᠮᠵᠢᠯᠳᠠᠳᠠᠢ ᠬᠤᠷᠢᠭᠯᠠᠪᠠ᠃ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠢᠭᠡᠳᠦᠯᠳᠡᠢ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠰᠢ ᠶᠢᠨ ᠫᠢᠩ ᠶᠡᠷᠦᠩᠬᠡᠶ ᠱᠦᠵᠢ | ᠶᠢᠨ ᠴᠢᠬᠤᠯᠡ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠣᠣᠱᠯᠠᠭᠤᠯᠵᠣ᠂ ᠮᠠᠯᠵᠢᠬᠤ ᠦᠢᠯᠡᠳᠪᠦᠷᠢᠯᠡᠯ ᠪᠠ ᠠᠵᠤ | ᠠᠬᠤᠶᠢᠯᠠᠯ ᠤᠨ ᠠᠵᠢᠯ ᠢᠶᠠᠨ ᠰᠡᠷᠭᠦᠭᠡᠬᠦ᠂ ᠬᠦᠯᠦᠰᠦᠨ ᠠᠵᠢᠯᠴᠢᠳ ᠲᠤ ᠠᠵᠢᠯ ᠣᠯᠭᠤᠬᠤ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠡᠳ᠋ ᠪᠣᠳᠠᠰ ᠤᠨ ᠬᠠᠩᠭᠠᠯᠭ᠎ᠠ᠂ ᠵᠠᠮ ᠲᠡᠭᠡᠭᠡᠪᠦᠷᠢ ᠶᠢᠨ | ᠪᠠᠳᠣᠯᠠᠭ᠎ᠠ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠣᠬᠤᠷᠬᠠᠨ ᠬᠤᠭᠤᠴᠠᠭᠠᠨ ᠳᠤ ᠬᠢᠵᠢᠭ ᠤᠨ ᠰᠢᠷᠬᠠᠳᠠᠯ ᠢ | ᠨᠠᠮᠳᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠡᠮᠬᠢ ᠵᠢᠷᠤᠮ ᠲᠠᠢ᠂ | ᠦᠷᠭᠦᠯᠵᠢᠯᠡᠨ ᠰᠠᠶᠢᠵᠢᠷᠠᠬᠤ ᠦᠨᠳᠦᠰᠦᠨ ᠪᠠᠶᠢᠳᠠᠯ ᠢ ᠪᠠᠳᠣᠯᠠᠪᠠ᠃ ᠳᠣᠰ ᠤᠳᠠᠭᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠠᠳ ᠤᠨ ᠲᠠᠶᠢᠯᠠᠯᠳᠦᠭᠠᠨ᠂ ᠶᠡᠷᠦᠩᠬᠡᠶ ᠲᠠᠶᠢᠯᠠᠯᠳᠦᠭᠠᠨ᠂ ᠬᠤᠷᠢᠭᠯᠠᠯᠳᠠ ᠶᠢᠨ | ᠲᠠᠶᠢᠯᠠᠯᠳᠦᠭᠠᠨ ᠳᠤᠮᠳᠠ᠂ ᠪᠢᠳᠡ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠪᠠᠲᠤ ᠪᠠᠬᠢ ᠣᠯᠠᠨ ᠲᠦᠮᠡᠨ ᠤ | ᠰᠠᠭᠤᠷᠢ ᠳᠤ ᠲᠦᠰᠢᠭᠯᠡᠵᠣ᠂ ᠤᠯᠠᠨ ᠢᠶᠠᠷ ᠢᠶᠠᠨ ᠰᠡᠳᠬᠢᠯ ᠨᠢᠭᠡᠳᠦᠨ᠂ ᠪᠦᠯᠬᠦᠮᠳᠡᠨ ᠲᠡᠮᠡᠴᠡᠵᠦ᠂ ᠪᠦᠬᠦ ᠤᠯᠤᠰ ᠲᠠᠢ | ᠬᠠᠮᠲᠤ ᠪᠠᠷ ᠳᠣᠰ ᠤᠳᠠᠭᠠᠨ ᠤ ᠲᠠᠶᠢᠯᠠᠯᠳᠦᠭᠠᠨ ᠤ ᠰᠢᠢᠳᠪᠦᠷᠢᠳᠣ ᠢᠯᠠᠯᠳᠠ ᠶᠢ ᠣᠯᠣᠭᠰᠠᠨ ᠪᠠᠶᠢᠨ᠎ᠠ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠪᠢᠳᠡ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠪᠠᠷᠢᠮᠲᠠᠯᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ | ᠪᠠᠶᠢᠭᠤᠯᠤᠮᠵᠢ ᠶᠢᠨ ᠦᠭᠡᠷᠡᠴᠢᠯᠡᠯᠳᠡ ᠲᠠᠢ ᠤᠶᠠᠯᠳᠤᠭᠤᠯᠤᠨ᠂ ᠨᠠᠷᠢᠯᠢᠭ ᠣᠨᠣᠪᠴᠢᠳᠠᠢ ᠪᠠᠷ᠂ ᠰᠢᠨᠵᠢᠯᠡᠬᠦ | ᠤᠬᠠᠭᠠᠨᠴᠢ ᠪᠠᠷ ᠬᠥᠮᠦᠨ ᠰᠣᠩᠭᠤᠨ ᠬᠡᠷᠡᠭᠯᠡᠵᠦ᠂ ᠺᠠᠳ᠋ᠷ ᠤᠨ ᠡᠩᠨᠡᠭᠡ ᠶᠢᠨ ᠪᠦᠳᠦᠴᠡ ᠶᠢ ᠦᠷᠭᠦᠯᠵᠢᠯᠡᠨ | ᠰᠢᠯᠢᠳᠡᠭᠵᠢᠭᠦᠯᠵᠦ᠂ ᠠᠵᠢᠯ ᠬᠢᠵᠦ ᠦᠢᠯᠡᠰ ᠪᠦᠳᠦᠭᠡᠬᠦ ᠵᠣᠷᠢᠭ ᠰᠦᠰᠦ ᠢᠯᠡᠳᠲᠡ ᠳᠡᠭᠡᠭᠰᠢᠯᠡᠪᠡ᠃ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠵᠦ᠂ | ᠰᠠᠬᠢᠯᠭ᠎ᠠ ᠪᠠᠳᠣ ᠪᠠᠶᠢᠴᠠᠭᠠᠬᠤ᠂ ᠬᠢᠨᠡᠨ ᠪᠠᠶᠢᠴᠠᠭᠠᠬᠤ ᠵᠦᠪᠯᠡᠯ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ | ᠲᠡᠮᠵᠢᠵᠤ᠂ ᠪᠦᠬᠦ ᠵᠢᠯ ᠳᠤ 329 ᠵᠣᠷᠪᠣᠰ ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠵᠦ᠂ 1472 ᠲᠦᠮᠡᠨ | ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ ᠲᠥᠪ ᠬᠤᠷᠢᠶᠠᠨ ᠤ ᠨᠠᠢᠮᠠᠨ ᠵᠤᠷᠪᠤᠰ | ᠲᠣᠭᠲᠠᠭᠠᠯ ᠵᠢᠴᠢ ᠲᠡᠭᠦᠨ ᠤ ᠨᠠᠷᠢᠨ ᠲᠦᠷᠢᠮ ᠢ ᠴᠢᠩᠭ᠎ᠠ ᠬᠡᠷᠡᠭᠵᠢᠭᠦᠯᠵᠦ᠂ ︽ᠳᠥᠷᠪᠡᠨ ᠰᠤᠷᠲᠠᠯ︾ ᠢ ᠲᠠᠰᠤᠷᠠᠯᠲᠠ | ᠥᠬᠡᠶ ᠵᠠᠯᠠᠷᠠᠭᠤᠯᠵᠤ᠂ ᠬᠤᠷᠠᠯ ᠪᠠ ᠲᠦᠷᠢᠮᠵᠢᠯ ᠤᠨ ᠴᠢᠨᠡᠷᠳᠡᠢ ᠪᠢᠴᠢᠭ ᠮᠠᠲ᠋ᠧᠷᠢᠶᠠᠯ ᠢ ᠲᠣᠰᠪᠦᠷᠢ 9% ᠪᠠ 11% | ᠪᠠᠷ ᠪᠠᠭᠤᠷᠠᠭᠤᠯᠵᠤ᠂ ᠡᠩ ᠤᠨ ᠴᠢᠨᠠᠷᠲᠠᠶ ᠵᠠᠷᠤᠯᠭ᠎ᠠ ᠶᠢ 2910 ᠲᠦᠮᠡᠨ ᠲᠥᠭᠦᠷᠢᠭ ᠪᠠᠭᠠᠰᠬᠠᠵᠤ᠂ ᠠᠳᠠᠯᠢ | ᠬᠤᠭᠤᠴᠠᠭᠠᠨ ᠤ ᠬᠢ ᠠᠴᠠ 16.2% ᠪᠠᠷ ᠪᠠᠭᠤᠷᠠᠭᠤᠯᠵᠣ᠂ ᠵᠠᠰᠠᠭ ᠤᠨ ᠣᠷᠳᠣᠨ ᠤ ᠣᠯᠠᠨ ᠨᠡᠶᠢᠲᠡ ᠶᠢ | ᠢᠲᠡᠭᠡᠭᠦᠯᠬᠦ ᠬᠦᠴᠦᠨ ᠪᠠ ᠭᠦᠢᠴᠡᠳᠬᠡᠬᠦ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠪᠠ᠃ | ᠲᠥᠯᠥᠭᠡᠯᠡᠭᠴᠢᠳ ᠡ︕ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠳᠡᠭᠡᠷ᠎ᠡ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠬᠤᠰᠢᠭᠤ ᠨᠠᠮ ᠤᠨ ᠬᠤᠷᠢᠶᠠᠨ ᠤ ᠰᠢᠨᠵᠢᠯᠡᠬᠦ | ᠤᠬᠠᠭᠠᠨᠴᠢ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠪᠠᠶᠢᠵᠣ᠂ ᠪᠦᠬᠦ ᠬᠤᠰᠢᠭᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠵᠦ᠂ ᠬᠦᠴᠢᠷ ᠪᠡᠷᠬᠡ ᠶᠢ ᠲᠤᠭᠤᠯᠤᠭᠰᠠᠨ ᠤ | ᠦᠷ᠎ᠡ ᠳ᠋ᠦᠩ ᠮᠥᠨ᠃ ᠠᠳᠡ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠪᠣᠯᠤᠨ ᠵᠡᠭᠦᠨ ᠦᠵᠦᠮᠦᠴᠢᠨ ᠬᠤᠰᠢᠭᠤᠨ ᠤ | ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠲᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ | ᠡᠷᠬᠢᠮ ᠳᠡᠭᠡᠳᠣ ᠬᠦᠨᠳᠦᠳᠬᠡᠯ ᠪᠣᠯᠣᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ︕ ᠲᠦᠪᠰᠢᠨ ᠦᠶ᠎ᠡ ᠳᠤ ᠬᠦᠴᠦᠷᠬᠡᠭᠵᠢᠬᠦ ᠶᠢ ᠪᠣᠳᠣᠵᠣ᠂ ᠲᠦᠭᠰᠢᠭᠦᠷᠢ ᠶᠢᠨ ᠦᠶ᠎ᠡ | ᠳᠤ ᠠᠯᠣᠰ ᠢ ᠬᠠᠷᠠᠨ᠎ᠠ᠃ ᠪᠢᠳᠡ ᠠᠮᠵᠢᠯᠲᠠ ᠪᠦᠳᠦᠮᠵᠢ ᠪᠠᠨ ᠦᠨᠡᠯᠡᠨ ᠳ᠋ᠦᠩᠨᠡᠬᠦ ᠶᠢᠨ ᠬᠠᠮᠲᠤ᠂ ᠪᠠᠰᠠ ᠮᠠᠨ ᠤ | ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠣᠯᠭᠠᠷᠠᠵᠣ ᠪᠠᠶᠢᠭ᠎ᠠ ᠡᠳᠦᠢ ᠲᠡᠳᠦᠢ ᠬᠦᠴᠢᠷᠳᠡᠯ ᠢ | ᠲᠣᠳᠣᠷᠬᠠᠠᠢ ᠣᠯᠵᠣ ᠬᠠᠷᠠᠬᠤ ᠬᠡᠷᠡᠭᠳᠡᠢ᠃ ᠡᠭᠦᠨ ᠳᠤ ᠭᠤᠣᠯᠳᠠᠭᠤ᠄ ᠠᠵᠤ ᠠᠬᠤᠢ ᠶᠢᠨ ᠪᠠᠭᠤᠷᠠᠯᠳᠠ ᠶᠢᠨ | ᠳᠠᠷᠤᠯᠲᠠ ᠮᠦᠨ ᠯᠡ ᠶᠡᠭᠡ ᠪᠠᠶᠢᠵᠣ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠬᠡᠮᠵᠢᠶ᠎ᠡ ᠲᠣᠣᠷ᠎ᠠ᠂ ᠰᠢᠨ᠎ᠡ | ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠰᠢᠯᠣᠭᠤᠬᠠᠨ ᠪᠣᠰᠣ᠂ ᠠᠵᠤ ᠠᠬᠤᠢ ᠶᠢᠨ ᠰᠢᠨ᠎ᠡ ᠨᠡᠮᠡᠭᠳᠡᠯ ᠤᠨ | ᠴᠡᠭ ᠬᠠᠷᠠᠬᠠᠨ ᠪᠦᠷᠢᠯᠳᠦᠭᠡᠳᠦᠢ︔ ᠮᠠᠯ ᠠᠵᠣ ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠠᠷᠭ᠎ᠠ ᠮᠠᠶ᠋ᠢᠭ | ᠬᠤᠴᠣᠷᠣᠩᠭᠤᠢ᠂ ᠪᠡᠯᠡ ᠣᠷᠣᠭᠤᠯᠣᠯᠳᠠ ᠪᠠ ᠦᠷ᠎ᠡ ᠠᠰᠢᠭ ᠲᠡᠩᠴᠡᠭᠦᠷᠢ ᠦᠭᠡᠢ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ | ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠲᠥᠷᠥᠯ ᠵᠦᠢᠯ ᠤᠨ ᠨᠥᠭᠡᠴᠡ ᠪᠣᠯᠤᠨ ᠪᠦᠲᠦᠮᠵᠢᠲᠡᠢ ᠪᠡᠯᠡ | ᠣᠷᠣᠭᠤᠯᠤᠯᠲᠠ ᠬᠦᠷᠦᠯᠴᠡᠬᠦ ᠦᠭᠡᠢ᠂ ᠬᠤᠳᠠᠯᠳᠤᠭ᠎ᠠ ᠡᠷᠬᠢᠯᠡᠬᠦ ᠨᠦᠬᠦᠴᠡᠯ ᠰᠠᠶᠢᠵᠢᠷᠠᠭᠠᠳᠣᠢ︔ ᠠᠮᠢ ᠠᠬᠤᠢ ᠶᠢᠨ | ᠣᠷᠴᠢᠨ ᠲᠣᠭᠤᠷᠢᠨ ᠶᠡᠷᠦᠩᠭᠡᠢ ᠳᠡᠭᠡᠨ ᠬᠡᠪᠡᠷᠡᠭ᠂ ᠦᠷᠬᠦᠯᠵᠢᠯᠡᠬᠦᠶᠢᠴᠡ ᠬᠦᠭᠵᠢᠯᠳᠡ ᠶᠢᠨ ᠡᠭᠦᠷᠭᠡ ᠬᠦᠨᠳᠦ ︔ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠬᠦ ᠲᠣᠪᠤᠶᠢᠮ᠎ᠠ ᠪᠠᠶᠢᠵᠤ᠂ ᠰᠠᠭᠤᠷᠢ | ᠲᠦᠭᠦᠭᠡᠷᠦᠮᠵᠢ᠂ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠪᠡᠯᠡ | ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠴᠢᠬᠤᠯᠠᠲᠠᠶ︔ ᠨᠡᠶᠢᠭᠡᠮ ᠤᠨ ᠠᠵᠢᠯᠯᠠᠭᠠᠨ ᠤ | ᠲᠣᠳᠠᠭᠳᠠᠯ ᠲᠠᠢ ᠵᠣᠶᠢᠯ ᠪᠠᠰᠠ ᠨᠡᠯᠢᠶᠡᠳ ᠪᠠᠶᠢᠵᠤ᠂ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠪᠦᠲᠦᠮᠵᠢᠲᠡᠶ ᠠᠷᠭ᠎ᠠ | ᠬᠡᠮᠵᠢᠶ᠎ᠡ ᠠᠪᠴᠤ ᠨᠠᠷᠢᠨ ᠬᠢᠨᠠᠮᠠᠭᠠᠶ ᠰᠢᠢᠳᠪᠦᠷᠢᠯᠡᠬᠦ ᠪᠠᠷ ᠴᠢᠷᠮᠠᠶᠢᠵᠣ ᠪᠠᠶᠢᠨ᠎ᠠ᠃ | ᠬᠤᠶᠠᠷ᠂ 2020 ᠤᠨ ᠤ ᠠᠵᠢᠯ ᠤᠨ ᠪᠠᠶᠢᠷᠢᠯᠠᠭᠤᠯᠤᠯᠲᠠ | ᠦᠨᠦ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠪᠡᠶᠡᠯᠡᠬᠦᠯᠬᠦ ᠪᠠ《 ᠠᠷᠪᠠᠨ | ᠭᠤᠷᠪᠠᠳᠤᠭᠠᠷ ᠲᠠᠪᠤᠨ ᠵᠢᠯ 》 ᠤᠨ ᠲᠥᠯᠥᠪᠵᠢᠭᠦᠯᠭᠡ ᠶᠢ ᠪᠡᠶᠡᠯᠡᠭᠦᠯᠬᠦ ᠡᠴᠦᠰ ᠤᠨ ᠵᠢᠯ ᠪᠤᠯᠤᠨ᠎ᠠ᠂ ᠮᠦᠨᠴᠦ | ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠ《ᠠᠷᠪᠠᠨ ᠳᠥᠷᠪᠡᠳᠦᠭᠡᠷ ᠲᠠᠪᠤᠨ ᠵᠢᠯ 》 ᠤᠨ | ᠲᠥᠯᠥᠪᠵᠢᠭᠦᠯᠭᠡ ᠶᠢᠨ ᠬᠥᠭᠵᠢᠯᠲᠡ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ | ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠪᠣᠯᠣᠨ᠎ᠠ᠃ ᠦᠨᠦ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ | ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ | ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠤᠱᠯᠠᠭᠤᠯᠤᠨ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠬᠠᠷᠠᠯᠳ᠋ᠨ ᠡᠭᠦᠷᠭᠡ ᠲᠠᠢ ᠨᠢᠭᠲᠠ ᠤᠶᠠᠯᠳᠤᠭᠤᠯᠤᠨ᠂ | ᠲᠣᠭᠲᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ | ᠣᠬᠠᠭᠳᠠᠬᠤᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠱᠤᠭᠤᠮ | ᠪᠣᠯᠭᠠᠬᠤ ᠪᠠ ᠦᠭᠡᠷᠡᠴᠢᠯᠡᠯᠲᠡ ᠨᠡᠭᠡᠭᠡᠯᠲᠡ ᠬᠢᠬᠦ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠴᠢᠨᠠᠷᠯᠢᠭ | ᠬᠥᠭᠵᠢᠯᠲᠡ ᠶᠢ ᠠᠬᠢᠭᠤᠯᠤᠨ᠂ ᠭᠤᠷᠪᠠᠨ ᠶᠡᠭᠡ ᠪᠣᠭᠤᠮᠳᠠ ᠰᠢᠪᠳᠣᠯᠬᠤ ᠲᠠᠶᠢᠯᠠᠯᠳᠣᠭᠠᠨ ᠤ ᠢᠯᠠᠯᠲᠠ ᠶᠢ ᠲᠡᠮᠡᠴᠡᠨ | ᠣᠯᠵᠤ᠂ ︽ᠵᠢᠷᠭᠤᠭ᠎ᠠ ᠶᠢ ᠲᠤᠭᠲᠠᠪᠤᠷᠢᠵᠢᠭᠤᠯᠬᠤ︾ ᠂《ᠵᠢᠷᠭᠤᠭ᠎ᠠ ᠶᠢ ᠪᠠᠲᠤᠯᠠᠬᠤ》ᠠᠵᠢᠯ ᠢ ᠪᠦᠬᠦ ᠲᠠᠯ᠎ᠠ ᠪᠠᠷ | ᠰᠠᠶᠢᠲᠤᠷ ᠬᠢᠵᠦ᠂ ᠲᠤᠭᠲᠠᠭᠤᠨ ᠢᠶᠠᠷ ᠨᠡᠮᠡᠭᠳᠡᠭᠦᠯᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ | ᠲᠣᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ | ᠪᠠᠲᠤᠯᠠᠬᠤ ᠶᠢ ᠨᠢᠭᠡᠳᠦᠯᠲᠡᠶ ᠲᠦᠯᠦᠪᠵᠢᠭᠦᠯᠦᠨ ᠠᠬᠢᠭᠤᠯᠵᠤ᠂ ᠠᠵᠤ ᠠᠬᠤᠶ ᠶᠢᠨ ᠡᠷᠭᠢᠯᠲᠡ ᠶᠢᠨ ᠵᠣᠬᠢᠰᠲᠠᠶ ᠤᠷᠤᠨ | ᠵᠠᠢ ᠶᠢ ᠪᠠᠲᠤᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ《ᠠᠷᠪᠠᠨ ᠭᠤᠷᠪᠠᠳᠤᠭᠠᠷ ᠲᠠᠪᠤᠨ | ᠵᠢᠯ》 ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠡᠬᠦ ᠪᠠᠲᠤᠯᠠᠵᠤ᠂ ᠠᠷᠠᠳ | ᠲᠦᠮᠡᠨ ᠳᠤ ᠮᠡᠳᠡᠷᠡᠭᠳᠡᠨ᠂ ᠲᠡᠤᠬᠡ ᠶᠢᠨ ᠰᠢᠯᠭᠠᠯᠲᠠ ᠶᠢ ᠳᠠᠭᠠᠭᠠᠨ ᠲᠤᠭᠤᠯᠤᠨ᠎ᠠ᠃ | ᠦᠨᠦ ᠵᠢᠯ ᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠲᠡᠮᠡᠴᠡᠬᠦ | ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 59.35 ᠳ᠋ᠦᠩᠰᠢᠭᠤᠷ | ᠲᠥᠭᠦᠷᠢᠭ ᠲᠤ ᠬᠦᠷᠭᠡᠵᠦ᠂ 6% ᠪᠠᠷ ᠨᠡᠮᠡᠭᠳᠡᠭᠦᠯᠦᠨ᠎ᠡ︔ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 20 ᠳ᠋ᠦᠩᠰᠢᠭᠤᠷ ᠲᠥᠭᠦᠷᠢᠭ ᠲᠤ ᠬᠦᠷᠭᠡᠵᠦ᠂ 9% ᠪᠠᠷ ᠨᠡᠮᠡᠭᠳᠡᠭᠦᠯᠦᠨ᠎ᠡ︔ ᠡᠩ ᠤᠨ | ᠴᠢᠨᠠᠷᠲᠠᠢ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6.5 ᠳ᠋ᠦᠩᠰᠢᠭᠤᠷ ᠲᠥᠭᠦᠷᠢᠭ ᠲᠤ ᠬᠦᠷᠭᠡᠵᠦ᠂ 26. | 7% ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ | ᠬᠡᠮᠵᠢᠶ᠎ᠡ ᠶᠢ 27 ᠳ᠋ᠦᠩᠰᠢᠭᠤᠷ ᠲᠥᠭᠦᠷᠢᠭ ᠲᠤ ᠬᠦᠷᠭᠡᠵᠦ᠂ 3.4% ᠪᠠᠷ ᠨᠡᠮᠡᠭᠳᠡᠭᠦᠯᠦᠨ᠎ᠡ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠬᠤᠪᠢᠶᠠᠷᠢᠯᠠᠵᠦ ᠪᠣᠯᠬᠤᠶᠢᠴᠠ ᠣᠷᠣᠯᠭ᠎ᠠ ᠶᠢ | ᠲᠤᠰᠪᠤᠷᠢ 43350 ᠲᠥᠭᠦᠷᠢᠭ ᠪᠠ 34736 ᠲᠥᠭᠦᠷᠢᠭ ᠲᠤ ᠬᠦᠷᠭᠡᠵᠦ᠂ 4% ᠪᠠ 6.5% ᠪᠠᠷ | ᠨᠡᠮᠡᠭᠳᠡᠭᠦᠯᠦᠨ᠎ᠡ︔ ᠬᠤᠲᠠ ᠪᠠᠯᠭᠠᠰᠤ ᠶᠢᠨ ᠠᠵᠢᠯ ᠠᠯᠳᠠᠯᠲᠠ ᠶᠢᠨ ᠨᠣᠷᠮ᠎ᠠ ᠶᠢ 3.5% ᠶᠢᠨ ᠳᠤᠲᠤᠷ᠎ᠠ | ᠬᠢᠵᠠᠭᠠᠷᠯᠠᠨ᠎ᠠ᠃ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠦᠷᠳᠡᠭ ᠤᠨ ᠡᠨᠧᠷᠭᠢ ᠶᠢᠨ ᠬᠤᠷᠣᠭᠳᠠᠯ | ᠪᠠ ᠡᠨᠧᠷᠭᠢ ᠶᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠳᠡᠭᠡᠷ᠎ᠡ ᠱᠠᠲᠤᠨ ᠠᠴᠠ ᠪᠠᠭᠤᠯᠭᠠᠭᠰᠠᠨ | ᠭᠦᠢᠴᠡᠳᠭᠡᠯ ᠲᠤᠭ᠎ᠠ ᠳᠤ ᠬᠦᠷᠭᠡᠨ᠎ᠡ︔ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ | ᠶᠢ ᠤᠯᠠᠮ ᠠᠬᠢᠭᠤᠯᠤᠨ᠎ᠠ︔ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠵᠢᠯ ᠤᠨ ᠡᠭᠦᠷᠭᠡ ᠪᠠᠨ | ᠪᠡᠶᠡᠯᠡᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠨ᠎ᠡ᠃ | ᠡᠶᠢᠮᠦᠷᠬᠦ ᠬᠥᠭᠵᠢᠯᠲᠡ ᠶᠢᠨ ᠬᠠᠷᠠᠯᠲᠠ ᠶᠢ ᠲᠣᠭᠲᠠᠭᠠᠬᠤ ᠳᠤ᠂ ᠲᠣᠭᠲᠠᠭᠤᠨ ᠢᠶᠠᠷ ᠤᠷᠤᠭᠰᠢᠯᠠᠬᠤ ᠠᠵᠢᠯ ᠤᠨ | ᠶᠡᠷᠦᠩᠬᠡᠢ ᠱᠠᠭᠠᠷᠳᠠᠯᠭ᠎ᠠ ᠶᠢ ᠪᠠᠷᠢᠮᠲᠠᠯᠠᠵᠤ᠂ ᠲᠣᠭᠲᠠᠭᠤᠨ ᠪᠠᠶᠢᠬᠤ ᠪᠠ ᠤᠷᠤᠭᠰᠢᠯᠠᠬᠤ᠂ ᠣᠳᠣᠬᠠᠨ ᠪᠠ ᠢᠷᠡᠭᠡᠳᠦᠢ᠂ | ᠱᠠᠭᠠᠷᠳᠠᠯᠭ᠎ᠠ ᠪᠠ ᠪᠣᠯᠣᠯᠴᠠᠭ᠎ᠠ ᠶᠢ ᠬᠠᠮᠲᠤ ᠳᠤᠨᠢ ᠪᠤᠳᠤᠯᠬᠢᠯᠠᠵᠦ᠂ ᠮᠦᠨᠴᠦ ᠣᠳᠣᠬᠠᠨ ᠤ ᠠᠵᠤ ᠠᠬᠤᠢ ᠶᠢᠨ ᠵᠢᠮ᠎ᠡ | ᠶᠣᠰᠣ ᠪᠠ ᠮᠠᠨ ᠤ ᠬᠤᠰᠢᠭᠤᠨ ᠤ ᠪᠤᠰᠤᠳᠴᠢ ᠪᠣᠳᠠᠲᠤ ᠪᠠᠶᠢᠳᠠᠯ ᠲᠠᠢ ᠨᠡᠶᠢᠴᠡᠭᠦᠯᠵᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠱᠠᠭᠠᠷᠳᠠᠯᠭ᠎ᠠ ᠲᠠᠢ ᠤᠶᠠᠯᠳᠤᠭᠤᠯᠤᠭᠰᠠᠨ ᠪᠠᠶᠢᠨ᠎ᠠ᠃ ᠪᠢᠳᠡ ᠰᠢᠨ᠎ᠡ ᠬᠥᠭᠵᠢᠯᠲᠡ ᠶᠢᠨ | ᠣᠬᠠᠭᠳᠠᠬᠤᠨ᠂ ᠬᠥᠭᠵᠢᠯᠲᠡ ᠶᠢᠨ ᠠᠷᠭ᠎ᠠ ᠵᠠᠮ᠂ ᠬᠥᠭᠵᠢᠯᠲᠡ ᠶᠢᠨ ᠠᠷᠭ᠎ᠠ ᠬᠡᠯᠪᠡᠷᠢ᠂ ᠬᠥᠭᠵᠢᠯᠲᠡ ᠶᠢᠨ | ᠬᠠᠷᠠᠯᠲᠠ ᠶᠢ ᠪᠥᠬᠦ ᠲᠠᠯ᠎ᠠ ᠪᠠᠷ ᠬᠢᠨᠠᠨ ᠬᠠᠷᠭᠤᠭᠤᠯᠵᠤ᠂ ᠠᠮᠢ ᠠᠬᠤᠶ ᠶᠢ ᠲᠡᠷᠢᠭᠦᠨ ᠳᠤ ᠪᠤᠳᠤᠯᠬᠢᠯᠠᠬᠤ᠂ | ᠪᠠᠶᠢᠭᠠᠯᠢᠯᠢᠭ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ | ᠭᠤᠶᠢᠪᠢᠰᠢ ᠥᠬᠡᠶ ᠵᠠᠮᠨᠠᠵᠤ᠂ ᠭᠦᠢᠴᠡᠳᠭᠡᠯ ᠲᠤᠭ᠎ᠠ ᠶᠢ ᠪᠥᠬᠦ ᠲᠠᠯ᠎ᠠ ᠪᠠᠷ ᠴᠡᠭᠴᠡᠯᠡᠬᠦ ᠪᠠ ᠦᠨᠡᠯᠡᠨ ᠵᠢᠱᠢᠵᠦ᠂ | ᠭᠤᠤᠯᠳᠠᠯᠭ᠎ᠠ ᠶᠢ ᠠᠳᠬᠤᠨ᠂ ᠳᠤᠳ᠋ᠬᠠᠳᠠᠯ ᠢᠶᠠᠨ ᠨᠥᠬᠦᠪᠥᠷᠢᠯᠡᠵᠤ᠂ ᠪᠠᠭᠤᠷᠠᠶ ᠲᠠᠯ᠎ᠠ ᠪᠠᠨ ᠴᠢᠩᠭᠠᠳᠬᠠᠵᠦ᠂ ᠪᠥᠬᠦ | ᠤᠯᠤᠰ ᠪᠥᠬᠦ ᠣᠷᠣᠨ ᠲᠠᠢ ᠵᠡᠷᠭᠡᠪᠠᠷ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠬᠤ ᠶᠢ ᠦᠨᠡᠡᠬᠦ ᠪᠠᠲᠤᠯᠠᠨ᠎ᠠ᠃ | ᠪᠢᠳᠡ ᠭᠤᠤᠯᠳᠠᠭᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠨ᠎ᠡ ᠄ | ︵ᠨᠢᠭᠡ︶ ᠭᠤᠷᠪᠠᠨ ᠶᠡᠭᠡ ᠪᠣᠭᠤᠮᠳᠠ ᠰᠢᠪᠳᠣᠯᠬᠤ ᠲᠠᠶᠢᠯᠠᠯᠳᠣᠭᠠᠨ ᠤ ᠢᠯᠠᠯᠲᠠ ᠶᠢ ᠣᠯᠤᠨ᠎ᠠ | ᠦᠨᠦ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠲᠠᠶᠢᠯᠠᠯᠳᠣᠭᠠᠨ ᠤ ᠰᠢᠢᠳᠪᠤᠷᠢᠲᠦ | ᠢᠯᠠᠯᠲᠠ ᠶᠢ ᠤᠯᠬᠤ ᠵᠢᠯ ᠪᠣᠯᠤᠨ᠎ᠠ᠂ ︽ᠭᠤᠷᠪᠠ ᠶᠢ ᠨᠠᠶᠢᠳᠠᠪᠤᠷᠢᠵᠢᠭᠤᠯᠬᠤ᠂ ᠭᠤᠷᠪᠠᠨ ᠨᠠᠷᠢᠯᠢᠭ ᠣᠨᠣᠪᠴᠢᠲᠠᠢ᠂ | ᠭᠤᠷᠪᠠ ᠶᠢ ᠪᠠᠲᠤᠯᠠᠬᠤ︾ ᠲᠣᠭᠤᠷᠢᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠲᠠᠶᠢᠯᠠᠯᠳᠣᠭᠠᠨ | ᠤ ︽ᠲᠠᠬᠢᠨᠪᠠᠶᠢᠴᠠᠭᠠᠵᠦ ᠦᠵᠡᠬᠦ︾ ᠠᠵᠢᠯ ᠢ ᠭᠦᠨᠵᠡᠭᠡᠢ ᠥᠷᠨᠢᠭᠦᠯᠵᠦ᠂ 6 ᠰᠠᠷ᠎ᠠ ᠶᠢᠨ ᠰᠡᠭᠦᠯᠴᠢ ᠠᠴᠠ ᠡᠮᠦᠨ᠎ᠡ | ᠡᠯ᠎ᠡ ᠲᠦᠷᠦᠯ ᠤᠨ ᠪᠠᠶᠢᠴᠠᠭᠠᠠ ᠢᠯᠡᠷᠡᠭᠦᠯᠦᠭᠰᠡᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠤᠨ᠎ᠠ᠃ ︽ | ᠲᠦᠷᠪᠡ ᠶᠢ ᠪᠠᠷᠢᠮᠲᠠᠯᠠᠬᠤ︾ ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠬᠢᠨ ᠶᠠᠳᠠᠭᠤᠷᠠᠬᠤ ᠶᠢ | ᠤᠷᠢᠳᠴᠢᠯᠠᠨ ᠰᠡᠷᠡᠮᠵᠢᠯᠡᠬᠦ ᠪᠠ ᠬᠥᠳᠡᠯᠦᠩᠭᠦᠢ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠶᠠᠳᠠᠭᠤ ᠠᠴᠠ ᠠᠩᠭᠢᠵᠢᠷᠠᠭᠰᠠᠨ ᠬᠦᠮᠦᠰ ᠤᠨ ᠲᠠᠬᠢᠨ ᠶᠠᠳᠠᠭᠤᠷᠠᠬᠤ ᠶᠢ ᠪᠦᠲᠦᠮᠵᠢᠲᠡᠶ ᠰᠡᠷᠭᠡᠶᠢᠯᠡᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠲᠠᠶᠢᠯᠠᠯᠳᠣᠭᠠᠨ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠤᠷᠭᠠᠨᠢᠭ ᠢᠶᠠᠷ ᠤᠶᠠᠯᠳᠤᠭᠤᠯᠵᠦ᠂ ᠠᠵᠤ ᠦᠢᠯᠡᠰ ᠢᠶᠠᠷ ᠶᠠᠳᠠᠭᠤ ᠶᠢ | ᠳᠡᠳᠭᠦᠬᠦ ᠶᠢ ᠴᠢᠩᠭᠠᠳᠬᠠᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠨ ᠳᠠᠶᠢᠴᠢᠯᠠᠬᠤ ᠲᠣᠭᠲᠠᠴᠠ ᠪᠠ ᠠᠰᠢᠭ | ᠣᠷᠣᠯᠭ᠎ᠠ ᠬᠤᠪᠢᠶᠠᠷᠢᠯᠠᠬᠤ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠠᠳᠠᠯᠢ ᠪᠤᠰᠤ ᠬᠤᠪᠢᠶᠠᠷᠢᠯᠠᠯᠲᠠ ᠶᠢ | ᠬᠡᠷᠡᠭᠵᠢᠭᠦᠯᠤᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠲᠠᠶᠢᠯᠠᠯᠳᠣᠭᠠᠨ ᠤ ᠲᠦᠭᠰᠢᠭᠦᠷᠢ ᠶᠢ | ᠰᠡᠷᠭᠡᠶᠢᠯᠡᠨ ᠡᠵᠡᠮᠳᠡᠵᠦ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠠᠶᠤᠯᠭᠦᠢ ᠶᠢ ᠪᠠᠲᠤᠯᠠᠬᠤ ᠲᠥᠰᠦᠯ ᠢ | ᠰᠤᠳᠤᠯᠤᠨ ᠲᠣᠭᠲᠠᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠲᠠᠶᠢᠯᠠᠯᠳᠣᠭᠠᠨ ᠤ ᠶᠠᠪᠤᠴᠠ ᠳᠤ | ᠡᠭᠦᠰᠴᠦ ᠮᠡᠳᠡᠬᠦ ᠨᠡᠶᠢᠭᠡᠮ ᠤᠨ ᠲᠦᠭᠰᠢᠭᠦᠷᠢ᠂ ᠲᠠᠬᠢᠨ ᠶᠠᠳᠠᠭᠤᠷᠠᠬᠤ ᠲᠦᠭᠰᠢᠭᠦᠷᠢ ᠪᠠ ᠡᠳ᠋ ᠬᠦᠷᠦᠩᠭᠡ ᠬᠤᠬᠢᠷᠠᠬᠤ | ᠲᠦᠭᠰᠢᠭᠦᠷᠢ ᠶᠢ ᠰᠡᠷᠭᠡᠶᠢᠯᠡᠨ ᠬᠤᠷᠢᠭᠯᠠᠨ᠎ᠡ᠃ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ | ᠲᠠᠶᠢᠯᠠᠯᠳᠣᠭᠠᠨ ᠤ ᠨᠡᠶᠢᠳᠡᠮ ᠤᠨ ᠪᠠᠶᠢᠴᠠᠭᠠᠯᠲᠠ ᠶᠢ ᠤᠭᠲᠤᠬᠤ ᠪᠡᠯᠡᠳᠭᠡᠯ ᠠᠵᠢᠯ ᠢ ᠰᠠᠶᠢᠲᠤᠷ ᠬᠢᠵᠦ᠂ ᠡᠴᠦᠰ ᠤᠨ | ᠵᠢᠯ ᠤᠨ ᠬᠢᠨᠠᠨ ᠰᠢᠯᠭᠠᠯᠲᠠ ᠶᠢ ᠴᠢᠨᠠᠷᠯᠢᠭ ᠪᠡᠶᠡᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠪᠦᠬᠦ ᠤᠯᠤᠰ ᠤᠨ | ᠠᠷᠠᠳ ᠲᠦᠮᠡᠨ ᠲᠠᠢ ᠬᠠᠮᠲᠤᠪᠡᠷ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠳᠤ ᠲᠠᠪᠰᠢᠨ ᠤᠷᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠬᠤ ᠲᠠᠶᠢᠯᠠᠯᠳᠣᠭᠠᠨ ᠢ ᠰᠠᠶᠢᠲᠤᠷ ᠬᠢᠨ᠎ᠡ᠃ ᠠᠭᠠᠷ | ᠮᠠᠨᠳᠠᠯ ᠤᠨ ᠪᠣᠬᠢᠷᠲᠤᠯ᠂ ᠤᠰᠤᠨ ᠤ ᠪᠣᠬᠢᠷᠲᠤᠯ᠂ ᠬᠦᠷᠦᠰᠦᠨ ᠤ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ | ᠵᠢᠯ ᠤᠨ ᠰᠢᠪᠲᠤᠯᠤᠯᠲᠠ ᠬᠢᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠤᠨ᠂ ᠨᠠᠷᠢᠯᠢᠭ ᠤᠨᠤᠪᠴᠢᠲᠠᠢ ᠪᠣᠬᠢᠷᠲᠤᠯ ᠢ | ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ | ᠠᠬᠢᠭᠤᠯᠵᠤ᠂ ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠲᠠᠢ︾ ᠠᠵᠤ ᠠᠬᠤᠶᠢᠯᠠᠯ ᠢ | ᠶᠡᠷᠦᠩᠬᠡᠶᠢᠯᠡᠨ ᠴᠡᠭᠴᠡᠯᠡᠭᠰᠡᠨ ᠦᠷ᠎ᠡ ᠪᠦᠲᠦᠮᠵᠢ ᠪᠠᠨ ᠪᠠᠬᠢᠵᠢᠭᠦᠯᠤᠨ᠂ ᠬᠤᠲᠠ ᠬᠥᠳᠡᠭᠡ ᠶᠢᠨ ᠬᠤᠭ ᠨᠣᠪᠰᠢ ᠶᠢ | ᠲᠦᠷᠦᠯ ᠬᠤᠪᠢᠶᠠᠨ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠠᠰᠢᠭᠯᠠᠬᠤ ᠪᠠ ᠰᠢᠢᠳᠪᠦᠷᠢᠯᠡᠨ᠎ᠡ᠃ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠢ ᠵᠠᠰᠠᠨ ᠴᠡᠭᠴᠡᠯᠡᠬᠦ ᠠᠵᠢᠯ ᠢ | ᠥᠷᠨᠢᠭᠦᠯᠵᠦ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠳᠠᠩᠰᠠᠯᠠᠨ ᠲᠠᠷᠬᠠᠭᠠᠵᠦ᠂ ᠵᠢᠯ ᠳᠤ | ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠢ ᠪᠦᠬᠦᠨ ᠢ ᠪᠥᠷᠬᠦᠭᠦᠯᠦᠨ᠎ᠡ᠃ ᠤᠰᠤᠨ ᠰᠤᠷᠪᠤᠯᠵᠢ ᠶᠢ ᠬᠠᠮᠠᠭᠠᠯᠠᠬᠤ | ᠡᠷᠴᠢᠮ ᠢᠶᠠᠨ ᠴᠢᠩᠭᠠᠳᠬᠠᠵᠦ᠂ ᠵᠢᠯ ᠳᠤ ᠤᠯᠢᠶᠠᠰᠤᠲᠠᠢ ᠪᠠᠯᠭᠠᠰᠤᠨ ᠤ ᠤᠰᠤᠨ ᠰᠤᠷᠪᠤᠯᠵᠢ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠳᠠᠭᠤᠰᠬᠠᠨ᠎ᠠ᠃ ᠭᠤᠤᠯ(ᠨᠠᠭᠤᠷ) ᠤᠨ ᠳᠠᠷᠤᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠬᠡᠪᠴᠢᠶᠡᠵᠢᠯ ᠠᠴᠠ ᠳᠣᠷᠣᠭᠰᠢᠬᠢ ᠭᠤᠤᠯ(ᠨᠠᠭᠤᠷ) ᠤᠨ ᠬᠠᠮᠢᠶᠠᠷᠤᠯᠲᠠ ᠶᠢᠨ ᠬᠦᠷᠢᠶ᠎ᠡ | ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠤᠯᠠᠭᠠᠶ ᠭᠤᠤᠯ ᠤᠨ ᠰᠠᠪᠠ ᠭᠠᠵᠠᠷ ᠪᠠ | ᠭᠤᠤᠯᠳᠠᠯᠭ᠎ᠠ ᠲᠠᠢ ᠭᠤᠤᠯ(ᠨᠠᠭᠤᠷ) ᠢ ᠬᠠᠮᠠᠭᠠᠯᠠᠬᠤ ᠲᠥᠷᠥᠯ ᠵᠦᠢᠯ ᠢ ᠲᠥᠯᠥᠪᠯᠡᠨ᠎ᠡ᠃ ᠪᠣᠬᠢᠷᠲᠤᠭᠰᠠᠨ | ᠰᠡᠵᠢᠭᠯᠡᠯᠲᠡᠢ ᠭᠠᠵᠠᠷ ᠢ ᠪᠠᠶᠢᠴᠠᠭᠠᠨ ᠢᠯᠡᠷᠡᠭᠦᠯᠬᠦ ᠪᠠ ᠬᠦᠨᠳᠦ ᠲᠡᠮᠦᠷᠯᠢᠭ ᠤᠨ ᠠᠵᠢᠯ ᠲᠥᠷᠥᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠳᠬᠠᠵᠦ᠂ ᠠᠶᠤᠯᠲᠠᠶ ᠬᠠᠶᠠᠭᠳᠠᠮᠠᠯ ᠪᠣᠳᠠᠰ ᠢ ᠬᠠᠮᠢᠶᠠᠷᠤᠨ ᠰᠢᠢᠳᠪᠦᠷᠢᠯᠡᠬᠦ | ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠯᠲᠠ ᠪᠠ ︽ᠳᠠᠬᠢᠨ ᠪᠠᠶᠢᠴᠠᠭᠠᠵᠦ ᠦᠵᠡᠬᠦ︾ ᠠᠵᠢᠯᠯᠠᠭ᠎ᠠ ᠳᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠬᠦ ᠪᠠᠨ ᠲᠦᠷᠭᠡᠳᠭᠡᠵᠤ᠂ ᠪᠦᠬᠦ ᠠᠰᠠᠭᠤᠳᠠᠯ ᠢ 6 ᠰᠠᠷ᠎ᠠ ᠶᠢᠨ ᠰᠡᠭᠦᠯᠴᠢ ᠠᠴᠠ ᠡᠮᠦᠨ᠎ᠡ ᠵᠠᠪᠠᠯ ᠴᠡᠭᠴᠡᠯᠡᠨ | ᠳᠠᠭᠤᠰᠬᠠᠨᠡ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠳᠠᠯᠲᠠ ᠬᠡᠮ ᠢ | ᠥᠪᠡᠰᠦᠪᠡᠨ ᠪᠠᠶᠢᠴᠠᠭᠠᠨ ᠵᠠᠯᠠᠷᠠᠭᠤᠯᠬᠤ ᠠᠵᠢᠯ ᠢ ᠥᠷᠨᠢᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠡᠭᠡᠯᠵᠢ ᠶᠢᠨ ᠱᠠᠭᠠᠷᠳᠠᠨ | ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠵᠦ᠂ ᠥᠪᠡᠰᠦᠪᠡᠨ ᠪᠠᠶᠢᠴᠠᠭᠠᠭᠰᠠᠨ ᠠᠰᠠᠭᠤᠳᠠᠯ ᠪᠠ ᠬᠠᠷᠢᠭᠤ | ᠲᠤᠰᠬᠠᠭᠰᠠᠨ ᠠᠰᠠᠭᠤᠳᠠᠯ ᠢ ᠳᠠᠷᠤᠶ ᠳᠤᠨᠢ ᠴᠡᠭᠴᠡᠯᠡᠨ ᠳᠠᠭᠤᠰᠬᠠᠵᠦ᠂ ᠣᠷᠳᠣ ᠬᠤᠭᠤᠴᠠᠭ᠎ᠠ ᠪᠠᠷ ᠴᠡᠭᠴᠡᠯᠡᠭᠡᠳ | ᠳᠠᠭᠤᠰᠬᠤ ᠥᠬᠡᠶ ᠠᠰᠠᠭᠤᠳᠠᠯ ᠢᠯᠡᠷᠡᠬᠦ ᠠᠴᠠ ᠵᠠᠶᠢᠯᠠᠰᠭᠢᠨ᠎ᠡ᠃ | ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠵᠢᠯ ᠤᠨ | ᠥᠷᠢ ᠦᠭᠴᠡᠭᠡ ᠰᠢᠢᠳᠪᠦᠷᠢᠯᠡᠬᠦ ᠲᠥᠯᠥᠪᠯᠡᠭᠡ ᠶᠢ ᠵᠣᠬᠢᠰᠲᠠᠢ ᠲᠣᠭᠲᠠᠭᠠᠵᠤ᠂ ᠵᠢᠯ ᠳᠤ 9.46 ᠳ᠋ᠦᠩᠰᠢᠭᠤᠷ | ᠲᠥᠭᠦᠷᠢᠭ ᠤᠨ ᠥᠷᠢ ᠦᠭᠴᠡᠭᠡ ᠰᠢᠢᠳᠪᠦᠷᠢᠯᠡᠬᠦ ᠡᠭᠦᠷᠭᠡ ᠶᠢ ᠪᠡᠶᠡᠯᠡᠭᠦᠯᠤᠨ᠂ ᠠᠷᠠᠳ ᠤᠨ ᠡᠵᠡᠩᠨᠡᠯᠳᠣ ᠠᠵᠤ | ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠮᠠᠳᠠᠭ ᠦᠭᠡᠢ ᠦᠷᠢ ᠦᠭᠴᠡᠭᠡ ᠶᠢ | ᠪᠦᠬᠦᠨ ᠢ ᠰᠢᠢᠳᠪᠦᠷᠢᠯᠡᠨ᠎ᠡ᠃ ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠵᠤ᠂ ᠣᠷᠣᠯᠭ᠎ᠠ ᠪᠠᠨ ᠦᠵᠡᠵᠦ ᠵᠠᠷᠤᠬᠤ︾ | ᠵᠠᠷᠴᠢᠮ ᠢ ᠪᠠᠷᠢᠮᠲᠠᠯᠠᠵᠤ᠂ ᠪᠦᠬᠦ ᠵᠢᠯ ᠳᠤ ᠡᠩ ᠤᠨ ᠵᠠᠷᠤᠯᠭ᠎ᠠ ᠶᠢ 10% ᠠᠴᠠ ᠳᠡᠭᠡᠭᠰᠢ ᠪᠠᠭᠠᠰᠬᠠᠨ᠂ ᠴᠢᠬᠤᠯᠠ | ᠪᠤᠰᠤ ᠲᠦᠷᠦᠯ ᠵᠦᠢᠯ ᠤᠨ ᠵᠠᠷᠤᠯᠭ᠎ᠠ ᠶᠢ ᠬᠦᠴᠦᠨ ᠦᠭᠡᠢ ᠪᠣᠯᠭᠠᠵᠤ᠂ ᠰᠢᠨ᠎ᠡ ᠪᠠᠷ ᠨᠡᠮᠡᠭᠳᠡᠬᠦ ᠲᠦᠷᠦᠯ ᠵᠦᠢᠯ ᠤᠨ | ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠵᠠᠷᠴᠢᠮ ᠳᠡᠭᠡᠷ᠎ᠡ ᠪᠠᠨ ᠰᠢᠨ᠎ᠡ ᠪᠠᠷ ᠵᠠᠷᠤᠯᠭ᠎ᠠ ᠶᠢᠨ ᠲᠦᠷᠦᠯ ᠨᠡᠮᠡᠭᠳᠡᠭᠦᠯᠬᠦ | ᠦᠭᠡᠢ ᠪᠠᠶᠢᠵᠤ᠂ ᠨᠢᠭᠤᠭᠳᠠᠮᠠᠯ ᠥᠷᠢ ᠥᠭᠴᠡᠭᠡ ᠨᠡᠮᠡᠭᠳᠡᠬᠦ ᠶᠢ ᠡᠷᠡᠰ ᠬᠢᠵᠠᠭᠠᠷᠯᠠᠨ᠎ᠠ᠃ ᠭᠤᠤᠯᠳᠠᠯᠭᠠᠳᠤ | ᠭᠠᠶᠢᠯᠢ ᠶᠢᠨ ᠢᠷᠡᠯᠲᠡ᠂ ᠭᠠᠶᠢᠯᠢ ᠶᠢᠨ ᠲᠥᠷᠥᠯ ᠪᠠ ᠭᠤᠤᠯᠳᠠᠯᠭᠠᠳᠤ ᠠᠵᠤ ᠠᠬᠤᠶᠢᠯᠠᠯ ᠠᠴᠠ ᠭᠠᠶᠢᠯᠢ | ᠲᠠᠲᠠᠪᠤᠷᠢᠯᠠᠬᠤ ᠪᠠᠨ ᠴᠢᠩᠭᠠᠳᠬᠠᠵᠤ᠂ ᠭᠠᠶᠢᠯᠢ ᠬᠤᠷᠢᠶᠠᠬᠤ ᠵᠤᠬᠢᠰᠲᠠᠢ ᠪᠣᠯ ᠪᠦᠬᠦᠨ ᠢ ᠬᠤᠷᠢᠶᠠᠬᠤ ᠶᠢᠨ ᠬᠠᠮᠲᠤ᠂ | ᠬᠤᠳᠠᠯ ᠢᠶᠠᠷ ᠨᠡᠮᠡᠭᠳᠡᠭᠦᠯᠵᠦ ᠨᠡᠭᠦᠯᠭᠡᠨ ᠰᠢᠯᠵᠢᠭᠦᠯᠬᠦ ᠶᠢ ᠴᠢᠩᠭ᠎ᠠ ᠬᠤᠷᠢᠭᠯᠠᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠤᠷᠢᠳᠴᠢᠯᠠᠨ ᠰᠡᠷᠡᠮᠵᠢᠯᠡᠬᠦ ᠪᠠ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠠᠰᠢᠭ ᠦᠭᠡᠢ ᠡᠳ᠋ ᠬᠦᠷᠦᠩᠭᠡ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠬᠠᠤᠯᠢ ᠪᠤᠰᠤ ᠮᠥᠩᠭᠦᠨ | ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮᠴᠢ ᠴᠢᠨᠠᠷᠲᠠᠶ ᠮᠥᠩᠭᠦᠨ ᠭᠦᠢᠯᠭᠡᠭᠡᠨ ᠤ | ᠲᠦᠭᠰᠢᠭᠦᠷᠢ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ | ︵ᠬᠤᠶᠠᠷ︶ ᠠᠵᠤ ᠠᠬᠤᠶ ᠶᠢᠨ ᠡᠵᠡᠩᠨᠡᠯᠲᠡ ᠶᠢ ᠪᠦᠬᠦ ᠬᠦᠴᠦᠨ ᠢᠶᠠᠷ ᠲᠣᠭᠲᠠᠪᠤᠷᠢᠵᠢᠭᠤᠯᠤᠨ᠂ ᠪᠡᠯᠡ | ᠣᠷᠣᠭᠤᠯᠤᠯᠲᠠ ᠶᠢ ᠨᠡᠮᠡᠭᠳᠡᠭᠦᠯᠦᠨ᠂ ᠬᠡᠷᠡᠭᠯᠡᠭᠡ ᠶᠢ ᠠᠬᠢᠭᠤᠯᠤᠨ᠎ᠠ | ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠦ ᠠᠬᠤᠢ ᠶᠢᠨ ᠬᠦᠭᠵᠢᠯᠲᠡ ᠶᠢᠨ《 ᠬᠤᠶᠠᠷ ᠢ ᠠᠳᠬᠤᠬᠤ᠂ | ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ》 ᠶᠢ ᠪᠠᠷᠢᠮᠲᠠᠯᠠᠨ᠂ ᠵᠢᠯ ᠳᠤ 500 ᠲᠦᠮᠡᠨ ᠲᠦᠭᠦᠷᠢᠭ | ᠠᠴᠠ ᠳᠡᠭᠡᠭᠰᠢᠬᠢ ᠭᠤᠤᠯᠳᠠᠯᠭᠠᠲᠤ ᠲᠦᠷᠦᠯ ᠵᠦᠢᠯ ᠢ 51 ᠲᠤᠬᠢᠷᠠᠭᠤᠯᠤᠨ᠎ᠠ᠃ ᠵᠢᠯ ᠳᠤ᠂ ᠨᠦᠩᠨᠠᠢ ᠶᠢᠨ ᠰᠦᠮ᠎ᠡ | ᠶᠢᠨ ᠠᠭᠤᠷᠬᠠᠢ ᠶᠢᠨ ᠣᠷᠣᠨ ᠤ ᠶᠡᠷᠦᠩᠬᠡᠢ ᠲᠥᠯᠥᠪᠵᠢᠭᠦᠯᠭᠡ ᠶᠢ ᠴᠤᠬᠤᠯᠠᠪᠤᠷᠢᠯᠠᠬᠤ ᠪᠠ ᠴᠠᠭᠠᠨᠲᠣᠯᠣᠭᠠᠢ ᠵᠠᠳᠠᠭᠠᠢ | ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦᠯᠬᠦ ᠠᠵᠢᠯ ᠢ ᠴᠢᠷᠮᠠᠶᠢᠨ ᠪᠡᠶᠡᠯᠡᠭᠦᠯᠵᠦ᠂ | ᠦᠩᠲᠦ ᠨᠡᠭᠦᠷᠡᠰᠦᠨ ᠠᠭᠤᠷᠬᠠᠢ ᠶᠢᠨ 120 ᠲᠦᠮᠡᠨ ᠲᠣᠨ ᠦᠢᠯᠡᠳᠪᠦᠷᠢᠯᠡᠯ ᠢᠶᠠᠨ ᠥᠷᠭᠡᠳᠬᠡᠬᠦ ᠲᠥᠷᠥᠯ ᠵᠦᠢᠯ | ᠤᠨ ᠳᠡᠰ ᠳᠡᠪᠰᠢᠭᠦᠯᠬᠦ ᠲᠥᠰᠦᠯ ᠢ ᠬᠢᠨᠠᠨ ᠵᠥᠪᠰᠢᠶᠡᠷᠡᠭᠦᠯᠵᠦ᠂ ᠠᠮᠤᠭᠤᠯᠠᠩ ᠨᠡᠭᠦᠷᠡᠰᠦᠨ ᠠᠭᠤᠷᠬᠠᠶ᠂ ᠲᠢᠶᠠᠨ ᠳ᠋ᠢ | ᠨᠡᠭᠦᠷᠡᠰᠦᠨ ᠠᠭᠤᠷᠬᠠᠢ ᠶᠢᠨ 60 ᠲᠦᠮᠡᠨ ᠲᠣᠨ ᠮᠡᠷᠭᠡᠵᠢᠯ ᠰᠢᠨᠡᠴᠢᠯᠡᠬᠦ ᠢᠨᠵᠧᠨᠧᠷᠢᠩ ᠢ ᠠᠰᠢᠭᠯᠠᠯᠲᠠ ᠳᠤ | ᠤᠷᠤᠭᠤᠯᠬᠤ ᠶᠢ ᠠᠬᠢᠭᠤᠯᠵᠦ᠂ ᠤᠯᠠᠭᠠᠨᠲᠤᠯᠤᠭᠠᠢ ᠶᠢᠨ ᠵᠡᠭᠦᠨ ᠬᠡᠰᠡᠭ᠂ 1017 ᠦᠨᠳᠦᠷᠯᠢᠭ ᠪᠠ | ᠬᠦᠪᠳᠦᠨᠲᠤᠯᠤᠭᠠᠢ ᠦᠩᠭᠡᠲᠦ ᠲᠡᠮᠦᠷᠯᠢᠭ ᠰᠤᠩᠭᠤᠨ ᠪᠤᠯᠪᠠᠰᠤᠷᠠᠭᠤᠯᠬᠤ ᠲᠥᠷᠥᠯ ᠵᠦᠢᠯ ᠤᠨ ᠠᠭᠤᠷᠬᠠᠶ ᠮᠠᠯᠲᠠᠬᠤ | ᠦᠨᠡᠮᠯᠡᠯ ᠢ ᠭᠦᠢᠴᠡᠳᠬᠡᠵᠦ᠂ ᠵᠦᠩ ᠶᠣᠸᠠᠨ᠂ ᠬᠤᠩ ᠪᠥᠸᠧ᠂ ᠤᠮᠠᠷᠠᠲᠦ ᠶᠢᠨ ᠴᠢᠯᠠᠭᠤᠨ ᠲᠣᠰᠣᠨ ᠤ ᠡᠷᠢᠶᠡᠨ | ᠳᠠᠬᠢ ᠬᠤᠪᠢᠶᠠᠷᠢ ᠺᠣᠮᠫᠠᠨᠢ 67 ᠬᠤᠳᠳᠤᠭ ᠮᠠᠯᠲᠠᠬᠤ ᠶᠢ ᠠᠬᠢᠭᠤᠯᠤᠨ᠎ᠠ᠃ ︽ᠰᠢᠯᠢᠳᠡᠭ ᠢ ᠨᠢ ᠲᠡᠳᠬᠦᠵᠦ | ᠰᠢᠭᠠᠷᠤ ᠶᠢ ᠨᠢ ᠰᠢᠭᠰᠢᠬᠦ︾ ᠶᠢ ᠪᠠᠷᠢᠮᠲᠠᠯᠠᠨ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ ᠤ | ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠳᠣᠣᠷ᠎ᠠ ᠲᠡᠰ ᠤᠨ ᠬᠤᠴᠣᠷᠤᠩᠭᠤᠢ ᠦᠢᠯᠡᠳᠪᠦᠷᠢᠯᠡᠯ ᠤᠨ | ᠴᠢᠳᠠᠪᠬᠢ ᠶᠢ ᠦᠭᠡᠶᠢᠰᠭᠡᠵᠦ᠂ ᠠᠵᠢᠯ ᠲᠥᠷᠥᠯ ᠢᠶᠠᠨ ᠳᠠᠬᠢᠨ ᠵᠣᠬᠢᠶᠠᠨ ᠪᠠᠶᠢᠭᠤᠯᠬᠤ ᠪᠠ ᠬᠡᠯᠬᠢᠶᠡᠰᠦ ᠶᠢ ᠳᠠᠬᠢᠨ | ᠪᠦᠲᠦᠭᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠴᠢᠳᠠᠪᠤᠷᠢ ᠶᠢ | ᠤᠯᠠᠮ ᠳᠡᠭᠡᠭᠰᠢᠯᠡᠭᠦᠯᠵᠦ᠂ ᠪᠦᠬᠦ ᠵᠢᠯ ᠳᠤ ᠵᠠᠭᠤᠨ ᠲᠦᠮᠨ ᠠᠴᠠ ᠳᠡᠭᠡᠭᠰᠢ ᠠᠮᠢᠳᠤ ᠮᠠᠯ | ᠡᠳ᠋ᠰᠢᠭᠦᠯᠤᠨ ᠪᠤᠯᠪᠠᠰᠤᠷᠠᠭᠤᠯᠬᠤ ᠶᠢ ᠦᠨᠡᠨᠬᠦ ᠪᠠᠲᠤᠯᠠᠨ᠎ᠠ᠃ ᠪᠦᠬᠦ ᠵᠢᠯ ᠳᠤ ᠠᠵᠤ ᠦᠢᠯᠡᠳᠪᠦᠷᠢ ᠶᠢᠨ | ᠦᠢᠯᠡᠳᠬᠦᠨ ᠤ ᠥᠷᠲᠡᠭ ᠢ 21.6 ᠳ᠋ᠦᠩᠰᠢᠭᠤᠷ ᠲᠥᠭᠦᠷᠢᠭ ᠲᠤ ᠬᠦᠷᠭᠡᠵᠦ᠂ 12% ᠢᠶᠠᠷ ᠨᠡᠮᠡᠭᠳᠡᠭᠦᠯᠦᠨ᠂ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 14.7 ᠳ᠋ᠦᠩᠰᠢᠭᠤᠷ ᠲᠥᠭᠦᠷᠢᠭ ᠲᠤ ᠬᠦᠷᠭᠡᠵᠦ᠂ 9.3% ᠪᠠᠷ | ᠨᠡᠮᠡᠭᠳᠡᠭᠦᠯᠦᠨ᠎ᠡ᠃ | ᠪᠦᠲᠦᠮᠵᠢᠲᠡᠶ ᠪᠠᠯᠠ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠵᠠᠰᠠᠭ ᠤᠨ ᠣᠷᠳᠣᠨ ᠤ | ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠰᠠᠶᠢᠲᠤᠷ ᠠᠰᠢᠭᠯᠠᠨ᠂ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢᠨ ᠬᠡᠷᠡᠭᠯᠡᠬᠦ ᠬᠦᠷᠢᠶ᠎ᠡ ᠬᠡᠪᠴᠢᠶ᠎ᠡ᠂ ᠴᠢᠬᠤᠯᠠ ᠬᠠᠨᠳᠤᠰᠢ ᠪᠠ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ | ᠲᠥᠷᠥ ᠶᠢᠨ ᠪᠣᠳᠣᠯᠭ᠎ᠠ ᠪᠠ ᠪᠠᠯᠠ ᠣᠷᠣᠭᠤᠯᠤᠯᠲᠠ ᠶᠢᠨ ᠴᠢᠭᠯᠡᠯ ᠢ ᠨᠠᠷᠢᠨ ᠬᠢᠨᠠᠮᠠᠭᠠᠶ ᠰᠤᠳᠤᠯᠵᠤ᠂ ᠭᠠᠵᠠᠷ | ᠣᠷᠣᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠪᠣᠳᠠᠲᠤ ᠪᠠᠶᠢᠳᠠᠯ᠂ ᠨᠡᠯᠢᠶᠡᠳ | ᠳᠠᠪᠠᠭᠤᠯᠢᠭ ᠪᠠ ᠳᠤᠳ᠋ᠬᠠᠳᠠᠯ ᠠᠵᠤ ᠦᠢᠯᠡᠰ ᠲᠤ ᠰᠠᠭᠤᠷᠢᠯᠠᠨ᠂ ᠵᠤᠷᠢᠯᠲᠠ ᠲᠠᠢ ᠪᠠᠷ ᠨᠢᠭᠡ ᠪᠦᠯᠦᠭ ᠠᠵᠦ ᠦᠢᠯᠡᠰ | ᠤᠨ ᠬᠡᠯᠬᠢᠶᠡᠰᠦ ᠶᠢ ᠤᠷᠲᠤᠳᠬᠠᠨ ᠪᠠᠲᠤᠵᠢᠭᠤᠯᠬᠤ ᠲᠥᠷᠥᠯ ᠵᠦᠢᠯ ᠢ ᠰᠦᠪᠡᠭᠴᠢᠯᠡᠨ ᠨᠥᠭᠡᠴᠡᠯᠡᠵᠦ᠂ ᠲᠥᠷᠥᠯ | ᠵᠦᠢᠯ ᠢ ᠨᠦᠬᠡᠴᠡᠯᠡᠬᠦ ᠪᠠ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠬᠢᠵᠦ᠂ ᠲᠥᠷᠥᠯ ᠵᠦᠢᠯ ᠤᠨ | ᠪᠡᠯᠡ ᠮᠦᠩᠭᠦ ᠶᠢ ᠪᠦᠲᠦᠮᠵᠢᠲᠠᠢ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠪᠠᠶᠢᠭᠤᠯᠬᠤ ᠪᠠ ᠦᠷᠭᠡᠳᠭᠡᠨ ᠪᠠᠶᠢᠭᠤᠯᠬᠤ | ᠲᠥᠷᠥᠯ ᠵᠦᠢᠯ ᠢ ᠯᠠᠪᠳᠠᠭᠤᠨ ᠪᠠᠲᠤᠲᠠᠶ ᠠᠬᠢᠭᠤᠯᠵᠤ᠂ ᠵᠢᠯ ᠳᠤ 10 ᠲᠦᠮᠡᠨ ᠲᠣᠨ ᠢᠯᠵᠢᠮᠡᠭ ᠤᠨ ᠬᠦᠴᠢᠯ ᠤᠨ | ᠪᠦᠲᠦᠭᠡᠭᠳᠡᠬᠦᠨ ᠦᠢᠯᠡᠳᠪᠦᠷᠢᠯᠡᠬᠦ ᠲᠦᠷᠦᠯ ᠵᠦᠢᠯ᠂ ᠪᠤᠯᠠᠭ ᠤᠨ ᠵᠢᠯ ᠳᠤ 45 ᠲᠦᠮᠡᠨ ᠲᠣᠨ ᠴᠣᠬᠤᠢ ᠶᠢᠨ | ᠴᠢᠯᠠᠭᠤᠯᠢᠭ ᠨᠡᠭᠡᠭᠡᠨ ᠮᠠᠯᠲᠠᠬᠤ ᠪᠠ ᠷᠦᠩ ᠭᠤᠸᠠᠨ ᠠᠭᠤᠷᠬᠠᠢ ᠶᠢᠨ ᠦᠯᠡᠳᠡᠭᠳᠡᠯ ᠠᠭᠤᠷᠬᠠᠢ ᠶᠢ ᠥᠷᠭᠡᠳᠬᠡᠨ | ᠪᠠᠶᠢᠭᠤᠯᠬᠤ ᠲᠥᠷᠥᠯ ᠵᠦᠢᠯ ᠢ ᠠᠵᠢᠯ ᠡᠬᠢᠯᠡᠭᠦᠯᠤᠨ᠎ᠠ᠃ 331 ᠨᠣᠮᠧᠷᠲᠤ ᠤᠯᠤᠰ ᠤᠨ ᠲᠡᠰ ᠤᠨ ᠵᠠᠰᠠᠮᠠᠯ ᠵᠠᠮ ᠤᠨ | ᠪᠣᠭᠳ᠋ᠬᠠᠭᠤᠯᠠ ᠠᠴᠠ ᠠᠷᠤ ᠨᠠᠭᠤᠷ ᠤᠨ ᠪᠦᠳᠦᠭᠦᠨ ᠬᠦᠷᠬᠦ ᠬᠡᠰᠡᠭ ᠪᠠ 306 ᠨᠣᠮᠧᠷᠲᠤ ᠤᠯᠤᠰ ᠤᠨ ᠲᠡᠰ ᠤᠨ | ᠵᠠᠰᠠᠮᠠᠯ ᠵᠠᠮ ᠤᠨ ᠤᠯᠢᠶᠠᠰᠤᠲᠠᠢ ᠠᠴᠠ ᠵᠡᠭᠦᠨ ᠬᠠᠲᠠᠪᠴᠢ ᠬᠦᠷᠬᠦ ᠬᠡᠰᠡᠭ ᠢ ᠪᠦᠬᠦ ᠱᠤᠭᠤᠮ ᠢᠶᠠᠷ ᠲᠡᠷᠭᠡ | ᠨᠡᠪᠲᠡᠷᠡᠭᠦᠯᠵᠦ᠂ 331 ᠨᠣᠮᠧᠷᠲᠤ ᠤᠯᠤᠰ ᠤᠨ ᠲᠡᠰ ᠤᠨ ᠵᠠᠰᠠᠮᠠᠯ ᠵᠠᠮ ᠤᠨ ᠠᠷᠤ ᠨᠠᠭᠤᠷ ᠤᠨ ᠪᠦᠳᠦᠭᠦᠨ ᠠᠴᠠ | ᠤᠯᠢᠶᠠᠰᠤᠲᠠᠢ ᠬᠦᠷᠬᠦ ᠬᠡᠰᠡᠭ ᠪᠠ ᠠᠯᠲᠠᠨᠬᠢᠯᠢ ᠰᠤᠮᠤ ᠠᠴᠠ ᠦᠯᠵᠡᠶᠢᠲᠦ ᠣᠪᠣᠭ᠎ᠠ ᠬᠦᠷᠬᠦ ᠬᠡᠰᠡᠭ ᠤᠨ ᠬᠢᠯᠢ ᠶᠢᠨ | ᠬᠠᠮᠠᠭᠠᠯᠠᠯᠲᠠ ᠶᠢᠨ ᠵᠠᠰᠠᠮᠠᠯ ᠵᠠᠮ ᠢ ᠠᠵᠢᠯ ᠡᠬᠢᠯᠡᠭᠦᠯᠵᠦ᠂ 306 ᠨᠣᠮᠧᠷᠲᠤ ᠤᠯᠤᠰ ᠤᠨ ᠲᠡᠰ ᠤᠨ ᠵᠠᠰᠠᠮᠠᠯ ᠵᠠᠮ ᠤᠨ | ᠤᠯᠢᠶᠠᠰᠤᠲᠠᠢ ᠠᠴᠠ ᠪᠠᠯᠭᠠᠷᠭᠤᠤᠯ ᠬᠦᠷᠬᠦ ᠬᠡᠰᠡᠭ ᠢ ᠠᠵᠢᠯ ᠡᠬᠢᠯᠡᠭᠦᠯᠬᠦ ᠪᠠᠷ ᠴᠢᠷᠮᠠᠶᠢᠵᠦ᠂ 331 ᠨᠣᠮᠧᠷᠲᠤ | ᠤᠯᠤᠰ ᠤᠨ ᠲᠡᠰ ᠤᠨ ᠵᠠᠰᠠᠮᠠᠯ ᠵᠠᠮ ᠤᠨ ᠤᠯᠢᠶᠠᠰᠤᠲᠠᠢ ᠠᠴᠠ ᠡᠵᠢᠨᠠᠭᠤᠷ ᠬᠦᠷᠬᠦ ᠬᠡᠰᠡᠭ ᠤᠨ ᠪᠦᠬᠦ | ᠢᠨᠵᠧᠨᠧᠷᠢᠩ ᠤᠨ 50% ᠶᠢ ᠪᠡᠶᠡᠯᠡᠭᠦᠯᠦᠨ᠎ᠡ᠃ ᠵᠡᠭᠦᠨ ᠦᠵᠦᠮᠦᠴᠢᠨ ᠠᠷᠠᠳ ᠤᠨ ᠬᠡᠷᠡᠭᠯᠡᠭᠡᠨ ᠤ ᠲᠡᠭᠡᠭᠡᠪᠦᠷᠢ | ᠶᠢᠨ ᠨᠢᠰᠬᠡᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠷᠢᠳᠴᠢᠯᠠᠭᠰᠠᠨ | ᠪᠤᠯᠤᠮᠵᠢᠲᠦ ᠰᠤᠳᠤᠯᠭᠠᠨ ᠤ ᠬᠢᠨᠠᠨ ᠪᠠᠶᠢᠴᠠᠭᠠᠵᠦ ᠮᠡᠳᠡᠭᠦᠯᠦᠨ ᠴᠤᠬᠤᠯᠠᠪᠤᠷᠢᠯᠠᠬᠤ ᠠᠵᠢᠯ ᠢ ᠪᠡᠶᠡᠯᠡᠭᠦᠯᠦᠨ᠎ᠡ᠃ | 5973 ᠲᠦᠮᠡᠨ ᠲᠥᠭᠦᠷᠢᠭ ᠤᠨ ᠪᠠᠯᠠ ᠣᠷᠣᠭᠤᠯᠵᠦ᠂ 5 ᠴᠠᠬᠢᠯᠭᠠᠨ ᠬᠦᠴᠦᠨ ᠤ ᠲᠣᠣᠷ ᠢ | ᠥᠭᠡᠷᠡᠴᠢᠯᠡᠡ ᠰᠠᠶᠢᠵᠢᠷᠠᠭᠤᠯᠬᠤ ᠢᠨᠵᠧᠨᠧᠷᠢᠩ ᠢ ᠲᠦᠯᠬᠢᠨ ᠠᠬᠢᠭᠤᠯᠤᠨ᠎ᠠ᠃ ︽ᠵᠡᠭᠦᠨ ᠦᠵᠦᠮᠦᠴᠢᠨ | ᠬᠤᠰᠢᠭᠤᠨ ᠤ ᠠᠵᠦ ᠦᠢᠯᠡᠳᠪᠦᠷᠢ ᠶᠢᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ | ᠲᠡᠳᠬᠦᠵᠦ ᠱᠠᠩᠨᠠᠨ ᠬᠦᠬᠢᠭᠦᠯᠬᠦ ᠠᠷᠭ᠎ᠠ︾ ᠶᠢᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠣᠨᠣᠪᠴᠢᠲᠠᠢ | ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠭᠤᠯᠬᠤ᠂ ᠠᠵᠤ ᠦᠢᠯᠡᠰ ᠤᠨ | ᠬᠡᠯᠬᠢᠶ᠎ᠠ ᠪᠠᠷ ᠬᠤᠳᠠᠯᠳᠤᠭᠠᠴᠢᠨ ᠤᠷᠢᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠴᠢᠨᠠᠷᠯᠢᠭ ᠬᠥᠭᠵᠢᠯᠲᠡ ᠶᠢᠨ | ᠱᠠᠭᠠᠷᠳᠠᠯᠭ᠎ᠠ ᠳᠤ ᠨᠡᠶᠢᠴᠡᠭᠰᠡᠨ ᠨᠢᠭᠡ ᠪᠦᠯᠦᠭ ᠶᠡᠭᠡ ᠪᠠᠭ᠎ᠠ ᠲᠥᠷᠥᠯ ᠵᠦᠢᠯ ᠢ ᠣᠷᠣᠭᠤᠯᠤᠨ᠂ ᠰᠠᠶᠢᠲᠤᠷ ᠮᠥᠷᠳᠡᠨ | ᠦᠢᠯᠡᠴᠢᠯᠡᠵᠦ᠂ ᠪᠣᠳᠠᠲᠠᠢ ᠳᠤ ᠨᠠᠶᠢᠳᠠᠪᠤᠷᠢᠵᠢᠭᠤᠯᠤᠨ ᠠᠰᠢᠭ ᠡᠭᠦᠳᠬᠦ ᠶᠢ ᠪᠠᠲᠤᠯᠠᠨ᠎ᠠ᠃ | ᠬᠡᠷᠡᠭᠯᠡᠭᠡ ᠶᠢ ᠬᠦᠭᠵᠢᠭᠡᠵᠦ᠂ ᠰᠢᠨ᠎ᠡ ᠰᠣᠷᠭᠤᠭ ᠢᠶᠠᠷ ᠬᠠᠳᠠᠭᠠᠯᠠᠵᠣ ᠬᠦᠷᠭᠡᠬᠦ ᠪᠤᠳᠠᠰ ᠤᠨ ᠭᠦᠢᠯᠭᠡᠭᠡ᠂ | ᠡᠯᠧᠺᠲᠷᠣᠨ ᠬᠤᠳᠠᠯᠳᠤᠭᠠᠨ ᠤ ᠶᠠᠪᠤᠳᠠᠯ᠂ ᠮᠡᠳᠡᠭᠡ ᠵᠠᠩᠭᠢ ᠪᠠ ᠵᠠᠭᠤᠴᠢ ᠦᠢᠯᠡᠴᠢᠯᠡᠭᠡ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠪᠣᠯᠤᠨ ᠨᠡᠷ᠎ᠡ ᠲᠡᠮᠳᠡᠭᠲᠦ ᠦᠢᠯᠡᠴᠢᠯᠡᠭᠡ ᠵᠡᠷᠭᠡ ᠦᠢᠯᠡᠳᠪᠦᠷᠢᠯᠡᠬᠦ ᠴᠢᠨᠠᠷᠲᠠᠶ ᠦᠢᠯᠡᠴᠢᠯᠡᠭᠡᠨ ᠤ | ᠦᠢᠯᠡᠰ ᠢ ᠡᠷᠴᠢᠮᠳᠡᠢ ᠬᠥᠭᠵᠢᠭᠦᠯᠤᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠠᠵᠤ | ᠦᠢᠯᠡᠰ ᠤᠨ ᠲᠤᠭᠤᠷᠢᠭ ᠢ ᠨᠡᠭᠦᠯᠭᠡᠬᠦ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠦᠨ᠎ᠡ᠃ ᠰᠣᠶᠣᠯ ᠵᠤᠭᠠᠴᠠᠯ ᠤᠨ | ᠡᠬᠢ ᠪᠠᠶᠠᠯᠢᠭ ᠢ ᠰᠠᠶᠢᠲᠤᠷ ᠠᠭᠤᠳᠠᠯᠯᠠᠨ᠂ ᠰᠣᠶᠣᠯ᠂ ᠪᠡᠶ᠎ᠡ ᠲᠠᠮᠢᠷ᠂ ᠵᠤᠭᠠᠴᠠᠯ ᠵᠡᠷᠭᠡ ᠶᠢᠨ ᠬᠡᠷᠡᠭᠯᠡᠭᠡ ᠶᠢ | ᠬᠦᠭᠵᠢᠭᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠤᠭᠠᠴᠠᠯ ᠤᠨ ᠬᠥᠭᠵᠢᠯᠲᠡ ᠶᠢᠨ | ᠲᠦᠯᠦᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ᠤᠯᠢᠶᠠᠰᠤᠲᠠᠢ ᠠᠭᠤᠯᠠ ᠶᠢᠨ ᠦᠵᠡᠮᠵᠢ ᠶᠢᠨ ᠣᠷᠣᠨ ᠢ 8 | ᠰᠠᠷ᠎ᠠ ᠠᠴᠠ ᠡᠮᠦᠨ᠎ᠡ ᠠᠰᠢᠭᠯᠠᠯᠲᠠ ᠳᠤ ᠤᠷᠤᠭᠤᠯᠤᠨ᠎ᠠ᠃ ᠲᠠᠯ᠎ᠠ ᠨᠤᠲᠤᠭ ᠤᠨ ᠰᠣᠶᠣᠯ ᠵᠤᠭᠠᠴᠠᠯ᠂ ᠪᠠᠶᠢᠭᠠᠯᠢ ᠠᠮᠢ | ᠠᠬᠤᠢ ᠶᠢᠨ ᠣᠶᠢᠯᠠᠭᠠᠯᠲᠠ ᠶᠢᠨ ᠵᠤᠭᠠᠴᠠᠯ᠂ ᠬᠢᠯᠢ ᠪᠦᠰᠡ ᠶᠢᠨ ᠵᠤᠭᠠᠴᠠᠯ᠂ ᠭᠡᠷ ᠪᠦᠯᠢ ᠶᠢᠨ ᠵᠤᠭᠠᠴᠠᠯ ᠵᠡᠷᠭᠡ | ᠵᠤᠭᠠᠴᠠᠯ ᠤᠨ ᠦᠢᠯᠡᠰ ᠢ ᠦᠷᠬᠦᠯᠵᠢᠯᠡᠨ ᠬᠥᠭᠵᠢᠭᠦᠯᠵᠦ᠂ ᠡᠷᠡᠭᠦᠯ ᠡᠩᠬᠡ ᠠᠰᠠᠷᠠᠯ᠂ ᠲᠤᠰᠬᠠᠢ ᠱᠤᠭᠤᠮ ᠤᠨ | ᠵᠤᠭᠠᠴᠠᠯ᠂ ᠮᠦᠩᠭᠦᠨ ᠡᠪᠦᠯ ᠤᠨ ᠵᠤᠭᠠᠴᠠᠯ ᠵᠡᠷᠭᠡ ᠰᠢᠨ᠎ᠡ ᠬᠡᠯᠪᠡᠷᠢ ᠶᠢᠨ ᠵᠤᠭᠠᠴᠠᠯ ᠢ ᠰᠦᠪᠡᠭᠴᠢᠯᠡᠵᠦ᠂ | ᠵᠤᠭᠠᠴᠠᠭᠰᠠᠳ ᠤᠨ ᠬᠤᠨᠤᠭᠯᠠᠯ᠂ ᠤᠨᠴᠠᠯᠢᠭᠲᠤ ᠪᠠᠯᠭᠠᠰᠤ ᠶᠢ ᠵᠣᠷᠢᠭᠵᠢᠭᠤᠯᠤᠨ ᠬᠥᠭᠵᠢᠭᠦᠯᠵᠦ᠂ ᠥᠪᠥᠷ | ᠮᠣᠩᠭᠤᠯ ᠤᠨ ᠵᠡᠭᠦᠨ ᠬᠡᠰᠡᠭ ᠤᠨ ᠵᠢᠷᠭᠤᠭᠠᠨ ᠬᠤᠰᠢᠭᠤ ᠬᠤᠲᠠ ᠲᠣᠭᠤᠷᠢᠭ ᠤᠨ ᠵᠤᠭᠠᠴᠠᠯ ᠤᠨ ᠬᠠᠮᠲᠤᠷᠠᠯᠴᠠᠭ᠎ᠠ ᠶᠢ | ᠠᠬᠢᠭᠤᠯᠬᠤ ᠬᠤᠷᠠᠯ ᠢ ᠰᠠᠶᠢᠲᠤᠷ ᠡᠷᠬᠢᠯᠡᠵᠦ᠂ ︽ᠳᠥᠷᠪᠡᠨ ᠣᠯᠠᠷᠢᠯ ᠤᠨ ᠦᠵᠦᠮᠦᠴᠢᠨ︾ ᠰᠣᠶᠣᠯ ᠵᠤᠭᠠᠴᠠᠯ ᠤᠨ | ᠨᠡᠷ᠎ᠡ ᠲᠡᠮᠲᠡᠭᠲᠦ ᠶᠢ ᠦᠷᠭᠦᠯᠵᠢᠯᠡᠨ ᠪᠠᠬᠢᠵᠢᠭᠦᠯᠦᠨ᠎ᠡ᠃ ᠵᠤᠭᠠᠴᠠᠯ ᠬᠢᠭᠡᠳ ᠢᠨᠲ᠋ᠧᠷ ᠰᠦᠯᠵᠢᠶ᠎ᠡ ᠶᠢᠨ ᠠᠭᠤᠰᠤᠯᠴᠠᠯ ᠢ | ᠭᠦᠨᠵᠡᠭᠡᠶᠢᠷᠡᠭᠦᠯᠵᠦ᠂ 6 ᠰᠠᠷ᠎ᠠ ᠳᠤ ᠵᠤᠭᠠᠴᠠᠯ ᠤᠨ ᠦᠢᠯᠡᠴᠢᠯᠡᠭᠡᠨ ᠤ ᠲᠠᠪᠴᠠᠩ ᠤᠨ APP ᠶᠢ ᠠᠰᠢᠭᠯᠠᠯᠲᠠ ᠳᠤ | ᠣᠷᠣᠭᠤᠯᠬᠤ ᠶᠢ ᠪᠠᠲᠤᠯᠠᠵᠤ᠂ ᠵᠤᠭᠠᠴᠠᠯ ᠤᠨ ᠣᠶᠤᠨᠴᠢ ᠬᠠᠮᠢᠶᠠᠷᠤᠯᠲᠠ᠂ ᠣᠶᠤᠨᠴᠢ ᠦᠢᠯᠡᠴᠢᠯᠡᠭᠡ ᠪᠠ ᠣᠶᠤᠨᠴᠢ | ᠪᠣᠷᠣᠯᠠᠭᠤᠯᠭ᠎ᠠ ᠶᠢᠨ ᠴᠢᠳᠠᠪᠬᠢ ᠶᠢ ᠳᠡᠭᠡᠭᠰᠢᠯᠡᠭᠦᠯᠦᠨ᠎ᠡ᠃ | ︵ᠭᠤᠷᠪᠠ︶ ᠮᠠᠯ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ | ᠪᠠᠶᠢᠭᠠᠯᠢᠯᠢᠭ ᠮᠠᠯ ᠠᠵᠤ ᠠᠬᠤᠶ ᠪᠣᠯ ᠮᠠᠯ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢᠨ ᠴᠢᠬᠤᠯᠠ | ᠬᠠᠨᠳᠤᠰᠢ ᠪᠣᠯᠤᠨ᠎ᠠ᠃ ᠮᠠᠨ ᠤ ᠬᠤᠰᠢᠭᠤ ᠨᠤᠲᠤᠭ ᠪᠡᠯᠴᠢᠭᠡᠷ ᠤᠨ ᠡᠬᠢ ᠪᠠᠶᠠᠯᠢᠭ ᠡᠯᠪᠡᠭ᠂ ᠤᠰᠤ ᠲᠤᠩᠭᠠᠯᠠᠭ᠂ | ᠬᠦᠷᠦᠰᠦ ᠰᠢᠮᠡᠯᠢᠭ ᠪᠠᠶᠢᠳᠠᠭ᠂ ᠡᠨᠡ ᠨᠢ ᠦᠢᠯᠡᠳᠪᠦᠷᠢᠯᠡᠯ ᠤᠨ ᠬᠦᠴᠦᠨ᠂ ᠮᠦᠨᠴᠦ ᠥᠷᠢᠰᠥᠯᠳᠦᠬᠦ ᠬᠦᠴᠦᠨ | ᠪᠤᠯᠤᠨ᠎ᠠ᠃ ᠪᠢᠳᠡ ᠡᠷᠬᠡᠪᠰᠢ ᠡᠨᠠᠬᠦ ᠳᠠᠪᠠᠭᠤᠯᠢᠭ ᠢᠶᠠᠨ ᠰᠠᠶᠢᠲᠤᠷ ᠠᠰᠢᠭᠯᠠᠨ᠂ ︽ᠪᠠᠶᠢᠭᠠᠯᠢᠯᠢᠭ ᠢᠶᠠᠷ ᠮᠠᠯ ᠠᠵᠤ | ᠠᠬᠤᠢ ᠶᠢ ᠬᠥᠭᠵᠢᠭᠦᠯᠬᠦ᠂ ᠴᠢᠨᠠᠷᠯᠢᠭ ᠢᠶᠠᠷ ᠮᠠᠯ ᠠᠵᠤ ᠠᠬᠤᠢ ᠶᠢ ᠬᠥᠭᠵᠢᠭᠦᠯᠬᠦ᠂ ᠨᠡᠷ᠎ᠡ ᠲᠡᠮᠲᠡᠭᠲᠦ ᠪᠠᠷ ᠮᠠᠯ ᠠᠵᠤ | ᠠᠬᠤᠢ ᠶᠢ ᠬᠥᠭᠵᠢᠭᠦᠯᠬᠦ᠂ ᠰᠢᠨᠵᠢᠯᠡᠭᠡ ᠮᠡᠷᠭᠡᠵᠢᠯ ᠢᠶᠠᠷ ᠮᠠᠯ ᠠᠵᠤ ᠠᠬᠤᠢ ᠶᠢ ᠬᠥᠭᠵᠢᠭᠦᠯᠬᠦ︾ ᠣᠶᠢᠯᠠᠭᠠᠭᠳᠠᠬᠤᠨ | ᠶᠣᠰᠣᠭᠠᠷ᠂ 1.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠭᠤᠷᠪᠠᠨ ᠶᠡᠭᠡ ᠳᠠᠪᠠᠭᠤᠯᠢᠭ ᠠᠵᠤ | ᠦᠢᠯᠡᠰ ᠢ ᠪᠤᠵᠠᠭᠠᠶᠢᠷᠠᠭᠤᠯᠵᠦ᠂ ᠬᠤᠶᠠᠷ ᠶᠡᠭᠡ ᠤᠨᠴᠠᠯᠢᠬᠳᠤ ᠠᠵᠤ ᠦᠢᠯᠡᠰ ᠢ ᠨᠠᠷᠢᠯᠢᠭᠵᠢᠭᠤᠯᠵᠤ᠂ ᠣᠷᠣᠨ | ᠨᠤᠲᠤᠭ ᠤᠨ ᠡᠭᠦᠯᠳᠡᠷ ᠤᠨ ᠬᠠᠮᠠᠭᠠᠯᠠᠯᠲᠠ ᠶᠢ ᠰᠠᠶᠢᠲᠤᠷ ᠠᠳᠬᠤᠵᠤ᠂ ᠮᠠᠯ ᠠᠵᠤ ᠠᠬᠤᠢ ᠶᠢᠨ ᠴᠢᠨᠠᠷᠯᠢᠭ | ᠬᠥᠭᠵᠢᠯᠲᠡ ᠶᠢᠨ ︽ᠰᠢᠨ᠎ᠡ ᠨᠡᠷᠡᠲᠦ ᠬᠠᠭᠤᠳᠠᠰᠤ︾ ᠶᠢ ᠡᠭᠦᠳᠬᠦ ᠪᠠᠷ ᠴᠢᠷᠮᠠᠶᠢᠨ᠎ᠠ᠃ | ᠭᠤᠷᠪᠠᠨ ᠶᠡᠭᠡ ᠳᠠᠪᠠᠭᠤᠯᠢᠭ ᠠᠵᠤ ᠦᠢᠯᠡᠰ ᠤᠨ ᠲᠠᠯ᠎ᠠ ᠳᠤ᠂ ᠮᠢᠬᠠᠨ ᠦᠬᠡᠷ ᠤᠨ ᠠᠵᠤ ᠦᠢᠯᠡᠰ ᠤᠨ | ᠲᠠᠯ᠎ᠠ ᠪᠠᠷ᠂ ᠡᠭᠦᠯᠳᠡᠷ ᠤᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠤᠨ᠂ ᠦᠷ᠎ᠡ ᠶᠢᠨ ᠮᠠᠯ ᠤᠨ ᠲᠠᠯᠠᠪᠠᠶ᠂ ᠮᠢᠬᠠᠨ | ᠦᠬᠡᠷ ᠤᠨ ᠭᠤᠤᠯᠳᠠᠯᠭᠠᠲᠦ ᠰᠦᠷᠦᠭ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠳᠬᠤᠵᠤ᠂ ᠵᠢᠯ ᠳᠤ᠂ | 2 ᠰᠠᠭᠤᠷᠢ ᠣᠷᠣᠨ ᠤ ᠲᠠᠰ ᠤᠨ ᠮᠢᠬᠠᠨ ᠦᠬᠡᠷ ᠤᠨ ᠭᠤᠤᠯᠳᠠᠯᠭᠠᠲᠦ ᠦᠷ᠎ᠡ ᠶᠢᠨ ᠮᠠᠯ ᠪᠤᠶᠢᠵᠢᠭᠤᠯᠬᠤ ᠰᠠᠭᠤᠷᠢᠨ | ᠭᠠᠵᠠᠷ ᠪᠠᠶᠢᠭᠤᠯᠵᠤ᠂ 10 ᠠᠶᠢᠮᠠᠭ ᠤᠨ ᠳᠠᠰ ᠤᠨ ᠰᠢᠯᠢᠳᠡᠭ ᠡᠭᠦᠯᠳᠡᠷ ᠤᠨ ᠮᠢᠬᠠᠨ ᠦᠬᠡᠷ ᠤᠨ ᠭᠤᠤᠯᠳᠠᠯᠭᠠᠲᠦ | ᠰᠦᠷᠦᠭ ᠢ ᠰᠢᠨ᠎ᠡ ᠪᠠᠷ ᠪᠠᠶᠢᠭᠤᠯᠤᠨ᠎ᠠ᠃ ᠲᠡᠵᠢᠭᠡᠨ ᠦᠷᠡᠵᠢᠭᠦᠯᠬᠦ ᠡᠷᠦᠬᠡ ᠪᠣᠯᠤᠨ ᠠᠵᠤ ᠠᠬᠤᠶᠢᠯᠠᠯ ᠤᠨ ᠦᠨᠢᠶ᠎ᠡ᠂ | ᠦᠷ᠎ᠡ ᠶᠢᠨ ᠮᠠᠯ ᠪᠤᠶᠢᠵᠢᠭᠤᠯᠬᠤ ᠶᠢ ᠬᠥᠲᠥᠯᠥᠨ ᠵᠢᠯᠣᠭᠤᠳᠴᠤ᠂ ᠡᠭᠦᠯᠳᠡᠷ ᠢ ᠬᠢᠨᠠᠨ ᠲᠣᠭᠲᠠᠭᠠᠬᠤ ᠪᠠ ᠳᠠᠩᠰᠠᠯᠠᠬᠤ | ᠠᠵᠢᠯ ᠢ ᠴᠢᠩᠭᠠᠳᠬᠠᠨ᠂ ᠰᠢᠯᠢᠳᠡᠭ ᠡᠭᠦᠯᠳᠡᠷ ᠤᠨ ᠮᠢᠬᠠᠨ ᠦᠬᠡᠷ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ | 《ᠪᠡᠯᠴᠢᠭᠡᠷᠯᠡᠭᠦᠯᠬᠦ + ᠪᠤᠷᠳᠤᠭ᠎ᠠ ᠨᠦᠬᠦᠪᠦᠷᠢᠯᠡᠬᠦ 》ᠠᠷᠭ᠎ᠠ ᠬᠡᠯᠪᠡᠷᠢ ᠪᠠ ᠪᠠᠷᠢᠮᠵᠢᠶᠠᠵᠢᠭᠰᠠᠨ ᠲᠡᠵᠢᠭᠡᠨ | ᠠᠷᠠᠴᠢᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠤᠨ᠂ 20 ᠮᠢᠬᠠᠨ ᠦᠬᠡᠷ ᠲᠤᠰᠬᠠᠢ ᠲᠡᠵᠢᠭᠡᠨ ᠠᠷᠠᠴᠢᠯᠠᠬᠤ | ᠳᠠᠭᠤᠷᠢᠶᠠᠯ ᠡᠷᠦᠬᠡ ᠪᠠ 90 ︽ᠳᠠᠩᠰᠠ ᠪᠣᠳᠣᠵᠤ ᠮᠠᠯᠵᠢᠬᠤ︾ ᠳᠠᠭᠤᠷᠢᠶᠠᠯ ᠡᠷᠦᠬᠡ ᠶᠢ ᠪᠠᠶᠢᠭᠤᠯᠵᠤ᠂ ᠮᠢᠬᠠᠨ | ᠦᠬᠡᠷ ᠤᠨ ᠪᠤᠶᠢᠵᠢᠯᠲᠠ ᠶᠢᠨ ᠨᠣᠷᠮ᠎ᠠ ᠶᠢ 80% ᠳᠤ ᠬᠦᠷᠭᠡᠨ᠎ᠡ᠃ ᠮᠢᠬᠠᠨ ᠦᠬᠡᠷ ᠤᠨ ᠠᠵᠤ ᠦᠢᠯᠡᠰᠵᠢᠭᠰᠡᠨ | ᠬᠥᠭᠵᠢᠯᠲᠡ ᠶᠢ ᠲᠦᠷᠭᠡᠳᠬᠡᠨ ᠠᠬᠢᠭᠤᠯᠵᠤ᠂ 6 ᠰᠠᠭᠤᠷᠢ ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠰᠠᠭᠤᠷᠢᠨ ᠭᠠᠵᠠᠷ ᠤᠨ ᠤᠰᠤ | ᠴᠠᠬᠢᠯᠭᠠᠨ᠂ ᠵᠠᠮ ᠨᠡᠪᠲᠡᠷᠡᠭᠦᠯᠭᠡ᠂ ᠴᠢᠮᠡᠭᠡ ᠬᠤᠯᠪᠣᠭ᠎ᠠ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠮᠢᠬᠠᠨ ᠬᠤᠨᠢᠨ ᠤ ᠠᠵᠤ ᠦᠢᠯᠡᠰ ᠤᠨ ᠲᠠᠯ᠎ᠠ ᠪᠠᠷ᠂ ᠣᠷᠣᠨ ᠨᠤᠲᠤᠭ ᠤᠨ ᠰᠢᠯᠢᠳᠡᠭ | ᠡᠭᠦᠯᠳᠡᠷ ᠢ ᠰᠣᠩᠭᠤᠨ ᠪᠤᠶᠢᠵᠢᠭᠤᠯᠬᠤ ᠪᠠ ᠡᠭᠦᠯᠳᠡᠷ ᠴᠡᠪᠡᠷᠰᠢᠭᠦᠯᠤᠨ ᠦᠷ᠎ᠡ ᠠᠰᠢᠭ ᠨᠡᠮᠡᠭᠳᠡᠭᠦᠯᠬᠦ ᠠᠵᠢᠯ ᠢ | ᠰᠠᠶᠢᠲᠤᠷ ᠠᠳᠬᠤᠵᠤ᠂ ᠦᠷ᠎ᠡ ᠶᠢᠨ ᠮᠠᠯ ᠤᠨ ᠲᠠᠯᠠᠪᠠᠶ᠂ ᠮᠢᠬᠠᠨ ᠬᠤᠨᠢᠨ ᠤ ᠭᠤᠤᠯᠳᠠᠯᠭᠠᠲᠦ ᠰᠦᠷᠦᠭ ᠤᠨ ᠶᠠᠰᠤ | ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ 2.8 ᠲᠦᠮᠠᠨ ᠦᠷ᠎ᠡ ᠶᠢᠨ ᠮᠠᠯ ᠳᠤ ᠵᠢᠯ ᠤᠨ | ᠪᠠᠶᠢᠴᠠᠭᠠᠯᠲᠠ ᠬᠢᠵᠦ᠂ ᠦᠷ᠎ᠡ ᠶᠢᠨ ᠮᠠᠯ ᠪᠦᠬᠦᠨ ᠢ ᠤᠨᠴᠠ ᠳᠡᠰ ᠪᠠ ᠨᠢᠭᠡᠳᠦᠭᠡᠷ ᠳᠡᠰ ᠤᠨ ᠪᠤᠯᠭᠠᠬᠤ ᠪᠠᠷ | ᠴᠢᠷᠮᠠᠶᠢᠨ᠎ᠠ᠃ ᠦᠵᠦᠮᠦᠴᠢᠨ ᠬᠤᠨᠢᠨ ᠤ ᠤᠯᠤᠰ ᠤᠨ ᠲᠡᠰ ᠤᠨ ᠮᠢᠬᠠᠨ ᠬᠤᠨᠢᠨ ᠤ ᠭᠤᠤᠯᠳᠠᠯᠭᠠᠲᠦ ᠬᠤᠴᠠ | ᠪᠤᠶᠢᠵᠢᠭᠤᠯᠬᠤ ᠲᠠᠯᠠᠪᠠᠢ ᠪᠠᠶᠢᠭᠤᠯᠬᠤ ᠶᠢ ᠠᠬᠢᠭᠤᠯᠵᠤ᠂ 5 ᠦᠷ᠎ᠡ ᠶᠢᠨ ᠮᠠᠯ ᠤᠨ ᠲᠠᠯᠠᠪᠠᠢ᠂ 10 ᠥᠷᠭᠡᠳᠬᠡᠨ | ᠦᠷᠡᠵᠢᠭᠦᠯᠬᠦ ᠰᠦᠷᠦᠭ᠂ 50 ᠭᠤᠤᠯᠳᠠᠯᠭᠠᠲᠤ ᠰᠦᠷᠦᠭ᠂ 840 ᠪᠠᠷᠢᠮᠵᠢᠶᠠᠵᠢᠭᠰᠠᠨ ᠰᠦᠷᠦᠭ ᠢ | ᠭᠤᠣᠯᠳᠠᠯᠭ᠎ᠠ ᠲᠠᠢ ᠪᠤᠶᠢᠵᠢᠭᠤᠯᠵᠤ᠂ ᠰᠢᠯᠢᠳᠡᠭ ᠡᠭᠦᠯᠳᠡᠷ ᠤᠨ ᠮᠢᠬᠠᠨ ᠬᠤᠨᠢ ᠪᠤᠶᠢᠵᠢᠭᠤᠯᠬᠤ ᠲᠤᠭᠲᠠᠯᠴᠠᠭ᠎ᠠ ᠶᠢ | ᠪᠠᠶᠢᠭᠤᠯᠤᠨ᠎ᠠ᠃ ᠮᠢᠬᠠᠨ ᠬᠤᠨᠢᠨ ᠤ ᠠᠵᠦ ᠦᠢᠯᠡᠰ ᠤᠨ ᠲᠦᠷᠦᠯ ᠵᠦᠢᠯ ᠢ ᠴᠢᠬᠤᠯᠠᠴᠢᠯᠠᠨ ᠪᠡᠶᠡᠯᠡᠭᠦᠯᠵᠦ᠂ ︽ | ᠳᠠᠭᠠᠭᠤᠯᠤᠭᠴᠢ ᠠᠵᠤ ᠠᠬᠤᠶᠢᠯᠠᠯ + ᠭᠠᠴᠠᠭ᠎ᠠ︾ ᠶᠢᠨ ᠬᠡᠯᠪᠡᠷᠢ ᠪᠠᠷ᠂ ᠲᠡᠵᠢᠭᠡᠨ ᠠᠷᠠᠴᠢᠯᠠᠬᠤ ᠡᠬᠢ ᠪᠠᠶᠠᠯᠢᠭ | ᠢᠶᠠᠨ ᠨᠢᠭᠡᠳᠭᠡᠨ᠂ ᠠᠵᠦ ᠦᠢᠯᠡᠰᠵᠢᠭᠰᠡᠨ ᠡᠵᠡᠩᠨᠡᠯᠲᠡ ᠶᠢᠨ ᠲᠤᠭᠲᠠᠯᠴᠠᠭ᠎ᠠ ᠶᠢ ᠪᠠᠶᠢᠭᠤᠯᠤᠨ᠎ᠠ᠃ ᠰᠢᠯᠢ ᠶᠢᠨ | ᠭᠤᠤᠯ ᠤᠨ ᠬᠤᠨᠢᠨ ᠮᠢᠬ᠎ᠠ ᠥᠪᠡᠷᠲᠡᠭᠡᠨ ᠵᠠᠰᠠᠬᠤ ᠣᠷᠣᠨ ᠤ ︽ᠦᠪᠦᠷ ᠮᠣᠩᠭᠤᠯ ᠤᠨ ᠲᠡᠮᠲᠡᠭᠲᠦ︾ ᠬᠡᠷᠡᠴᠢᠯᠡᠯ ᠤᠨ | ᠠᠵᠢᠯᠯᠠᠭ᠎ᠠ ᠵᠢᠴᠢ ᠪᠠᠷᠢᠮᠵᠢᠶ᠎ᠠ ᠲᠤᠭᠲᠠᠯᠴᠠᠭ᠎ᠠ ᠪᠠᠶᠢᠭᠤᠯᠬᠤ ᠲᠥᠯᠥᠪᠯᠡᠭᠡ ᠳᠤ ᠵᠢᠭᠰᠠᠭᠠᠭᠳᠠᠭᠰᠠᠨ ᠢ | ᠳᠤᠬᠢᠶᠠᠯᠳᠤᠭᠤᠯᠵᠦ᠂ ᠦᠵᠦᠮᠦᠴᠢᠨ ᠬᠤᠨᠢᠨ ᠤ ᠪᠠᠷᠢᠮᠵᠢᠶ᠎ᠠ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ | ᠬᠦᠪᠦᠷᠡᠯ ᠰᠢᠯᠵᠢᠭᠦᠯᠬᠦ᠂ ᠢᠴᠡᠭᠡᠯ ᠬᠡᠭᠡᠯᠳᠦᠭᠦᠯᠭᠡ ᠬᠢᠬᠦ ᠵᠡᠷᠭᠡ ᠮᠡᠷᠭᠡᠵᠢᠯ ᠢᠶᠠᠷ ᠳᠠᠮᠵᠢᠨ᠂ ᠮᠢᠬᠠᠨ ᠬᠤᠨᠢᠨ ᠤ | ᠡᠷᠯᠢᠰᠡᠵᠢᠭᠦᠯᠤᠯᠲᠠ ᠶᠢᠨ ᠲᠤᠷᠰᠢᠯᠲᠠ ᠶᠢᠨ ᠠᠵᠢᠯ ᠢ ᠬᠡᠷᠡᠭᠵᠢᠭᠦᠯᠵᠦ᠂ ᠣᠷᠣᠨ ᠨᠤᠲᠤᠭ ᠤᠨ ᠰᠢᠯᠢᠳᠡᠭ ᠮᠢᠬᠠᠨ | ᠬᠤᠨᠢᠨ ᠤ ᠨᠡᠷ᠎ᠡ ᠲᠡᠮᠲᠡᠭᠲᠦ ᠶᠢ ᠡᠭᠦᠳᠦᠨ᠎ᠡ᠃ ︽ᠬᠤᠣᠰ ᠭᠡᠷᠡᠴᠢᠯᠡᠯ︾ ᠤᠨ ᠦᠷ᠎ᠡ ᠪᠦᠲᠦᠭᠡᠯ ᠢᠶᠠᠨ ᠪᠠᠲᠤᠳᠬᠠᠨ᠂ | ᠵᠢᠯ ᠤᠨ ᠳᠤᠲᠤᠷ᠎ᠠ ᠤᠯᠤᠰ ᠤᠨ ᠲᠡᠰ ᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠳᠠᠭᠤᠷᠢᠶᠠᠯ ᠬᠤᠰᠢᠭᠤ ᠶᠢ ᠪᠠᠶᠢᠭᠤᠯᠤᠨ᠎ᠠ᠃ ᠡᠪᠡᠰᠦ ᠪᠣᠷᠳᠣᠭᠠᠨ ᠤ ᠠᠵᠤ ᠦᠢᠯᠡᠰ ᠤᠨ | ᠲᠠᠯ᠎ᠠ ᠪᠠᠷ᠂ ᠪᠠᠶᠢᠭᠠᠯᠢᠯᠢᠭ ᠬᠠᠳᠤᠯᠠᠩ ᠢ ᠬᠠᠮᠠᠭᠠᠯᠠᠨ ᠠᠰᠢᠭᠯᠠᠬᠤ ᠪᠠᠨ ᠴᠢᠩᠭᠠᠳᠬᠠᠵᠤ᠂ ᠨᠤᠲᠤᠭ | ᠪᠡᠯᠴᠢᠭᠡᠷ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠠᠵᠢᠯᠯᠠᠭ᠎ᠠ ᠶᠢ ᠳᠦᠷᠢᠮᠵᠢᠭᠦᠯᠦᠨ᠂ ᠡᠪᠡᠰᠦ ᠪᠣᠷᠳᠤᠭ᠎ᠠ | ᠨᠥᠭᠡᠴᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ | ᠱᠠᠲᠤᠨ ᠤ ᠡᠪᠡᠰᠦ ᠬᠠᠳᠠᠭᠠᠯᠠᠨ ᠨᠦᠬᠡᠴᠡᠯᠡᠬᠦ ᠲᠤᠭᠲᠠᠯᠴᠠᠭ᠎ᠠ ᠶᠢ ᠲᠡᠭᠦᠯᠳᠡᠷᠵᠢᠭᠦᠯᠦᠨ᠂ ᠡᠪᠡᠰᠦ ᠪᠤᠷᠳᠤᠭᠠᠨ ᠤ ᠠᠵᠤ | ᠠᠬᠤᠶᠢᠯᠠᠯ ᠤᠨ ᠲᠤᠬᠠᠶ ᠶᠢᠨ ᠭᠠᠵᠠᠷ ᠲᠤ ᠡᠳ᠋ᠰᠢᠭᠦᠯᠤᠨ ᠪᠤᠯᠪᠠᠰᠤᠷᠠᠭᠤᠯᠬᠤ ᠶᠢ ᠵᠣᠷᠢᠭᠵᠢᠭᠤᠯᠤᠨ ᠳᠠᠮᠵᠢᠵᠤ᠂ | ᠦᠢᠯᠡᠳᠪᠦᠷᠢᠯᠡᠬᠦ ᠬᠠᠩᠭᠠᠨ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠡᠪᠡᠰᠦ ᠪᠣᠷᠳᠤᠭ᠎ᠠ ᠡᠳ᠋ᠰᠢᠭᠦᠯᠤᠨ | ᠪᠤᠯᠪᠠᠰᠤᠷᠠᠭᠤᠯᠵᠦ ᠲᠤᠬᠢᠷᠠᠭᠤᠯᠤᠨ ᠬᠦᠷᠭᠡᠬᠦ ᠠᠵᠤ ᠠᠬᠤᠶᠢᠯᠠᠯ ᠢ ᠪᠤᠶᠢᠵᠢᠭᠤᠯᠤᠨ᠎ᠠ᠃ | ᠬᠤᠶᠠᠷ ᠶᠡᠭᠡ ᠣᠨᠴᠠᠯᠢᠭᠲᠤ ᠠᠵᠤ ᠦᠢᠯᠡᠰ ᠤᠨ ᠲᠠᠯ᠎ᠠ ᠳᠤ᠂ ᠠᠳᠤᠭᠤᠨ ᠤ ᠦᠢᠯᠡᠰ ᠤᠨ ᠲᠠᠯ᠎ᠠ ᠪᠠᠷ᠂ | ᠮᠣᠩᠭᠤᠯ ᠠᠳᠤᠭᠤ ᠶᠢ ᠬᠠᠮᠠᠭᠠᠯᠠᠬᠤ ᠨᠥᠬᠦᠪᠥᠷᠢ ᠶᠢᠨ ᠲᠥᠷᠥ ᠶᠢᠨ ᠪᠤᠳᠤᠯᠭ᠎ᠠ ᠶᠢ ᠬᠡᠷᠡᠭᠵᠢᠭᠦᠯᠤᠨ᠂ ᠮᠣᠩᠭᠤᠯ | ᠠᠳᠤᠭᠤᠨ ᠤ ᠡᠭᠦᠯᠳᠡᠷ ᠢ ᠬᠠᠮᠠᠭᠠᠯᠠᠬᠤ ᠲᠠᠯᠠᠪᠠᠶ ᠪᠠᠶᠢᠭᠤᠯᠬᠤ᠂ ᠭᠤᠤᠯᠳᠠᠯᠭᠠᠲᠦ ᠰᠦᠷᠦᠭ ᠪᠠ ᠦᠵᠦᠮᠦᠴᠢᠨ | ᠠᠳᠤᠭᠤᠨ ᠤ ᠤᠳᠤᠮ ᠢ ᠬᠠᠮᠠᠭᠠᠯᠠᠬᠤ ᠪᠠᠷ ᠭᠠᠷᠳᠠᠵᠦ᠂ 30 ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ | ᠭᠤᠤᠯᠳᠠᠯᠭᠠᠲᠤ ᠰᠦᠷᠦᠭ ᠢ ᠬᠢᠨᠠᠨ ᠲᠣᠭᠲᠠᠭᠠᠬᠤ ᠪᠠ ᠤᠯᠢᠶᠠᠰᠤᠲᠠᠢ ᠪᠠᠯᠭᠠᠰᠤᠨ ᠤ ᠳᠠᠪᠰᠢᠯᠲᠤ ᠭᠠᠴᠠᠭ᠎ᠠ ᠶᠢᠨ | ᠪᠦᠬᠡᠨᠷᠳᠡᠨᠢ ᠮᠤᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠲᠠᠯᠠᠪᠠᠢ ᠶᠢᠨ ᠢᠨᠵᠧᠨᠧᠷᠢᠩ ᠢ ᠪᠡᠶᠡᠯᠡᠭᠦᠯᠵᠦ᠂ | ᠦᠵᠡᠭᠦᠯᠤᠯᠭᠡ ᠶᠢᠨ ᠠᠳᠤᠭᠤᠨ ᠤ ᠦᠢᠯᠡᠰ ᠤᠨ ᠰᠠᠭᠤᠷᠢᠨ ᠭᠠᠵᠠᠷ ᠢ ᠰᠦᠪᠡᠭᠴᠢᠯᠡᠨ ᠪᠠᠶᠢᠭᠤᠯᠤᠨ᠎ᠠ᠃ | ᠤᠯᠠᠮᠵᠢᠯᠠᠯᠲᠤ ᠴᠠᠭᠠᠨ ᠢᠳᠡᠭᠡᠨ ᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠶᠠᠷ ᠱᠠᠲᠤᠨ ᠤ | ᠴᠠᠭᠠᠨ ᠢᠳᠡᠭᠡᠨ ᠤ ᠠᠵᠦ ᠦᠢᠯᠡᠰ ᠢ ᠬᠦᠭᠵᠢᠬᠦᠯᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠬᠥᠭᠵᠢᠯᠲᠡ ᠶᠢ | ᠵᠣᠷᠢᠭᠵᠢᠭᠤᠯᠤᠨ ᠳᠠᠮᠵᠢᠵᠤ᠂ 3 ᠰᠠᠭᠤᠷᠢ ᠳᠤᠮᠳᠠ ᠵᠢᠵᠢᠭ ᠬᠡᠯᠪᠡᠷᠢ ᠶᠢᠨ ᠴᠡᠭᠡ ᠡᠳ᠋ᠰᠢᠭᠦᠯᠦᠨ ᠪᠣᠯᠪᠠᠰᠤᠷᠠᠭᠤᠯᠬᠤ | ᠦᠢᠯᠡᠳᠪᠦᠷᠢ ᠶᠢ ᠭᠤᠣᠯᠳᠠᠯᠭ᠎ᠠ ᠲᠠᠢ ᠲᠡᠳᠬᠦᠵᠦ᠂ 1 ᠰᠠᠭᠤᠷᠢ ᠬᠡᠪᠴᠢᠶᠡᠵᠢᠭᠰᠡᠨ᠂ ᠪᠠᠷᠢᠮᠵᠢᠶᠠᠵᠢᠭᠰᠠᠨ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠡᠳ᠋ᠰᠢᠭᠦᠯᠤᠨ ᠪᠤᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠵᠤ᠂ | ᠤᠯᠠᠮᠵᠢᠯᠠᠯᠲᠤ ᠴᠠᠭᠠᠨ ᠢᠳᠡᠭᠡᠨ ᠳᠤ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠶᠢᠨ SC ᠭᠡᠷᠡᠴᠢᠯᠡᠯ ᠤᠯᠭᠤᠭᠤᠯᠬᠤ ᠪᠠᠷ ᠴᠢᠷᠮᠠᠶᠢᠵᠦ᠂ ᠠᠯᠪᠠᠨ ᠶᠤᠰᠤᠭᠠᠷ ᠪᠣᠷᠣᠯᠠᠭᠤᠯᠬᠤ ᠶᠢ | ᠪᠡᠶᠡᠯᠡᠭᠦᠯᠦᠨ᠎ᠡ᠃ | ᠣᠷᠣᠨ ᠨᠤᠲᠤᠭ ᠤᠨ ᠡᠭᠦᠯᠳᠡᠷ ᠢ ᠬᠠᠮᠠᠭᠠᠯᠠᠬᠤ ᠲᠠᠯ᠎ᠠ ᠳᠤ᠂ ᠮᠣᠩᠭᠤᠯ ᠦᠬᠡᠷ᠂ ᠦᠵᠦᠮᠦᠴᠢᠨ ᠴᠠᠭᠠᠨ | ᠢᠮᠠᠭ᠎ᠠ ᠶᠢᠨ ᠣᠷᠣᠨ ᠨᠤᠲᠤᠭ ᠤᠨ ᠰᠢᠯᠢᠳᠡᠭ ᠡᠭᠦᠯᠳᠡᠷ ᠢ ᠬᠠᠮᠠᠭᠠᠯᠠᠬᠤ ᠠᠵᠢᠯ ᠢ ᠲᠣᠪᠤᠶᠢᠮ᠎ᠠ ᠠᠳᠬᠤᠵᠤ᠂ | ᠮᠣᠩᠭᠤᠯ ᠦᠬᠡᠷ ᠤᠨ ᠡᠭᠦᠯᠳᠡᠷ ᠢ ᠬᠠᠮᠠᠭᠠᠯᠠᠬᠤ ᠰᠠᠭᠤᠷᠢᠨ ᠭᠠᠵᠠᠷ ᠪᠠ ᠦᠵᠦᠮᠦᠴᠢᠨ ᠴᠠᠭᠠᠨ ᠢᠮᠠᠭ᠎ᠠ ᠶᠢᠨ | ᠦᠷ᠎ᠡ ᠶᠢᠨ ᠮᠠᠯ ᠤᠨ ᠰᠠᠭᠤᠷᠢᠨ ᠭᠠᠵᠠᠷ ᠢ ᠲᠤᠰᠪᠦᠷᠢ 1 ᠰᠠᠭᠤᠷᠢ ᠪᠠᠶᠢᠭᠤᠯᠵᠤ᠂ 10 ᠮᠤᠩᠭᠤᠯ ᠦᠬᠡᠷ ᠤᠨ | ᠭᠤᠤᠯᠳᠠᠯᠭᠠᠲᠤ ᠰᠦᠷᠦᠭ᠂ 27 ᠦᠵᠦᠮᠦᠴᠢᠨ ᠴᠠᠭᠠᠨ ᠢᠮᠠᠭ᠎ᠠ ᠶᠢᠨ ᠭᠤᠤᠯᠳᠠᠯᠭᠠᠲᠤ ᠰᠦᠷᠦᠭ ᠢ ᠪᠠᠶᠢᠭᠤᠯᠵᠣ᠂ | ᠣᠷᠣᠨ ᠨᠤᠲᠤᠭ ᠤᠨ ᠰᠢᠯᠢᠳᠡᠭ ᠡᠭᠦᠯᠳᠡᠷ ᠤᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠦᠨ᠎ᠡ᠃ | ︵ᠲᠦᠷᠪᠡ︶ ᠬᠥᠳᠡᠭᠡ ᠲᠣᠰᠬᠤᠨ ᠤ ᠵᠠᠰᠠᠯᠲᠠ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ | ᠬᠥᠳᠡᠭᠡ ᠲᠣᠰᠬᠤᠨ ᠤ ᠵᠠᠰᠠᠯᠲᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢᠨ ᠭᠤᠣᠯᠳᠠᠯᠭ᠎ᠠ ᠪᠠ ᠵᠠᠩᠭᠢᠯᠠᠭ᠎ᠠ ᠮᠥᠨ᠂ ᠤᠯᠤᠰ ᠤᠨ ᠵᠠᠰᠠᠯᠲᠠ ᠶᠢᠨ ᠲᠤᠭᠲᠠᠯᠴᠠᠭ᠎ᠠ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ | ᠮᠠᠨ ᠤ ᠬᠤᠰᠢᠭᠤ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠲᠤᠭᠲᠠᠯᠴᠠᠭ᠎ᠠ ᠪᠠᠶᠢᠭᠤᠯᠬᠤ ᠠᠵᠢᠯ ᠤᠨ | ᠠᠩᠬᠠᠳᠤᠭᠠᠷ ᠪᠦᠯᠦᠭ ᠲᠤᠷᠰᠢᠯᠲᠠ ᠶᠢᠨ ᠴᠢᠭ ᠢᠶᠠᠷ ᠲᠤᠭᠲᠠᠭᠠᠭᠳᠠᠭᠰᠠᠨ ᠢ ᠳᠤᠬᠢᠶᠠᠯᠳᠤᠭᠤᠯᠵᠦ᠂ ᠠᠷᠠᠳ ᠲᠦᠮᠡᠨ ᠢ | ︽ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ︾ ᠶᠢ ᠣᠶᠠᠯᠳᠣᠭᠤᠯᠬᠤ ᠶᠢᠨ ᠭᠤᠣᠯ | ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠲᠦᠮᠡᠨ ᠢ ᠵᠠᠰᠠᠯᠲᠠ ᠶᠢᠨ ᠭᠤᠣᠯ ᠴᠣᠭᠴᠠ ᠪᠣᠯᠭᠠᠵᠤ᠂ ᠬᠠᠤᠯᠢ | ᠴᠠᠭᠠᠵᠠ ᠶᠢ ᠵᠠᠰᠠᠯᠲᠠ ᠶᠢᠨ ᠴᠢᠬᠤᠯᠠ ᠪᠠᠲᠤᠯᠠᠭ᠎ᠠ ᠪᠣᠯᠭᠠᠵᠤ᠂ ᠶᠣᠰᠣ ᠮᠣᠷᠠᠯ ᠢ ᠵᠠᠰᠠᠯᠲᠠ ᠶᠢᠨ ᠪᠠᠲᠤ ᠰᠠᠭᠤᠷᠢ | ᠪᠣᠯᠭᠠᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡ ᠶᠢ ᠵᠠᠰᠠᠯᠲᠠ ᠶᠢᠨ ᠴᠢᠬᠤᠯᠠ ᠲᠤᠯᠭᠠᠭᠤᠷᠢ | ᠪᠣᠯᠭᠠᠵᠤ᠂ ᠬᠥᠳᠡᠭᠡ ᠲᠣᠰᠬᠤᠨ ᠤ ᠵᠠᠰᠠᠯᠲᠠ ᠶᠢ ᠨᠠᠩ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ ᠪᠠ ᠴᠣᠭᠴᠠᠲᠤ | ᠴᠢᠨᠠᠷ ᠲᠠᠢ ᠪᠣᠯᠭᠠᠨ᠎ᠠ᠃ | ᠥᠪᠡᠷᠲᠡᠭᠡᠨ ᠵᠠᠰᠠᠬᠤ ᠲᠠᠯ᠎ᠠ ᠪᠠᠷ᠂ ᠮᠠᠯᠴᠢᠨ ᠲᠦᠮᠡᠨ ᠤ ᠥᠪᠡᠷᠲᠡᠭᠡᠨ ᠵᠠᠰᠠᠬᠤ ᠲᠠᠪᠴᠠᠩ ᠢ ᠪᠠᠶᠢᠭᠤᠯᠵᠤ᠂ | ᠣᠯᠠᠨ ᠲᠦᠮᠡᠨ ᠤ ᠥᠪᠡᠷᠲᠡᠭᠡᠨ ᠵᠠᠰᠠᠬᠤ ᠳᠤ ᠣᠷᠣᠯᠴᠠᠬᠤ ᠲᠣᠭᠲᠠᠴᠠ ᠶᠢ ᠪᠠᠲᠤᠳᠬᠠᠵᠦ᠂ ᠣᠯᠠᠨ ᠲᠦᠮᠡᠨ ᠤ | ᠣᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠳᠤ ᠡᠮᠬᠢ ᠵᠢᠷᠤᠮ ᠲᠠᠢ ᠪᠠᠷ ᠣᠷᠣᠯᠴᠠᠬᠤ ᠶᠢ ᠲᠡᠮᠵᠢᠵᠦ᠂ ᠮᠠᠯᠵᠢᠬᠤ | ᠣᠷᠣᠨ ᠤ ᠨᠠᠰᠤᠵᠢᠯ᠂ ᠣᠷᠴᠢᠨ ᠲᠣᠭᠤᠷᠢᠨ ᠤ ᠬᠠᠮᠠᠭᠠᠯᠠᠯᠲᠠ᠂ ᠭᠠᠮᠰᠢᠭ ᠠᠴᠠ ᠰᠡᠷᠭᠡᠶᠢᠯᠡᠵᠦ ᠬᠤᠬᠢᠷᠠᠯ ᠢ | ᠪᠠᠭᠠᠰᠬᠠᠬᠤ᠂ ᠰᠣᠶᠣᠯ ᠤᠨ ᠦᠢᠯᠡᠴᠢᠯᠡᠭᠡ᠂ ᠮᠠᠯᠵᠢᠬᠤ ᠦᠢᠯᠡᠰ ᠤᠨ ᠮᠡᠷᠭᠡᠵᠢᠯ ᠤᠨ ᠦᠢᠯᠡᠴᠢᠯᠡᠭᠡ ᠵᠡᠷᠭᠡ | ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠢᠴᠢ ᠰᠠᠶᠢᠨ ᠳᠤᠷᠠᠴᠤᠤᠯ ᠤᠨ ᠡᠩᠨᠡᠭᠡᠨ ᠤ ᠬᠥᠭᠵᠢᠨ | ᠪᠤᠵᠠᠭᠠᠶᠢᠷᠠᠬᠤ ᠶᠢ ᠳᠠᠮᠵᠢᠨ ᠵᠣᠷᠢᠭᠵᠢᠭᠤᠯᠤᠨ᠎ᠠ᠃ ᠰᠤᠮᠤ ᠪᠠᠯᠭᠠᠰᠤ᠂ ᠭᠠᠴᠠᠭᠠᠨ ᠵᠥᠪᠯᠡᠯ ᠬᠢᠭᠡᠳ ᠥᠪᠡᠷᠲᠡᠭᠡᠨ | ᠵᠠᠰᠠᠬᠤ ᠵᠣᠬᠢᠶᠠᠨ ᠪᠠᠶᠢᠭᠤᠯᠤᠯᠲᠠ ᠶᠢᠨ ᠡᠷᠬᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠭᠠᠴᠠᠭᠠᠨ ᠤ ᠵᠠᠰᠠᠭᠴᠢᠯᠠᠯ ᠤᠨ ᠠᠰᠠᠭᠤᠳᠠᠯ ᠢ ᠴᠢᠷᠮᠠᠶᠢᠨ ᠰᠢᠢᠳᠪᠦᠷᠢᠯᠡᠨ᠎ᠡ᠃ ︽ᠭᠠᠴᠠᠭᠠᠨ ᠤ | ᠳᠦᠷᠢᠮ ᠠᠷᠠᠳ ᠤᠨ ᠭᠡᠷ᠎ᠡ︾ ᠶᠢᠨ ᠲᠤᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠭᠠᠴᠠᠭᠠᠨ ᠤ | ᠳᠦᠷᠢᠮ ᠠᠷᠠᠳ ᠤᠨ ᠭᠡᠷ᠎ᠡ︾ ᠶᠢ ᠮᠠᠯᠴᠢᠳ ᠤᠨ ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠬᠠᠮᠢᠶᠠᠷᠬᠤ | ᠠᠵᠢᠯᠯᠠᠭᠠᠨ ᠤ ᠪᠠᠷᠢᠮᠵᠢᠶ᠎ᠠ ᠪᠣᠯᠭᠠᠬᠤ ᠶᠢ ᠠᠬᠢᠭᠤᠯᠵᠤ᠂ ᠵᠢᠯ ᠤᠨ ᠳᠤᠲᠤᠷ᠎ᠠ ᠭᠠᠴᠠᠭᠠᠨ ᠳᠤ ᠪᠦᠬᠦᠨ ᠢ | ᠪᠦᠷᠬᠦᠭᠦᠯᠬᠦ ᠶᠢ ᠪᠡᠶᠡᠯᠡᠭᠦᠯᠵᠦ᠂ ᠮᠠᠯᠴᠢᠳ ᠢ ᠥᠪᠡᠷᠲᠡᠭᠡᠨ ᠤᠴᠢᠷ ᠶᠠᠪᠣᠳᠠᠯ ᠢᠶᠠᠨ ᠬᠡᠯᠡᠬᠦ᠂ ᠤᠴᠢᠷ ᠶᠠᠪᠣᠳᠠᠯ ᠢᠶᠠᠨ | ᠵᠥᠪᠯᠡᠬᠦ᠂ ᠤᠴᠢᠷ ᠶᠠᠪᠤᠳᠠᠯ ᠢᠶᠠᠨ ᠪᠦᠲᠦᠭᠡᠬᠦ ᠶᠢ ᠦᠨᠡᠨᠬᠦ ᠪᠡᠶᠡᠯᠡᠭᠦᠯᠦᠨ᠎ᠡ᠃ | ᠬᠠᠤᠯᠢ ᠪᠠᠷ ᠵᠠᠰᠠᠬᠤ ᠲᠠᠯ᠎ᠠ ᠪᠠᠷ᠂ ᠭᠠᠴᠠᠭᠠᠨ ᠤ ᠺᠠᠳ᠋ᠷ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯᠲᠠᠨ᠂ ᠠᠷᠠᠳ ᠤᠨ ᠡᠶᠡᠳᠡᠭᠦᠯᠦᠭᠴᠢ᠂ ᠨᠠᠮ ᠤᠨ ᠭᠡᠰᠢᠭᠦᠨ ᠭᠤᠤᠯᠯᠠᠬᠤ ᠡᠷᠦᠬᠡ ᠪᠠᠷ | ᠪᠦᠷᠢᠯᠳᠦᠭᠰᠡᠨ ︽ᠬᠠᠤᠯᠢ ᠪᠠᠷ ᠵᠠᠰᠠᠬᠤ ᠳᠠᠭᠠᠭᠤᠯᠤᠭᠴᠢ︾ ᠶᠢ ᠭᠤᠣᠯᠳᠠᠯᠭ᠎ᠠ ᠲᠠᠢ ᠬᠥᠮᠦᠵᠢᠭᠦᠯᠵᠦ᠂ ᠶᠡᠷᠦᠩᠬᠡᠶᠢᠯᠡᠨ | ᠵᠠᠰᠠᠬᠤ ᠦᠷᠲᠡᠭᠡ᠂ 《ᠳᠥᠷᠪᠡᠨ ᠰᠠᠯᠪᠦᠷᠢ ᠦᠷᠳᠡᠭᠡ ᠬᠤᠯᠪᠣᠭᠠᠯᠠᠨ ᠡᠶᠡᠳᠡᠭᠦᠯᠬᠦ》ᠵᠥᠷᠢᠴᠡᠯ ᠢ ᠡᠶᠡᠳᠡᠭᠦᠯᠦᠨ | ᠰᠢᠢᠳᠪᠦᠷᠢᠯᠡᠬᠦ ᠳᠣᠭᠳᠠᠴᠠ ᠶᠢ ᠪᠠᠲᠤᠳᠬᠠᠵᠦ᠂ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠬᠠᠤᠯᠢ ᠪᠠᠷ | ᠵᠠᠰᠠᠬᠤ ᠡᠩᠨᠡᠭᠡ ᠶᠢ ᠪᠠᠶᠢᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠦᠨᠳᠦᠰᠦᠨ ᠱᠠᠲᠤ ᠲᠡᠰᠢ | ᠭᠦᠨᠵᠡᠭᠡᠶᠢᠷᠡᠭᠦᠯᠬᠦ ᠶᠢ ᠠᠬᠢᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠴᠠᠭᠠᠵᠠ ᠶᠢᠨ | ᠲᠤᠰᠠᠯᠠᠮᠵᠢ ᠶᠢ ᠮᠠᠯᠵᠢᠬᠤ ᠣᠷᠣᠨ ᠲᠡᠰᠢ ᠪᠦᠷᠬᠦᠭᠦᠯᠬᠦ ᠶᠢ ᠲᠦᠷᠭᠡᠳᠭᠡᠨ ᠠᠬᠢᠭᠤᠯᠤᠨ᠎ᠠ᠃ ᠦᠨᠳᠦᠰᠦᠨ ᠱᠠᠲᠤᠨ ᠤ | ᠭᠤᠷᠪᠠᠨ ᠶᠠᠪᠤᠳᠠᠯ ᠢ ᠢᠯᠡ ᠪᠣᠯᠭᠠᠬᠤ ᠳᠦᠷᠢᠮ ᠢ ᠯᠠᠪᠳᠠᠭᠤᠨ ᠪᠠᠲᠤᠲᠠᠢ ᠠᠬᠢᠭᠤᠯᠵᠤ᠂ ᠵᠠᠰᠠᠭ ᠤᠨ ᠶᠠᠪᠤᠳᠠᠯ ᠢᠯᠡ | ᠲᠤᠳᠦ᠂ ᠺᠠᠳ᠋ᠷ ᠣᠯᠠᠨ ᠲᠦᠮᠡᠨ ᠡᠶ᠎ᠡ ᠵᠣᠬᠢᠴᠠᠩᠭᠤᠢ᠂ ᠰᠤᠷᠲᠠᠯ ᠣᠪᠣᠷ ᠲᠥᠪ ᠴᠢᠬᠡᠴᠢ ᠦᠨᠳᠦᠰᠦᠨ ᠱᠠᠲᠤᠨ ᠤ | ᠤᠯᠤᠰ ᠲᠥᠷᠦ ᠶᠢᠨ ᠠᠮᠢ ᠠᠬᠤᠢ ᠶᠢ ᠪᠤᠢ ᠪᠤᠯᠭᠠᠨ᠎ᠠ᠃ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠦᠢᠯᠡᠴᠢᠯᠡᠭᠡ ᠶᠢ ᠰᠠᠶᠢᠲᠤᠷ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠤᠯᠢ ᠴᠠᠭᠠᠵᠠ ᠶᠢᠨ | ᠵᠥᠪᠯᠡᠭᠴᠢ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠥᠷᠭᠡᠨ ᠣᠯᠠᠨ ᠮᠠᠯᠴᠢᠨ ᠲᠦᠮᠡᠨ ᠤ ᠬᠠᠤᠯᠢ ᠶᠢ | ᠵᠢᠷᠤᠮᠯᠠᠬᠤ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠬᠥᠲᠥᠯᠥᠨ ᠵᠢᠯᠣᠭᠤᠳᠴᠤ | ᠂ ᠬᠠᠤᠯᠢ ᠶᠣᠰᠣᠭᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠵᠦ᠂ ᠵᠦᠷᠢᠴᠡᠯ ᠵᠢᠭᠤᠷᠠᠯᠳᠣᠭᠠᠨ ᠢᠶᠠᠨ ᠰᠢᠢᠳᠪᠦᠷᠢᠯᠡᠨ᠂ | ᠡᠷᠬᠡ ᠠᠰᠢᠭ ᠢᠶᠠᠨ ᠬᠠᠮᠠᠭᠠᠯᠠᠵᠤ᠂ ᠮᠠᠯᠵᠢᠬᠤ ᠣᠷᠣᠨ ᠤ ᠬᠠᠤᠯᠢ ᠴᠠᠭᠠᠵᠠ ᠶᠢᠨ ᠦᠢᠯᠡᠴᠢᠯᠡᠭᠡᠨ ᠢ ᠰᠠᠭᠠᠳ ᠦᠭᠡᠢ | ᠨᠡᠪᠲᠡᠷᠡᠭᠦᠯᠦᠨ᠎ᠡ᠃ | ᠶᠣᠰᠣ ᠰᠤᠷᠲᠠᠬᠤᠨ ᠢᠶᠠᠷ ᠵᠠᠰᠠᠬᠤ ᠲᠠᠯ᠎ᠠ ᠪᠠᠷ᠂ ᠵᠢᠷᠭᠤᠭᠠᠨ ᠶᠡᠭᠡ ᠪᠣᠯᠪᠠᠰᠤᠨ ᠢ ᠴᠤᠭᠴᠠᠯᠠᠬᠤ ᠠᠵᠢᠯᠯᠠᠭ᠎ᠠ ᠶᠢ | ᠭᠦᠨᠵᠡᠭᠡᠶᠢᠷᠡᠭᠦᠯᠤᠨ᠂ ᠬᠡᠪ ᠵᠠᠩᠰᠢᠯ ᠢ ᠥᠭᠡᠷᠡᠴᠢᠯᠡᠬᠦ᠂ ᠴᠠᠭ ᠦᠶ᠎ᠡ ᠶᠢᠨ ᠰᠢᠨ᠎ᠡ ᠬᠡᠪ ᠰᠣᠷᠳᠠᠯ ᠢ ᠪᠠᠳᠠᠷᠠᠭᠤᠯᠬᠤ | ᠵᠡᠷᠭᠡ ᠪᠠᠷ ᠭᠤᠤᠯ ᠠᠭᠤᠯᠭ᠎ᠠ ᠪᠣᠯᠭᠠᠭᠰᠠᠨ ︽ᠭᠠᠴᠠᠭᠠᠨ ᠤ ᠰᠤᠷᠲᠠᠯ ᠪᠣᠯᠪᠠᠰᠤᠨ ᠢ ᠳᠡᠭᠡᠭᠰᠢᠯᠡᠭᠦᠯᠬᠦ︾ | ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠶᠣᠰᠣ ᠰᠤᠷᠲᠠᠬᠤᠨ ᠤ ᠬᠥᠮᠦᠵᠢᠯ ᠢᠶᠠᠷ ᠠᠷᠠᠳ ᠲᠦᠮᠡᠨ ᠳᠤ | ᠪᠤᠶᠠᠨ ᠦᠢᠯᠡᠳᠬᠦ ᠶᠢ ᠬᠥᠲᠥᠯᠥᠨ ᠳᠠᠭᠠᠭᠤᠯᠵᠤ᠂ ᠨᠠᠰᠤᠨ ᠪᠠᠶᠠᠷ ᠤᠨ ᠨᠠᠶᠢᠷ ᠶᠡᠬᠡᠪᠡᠷ ᠬᠢᠬᠦ᠂ ᠬᠡᠷᠡᠭᠯᠡᠭᠡ ᠶᠢ | ᠠᠳᠠᠭᠠᠷᠬᠠᠨ ᠠᠳᠠᠯᠢᠳᠬᠠᠬᠤ ᠵᠡᠷᠭᠡ ᠠᠮᠢᠳᠤᠷᠠᠯ ᠤᠨ ᠪᠣᠯᠬᠢ ᠳᠠᠳᠬᠠᠯ ᠢ ᠬᠤᠷᠢᠭᠯᠠᠬᠤ ᠵᠢᠴᠢ ᠱᠠᠯᠢᠭ ᠵᠠᠪᠬᠠᠶ᠂ | ᠵᠣᠭᠤᠰ ᠮᠥᠷᠦ᠋ᠢᠴᠡᠬᠦ᠂ ᠬᠤᠤᠷᠲᠤ ᠡᠳ᠋ ᠰᠠᠷᠢᠭᠠᠯᠠᠬᠤ᠂ ᠹᠸᠤᠳᠠᠯ ᠤᠨ ᠮᠤᠬᠤᠷ ᠪᠢᠰᠢᠷᠡᠯ᠂ ᠬᠠᠤᠯᠢ ᠪᠤᠰᠤ ᠱᠠᠰᠢᠨ | ᠰᠤᠷᠲᠠᠬᠤᠨ ᠵᠡᠷᠭᠡ ᠲᠤᠪᠤᠶᠢᠮ᠎ᠠ ᠠᠰᠠᠭᠤᠳᠠᠯ ᠢ ᠠᠷᠢᠯᠭᠠᠵᠦ᠂ ᠦᠨᠳᠦᠰᠦᠲᠡᠨ ᠤ ᠰᠢᠯᠢᠳᠡᠭ ᠰᠣᠶᠣᠯ ᠤᠨ ᠥᠪ ᠢ | ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ ᠶᠢ ᠰᠠᠶᠢᠳᠣᠷ ᠠᠳᠬᠤᠵᠤ᠂ ᠨᠤᠲᠤᠭ ᠤᠨ ᠪᠣᠯᠪᠠᠰᠤᠨ ᠰᠤᠷᠲᠠᠯ᠂ | ᠰᠢᠯᠢᠳᠡᠭ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠣᠢ ᠪᠣᠯᠭᠠᠵᠣ᠂ ᠴᠠᠭ ᠦᠶ᠎ᠡ ᠶᠢᠨ ᠣᠨᠴᠠᠯᠢᠭ | ᠪᠦᠬᠦᠢ ᠦᠨᠳᠦᠰᠦᠲᠡᠨ ᠤ ᠰᠣᠶᠣᠯ ᠢ ᠪᠠᠳᠠᠷᠠᠭᠤᠯᠣᠨ᠎ᠠ᠃ | ᠣᠯᠠᠨ ᠨᠡᠶᠢᠲᠡ ᠶᠢᠨ ᠦᠢᠯᠡᠴᠢᠯᠡᠭᠡᠨ ᠤ ᠲᠠᠯ᠎ᠠ ᠪᠠᠷ᠂ ︽ᠠᠷᠪᠠᠨ ᠬᠤᠰᠢᠭᠤ ᠰᠢᠶᠠᠨ ᠵᠠᠭᠤᠨ ᠰᠢᠶᠠᠩ | ᠪᠠᠯᠭᠠᠰᠤ ᠮᠢᠩᠭᠠᠨ ᠭᠠᠴᠠᠭ᠎ᠠ ᠲᠣᠰᠬᠤᠨ︾ ᠤ ᠵᠢᠱᠢᠶ᠎ᠡ ᠦᠵᠡᠭᠦᠯᠬᠦ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠵᠢᠯ | ᠳᠤ 1 ᠳᠠᠭᠤᠷᠢᠶᠠᠯ ᠦᠵᠡᠭᠦᠯᠬᠦ ᠪᠠᠯᠭᠠᠰᠣ ᠪᠠ 6 ᠳᠠᠭᠤᠷᠢᠶᠠᠯ ᠦᠵᠡᠭᠦᠯᠬᠦ ᠭᠠᠴᠠᠭ᠎ᠠ ᠶᠢ ᠪᠠᠶᠢᠭᠤᠯᠵᠤ᠂ ᠮᠠᠯ | ᠲᠡᠵᠢᠭᠡᠪᠦᠷᠢ ᠶᠢᠨ ᠢᠯᠭᠠᠳᠠᠰᠦ ᠶᠢ ᠡᠬᠢ ᠪᠠᠶᠠᠯᠢᠭᠵᠢᠭᠤᠯᠤᠨ ᠬᠡᠷᠡᠭᠯᠡᠬᠦ ᠨᠣᠷᠮ᠎ᠠ ᠶᠢ 85% ᠳᠤ ᠬᠦᠷᠭᠡᠵᠦ᠂ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠳᠤ ᠮᠠᠯ ᠲᠡᠵᠢᠭᠡᠪᠦᠷᠢ ᠶᠢᠨ ᠢᠯᠭᠠᠳᠠᠰᠦ ᠶᠢ ᠡᠬᠢ | ᠪᠠᠶᠠᠯᠢᠭᠵᠢᠭᠤᠯᠤᠨ ᠬᠡᠷᠡᠭᠯᠡᠬᠦ ᠮᠠᠰᠢᠨᠴᠢᠯᠠᠯᠳᠠ ᠶᠢᠨ ᠨᠣᠷᠮ᠎ᠠ ᠶᠢ 95% ᠳᠤ ᠬᠦᠷᠭᠡᠵᠦ᠂ ᠮᠠᠯᠵᠢᠬᠤ ᠣᠷᠣᠨ ᠤ | ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠡᠳᠦᠷ ᠪᠦᠷᠢ ᠴᠡᠪᠡᠷᠯᠡᠨ᠎ᠡ᠃ ᠮᠠᠯᠵᠢᠬᠤ ᠣᠷᠣᠨ ᠤ ᠰᠠᠭᠤᠷᠢ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠠᠯᠵᠢᠬᠤ ᠣᠷᠣᠨ ᠳᠤ 39 ᠤᠤᠭᠤᠬᠤ | ᠤᠰᠤᠨ ᠤ ᠬᠤᠳᠳᠤᠭ ᠮᠠᠯᠳᠠᠵᠣ᠂ 9245 ᠢᠵᠢ ᠤᠰᠤ ᠴᠡᠪᠡᠷᠰᠢᠭᠦᠯᠬᠦ ᠲᠥᠬᠦᠭᠡᠷᠦᠮᠵᠢ ᠤᠭᠰᠠᠷᠠᠨ᠂ ᠮᠠᠯᠵᠢᠬᠤ | ᠣᠷᠣᠨ ᠤ ᠤᠤᠭᠤᠬᠤ ᠤᠰᠤᠨ ᠤ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠦᠨ᠎ᠡ︔ ︽ᠬᠥᠳᠡᠭᠡ | ᠲᠣᠰᠬᠤᠨ ᠤ ᠳᠥᠷᠪᠡᠨ ᠰᠠᠶᠢᠨᠲᠠᠢ ᠵᠠᠮ︾ ᠢ ᠲᠦᠷᠭᠡᠳᠬᠡᠨ ᠠᠬᠢᠭᠤᠯᠵᠤ᠂ 6400 ᠭᠠᠷᠤᠢ ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠮᠠᠯᠵᠢᠬᠤ ᠣᠷᠣᠨ ᠳᠤ 87 ᠺᠢᠯᠣᠮᠧᠲᠷ ᠵᠠᠰᠠᠮᠠᠯ ᠵᠠᠮ ᠵᠠᠰᠠᠵᠦ᠂ | ᠮᠠᠯᠵᠢᠬᠤ ᠣᠷᠣᠨ ᠤ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠳᠥᠭᠦᠮ ᠦᠵᠡᠭᠦᠯᠦᠨ᠎ᠡ︔ ᠷᠠᠳᠢᠣ᠋ | ᠲᠧᠯᠸᠢᠰ ᠲᠤᠤᠷ ᠰᠦᠯᠵᠢᠶ᠎ᠡ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠦᠬᠡ ᠳᠤ ᠣᠷᠣᠭᠤᠯᠬᠤ | ᠮᠡᠳᠡᠭᠡ ᠵᠠᠩᠭᠢᠵᠢᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠦᠯᠵᠢᠶᠡᠨ ᠳᠣᠬᠢᠶ᠎ᠠ ᠶᠢ ᠪᠦᠷᠭᠦᠬᠦᠯᠵᠦ᠂ ᠮᠠᠯᠵᠢᠬᠤ | ᠣᠷᠣᠨ ᠤ ᠣᠯᠠᠨ ᠲᠦᠮᠡᠨ ᠳᠤ ᠨᠠᠩ ᠰᠠᠶᠢᠨ ᠴᠢᠮᠡᠭᠡ ᠬᠤᠯᠪᠣᠭᠠᠨ ᠤ ᠮᠡᠳᠡᠭᠡ ᠵᠠᠩᠭᠢ ᠶᠢᠨ ᠦᠢᠯᠡᠴᠢᠯᠡᠭᠡ | ᠡᠳ᠋ᠯᠡᠭᠦᠯᠦᠨ᠎ᠡ᠃ | ︵ᠲᠠᠪᠤ︶ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ | 《 ᠬᠦᠬᠡᠮᠳᠦᠭ ᠨᠤᠭᠤᠭᠠᠨ ᠠᠭᠤᠯᠠ ᠤᠰᠤ ᠪᠣᠯ ᠠᠯᠲᠠ ᠮᠦᠩᠭᠦᠨ ᠠᠭᠤᠯᠠ ᠮᠦᠨ》ᠭᠡᠬᠦ ᠣᠬᠠᠭᠳᠠᠬᠤᠨ | ᠢ ᠪᠤᠲᠠᠲᠠᠢ ᠦᠢᠯᠡᠳᠦᠯᠭᠡᠵᠢᠭᠦᠯᠵᠦ᠂ ᠠᠭᠤᠯᠠ ᠤᠰᠤ᠂ ᠤᠢ ᠰᠢᠭᠤᠢ᠂ ᠨᠠᠭᠤᠷ ᠪᠦᠷᠢᠳᠦ᠂ ᠨᠤᠲᠤᠭ ᠪᠡᠯᠴᠢᠭᠡᠷ ᠢ | ᠰᠢᠰᠲ᠋ᠧᠮ ᠲᠠᠢ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ᠂ ᠨᠤᠲᠤᠭ ᠪᠡᠯᠴᠢᠭᠡᠷ᠂ ᠤᠢ ᠰᠢᠭᠤᠶ ᠶᠢ | ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠪᠡᠭᠡᠵᠢᠩ ᠲᠢᠶᠠᠨᠵᠢᠨ ᠤ ᠡᠯᠡᠰᠦᠨ ᠰᠤᠷᠪᠤᠯᠵᠢ ᠶᠢ ᠵᠠᠰᠠᠬᠤ | ᠂ ᠤᠶᠢᠵᠢᠭᠤᠯᠤᠯᠲᠠ ᠵᠡᠷᠭᠡ ᠴᠢᠬᠤᠯᠠ ᠶᠡᠭᠡ ᠠᠮᠢ ᠠᠬᠤᠶ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠤᠨ᠂ | ᠡᠵᠢᠨᠠᠭᠤᠷ᠂ ᠮᠠᠨᠳᠤᠬᠤᠪᠤᠯᠠᠭ ᠤᠨ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠢᠨᠵᠧᠨᠧᠷᠢᠩ | ᠪᠠ ᠡᠵᠢᠨᠠᠭᠤᠷ ᠳᠠᠪᠤᠰᠤᠨ ᠨᠠᠭᠤᠷ ᠤᠨ ᠠᠮᠢ ᠠᠬᠤᠢ ᠶᠢ ᠵᠠᠰᠠᠬᠤ ᠢᠨᠵᠧᠨᠧᠷᠢᠩ ᠢ ᠡᠬᠢᠯᠡᠭᠦᠯᠵᠦ᠂ ᠵᠢᠯ ᠳᠤ 2.35 | ᠲᠦᠮᠡᠨ ᠮᠦ ᠣᠶᠢᠵᠢᠭᠤᠯᠵᠤ᠂ 27.5 ᠲᠦᠮᠡᠨ ᠮᠦ ᠠᠮᠢ ᠠᠬᠤᠢ ᠶᠢ ᠰᠡᠷᠭᠦᠭᠡᠨ᠎ᠡ᠃ ᠤᠯᠠᠭᠠᠶ ᠨᠤᠭᠤ ᠭᠠᠵᠠᠷ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠪᠠ ᠴᠢᠳᠠᠪᠬᠢᠲᠦ ᠣᠷᠣᠨ ᠢ ᠰᠢᠨᠵᠢᠯᠡᠬᠦ | ᠤᠬᠠᠭᠠᠨᠴᠢ ᠪᠠᠷ ᠰᠢᠯᠢᠳᠡᠭᠵᠢᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠲᠣᠭᠲᠠᠭᠠᠬᠤ ᠠᠵᠢᠯ ᠢ | ᠪᠡᠶᠡᠯᠡᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠣᠢ ᠰᠢᠭᠤᠶ᠂ ᠡᠯᠡᠰᠦᠨ ᠤ ᠠᠵᠤ | ᠦᠢᠯᠡᠰ ᠢ ᠬᠥᠭᠵᠢᠭᠦᠯᠵᠦ᠂ ᠦᠷ᠎ᠡ ᠪᠦᠲᠦᠭᠡᠯ ᠢᠶᠠᠨ ᠪᠠᠬᠢᠵᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠢ | ᠬᠠᠮᠠᠭᠠᠯᠠᠨ ᠰᠠᠶᠢᠵᠢᠷᠠᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ᠂ ᠡᠯᠡᠰᠦᠷᠬᠡᠭ | ᠭᠠᠵᠠᠷ ᠲᠤ ᠬᠤᠨᠢ ᠮᠠᠯᠵᠢᠬᠤ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠪᠠ ᠪᠡᠯᠴᠢᠭᠡᠷᠯᠡᠭᠦᠯᠬᠦ ᠶᠢ ᠵᠤᠭᠰᠤᠭᠠᠬᠤ | ᠤᠷᠳ ᠳᠤ《ᠪᠡᠯᠴᠢᠭᠡᠷᠯᠡᠭᠦᠯᠬᠦ ᠶᠢ ᠴᠠᠭᠠᠵᠠᠯᠠᠬᠤ》᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠵᠢᠴᠢ ᠠᠮᠢ | ᠠᠬᠤᠢ ᠶᠢᠨ ᠨᠡᠶᠢᠲᠡ ᠶᠢᠨ ᠠᠰᠠᠷᠠᠮᠵᠢ ᠶᠢᠨ ᠤᠢ ᠳᠤ ᠨᠥᠬᠦᠪᠥᠷᠢ ᠤᠯᠭᠤᠬᠤ ᠳᠦᠷᠢᠮ ᠢ ᠯᠠᠪᠳᠠᠭᠤᠨ ᠪᠠᠲᠤᠲᠠᠢ | ᠨᠠᠶᠢᠳᠠᠪᠤᠷᠢᠵᠢᠭᠤᠯᠤᠨ᠂ ᠡᠪᠡᠰᠦ ᠬᠠᠳᠤᠵᠤ ᠬᠠᠳᠠᠭᠠᠯᠠᠬᠤ ᠠᠵᠢᠯᠯᠠᠭ᠎ᠠ ᠶᠢ ᠳᠦᠷᠢᠮᠵᠢᠭᠦᠯᠵᠦ᠂ ᠨᠤᠲᠤᠭ ᠪᠡᠯᠴᠢᠭᠡᠷ ᠤᠨ | ᠬᠤᠯᠤᠭᠠᠨ᠎ᠠ ᠬᠤᠷᠣᠬᠠᠶ ᠶᠢᠨ ᠬᠥᠨᠥᠭᠡᠯ ᠤᠨ ᠥᠷᠭᠡᠳᠬᠦ ᠬᠠᠨᠳᠤᠰᠢ ᠶᠢ ᠢᠳᠡᠪᠬᠢᠲᠡᠶ ᠠᠷᠭᠠᠴᠠᠨ᠂ ᠡᠳ᠋ | ᠪᠤᠳᠠᠰ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠮᠠᠰᠢᠨ ᠮᠧᠬᠠᠨᠢᠭ ᠪᠠ ᠬᠥᠮᠦᠨ ᠤ ᠬᠦᠴᠦᠨ ᠢ ᠤᠶᠠᠯᠳᠤᠭᠤᠯᠬᠤ | ᠠᠷᠭ᠎ᠠ ᠪᠠᠷ 220 ᠲᠦᠮᠡᠨ ᠮᠦ ᠬᠤᠯᠤᠭᠠᠨ᠎ᠠ ᠶᠢᠨ ᠬᠥᠨᠥᠭᠡᠯ ᠲᠠᠢ ᠭᠠᠵᠠᠷ ᠪᠠ 200 ᠲᠦᠮᠡᠨ | ᠮᠦ ᠬᠤᠷᠣᠬᠠᠶ ᠶᠢᠨ ᠬᠥᠨᠥᠭᠡᠯ ᠲᠠᠢ ᠭᠠᠵᠠᠷ ᠢ ᠵᠠᠰᠠᠨ᠎ᠠ᠃ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ | ᠬᠠᠮᠠᠭᠠᠯᠠᠯᠲᠠ ᠶᠢ ᠴᠢᠩᠭᠠᠳᠬᠠᠨ᠂ ᠲᠥᠷᠥᠯ ᠵᠦᠢᠯ ᠤᠨ ᠲᠠᠯ᠎ᠠ ᠨᠤᠲᠤᠭ ᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢ | ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠡᠯ᠎ᠡ ᠲᠥᠷᠥᠯ ᠤᠨ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ | ᠭᠤᠷᠪᠠᠳᠤᠭᠠᠷ ᠤᠳᠠᠭᠠᠨ ᠤ ᠭᠠᠵᠠᠷ ᠰᠢᠷᠣᠶ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠲᠠᠢ ᠣᠶᠠᠯᠳᠣᠭᠤᠯᠵᠣ | ᠂ ᠣᠯᠣᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2020 — 2035 ᠣᠨ | ︶ ᠶᠢ ᠴᠢᠨᠠᠷᠯᠢᠭ ᠭᠦᠢᠴᠡᠳᠬᠡᠵᠣ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ | ᠲᠥᠯᠥᠪᠵᠢᠭᠦᠯᠭᠡ ᠶᠢᠨ ᠲᠤᠭ᠎ᠠ ᠪᠠᠷᠢᠮᠲᠠ ᠶᠢᠨ ᠬᠦᠮᠦᠷᠭᠡ ᠶᠢ ᠪᠠᠶᠢᠭᠤᠯᠵᠤ᠂ ᠤᠯᠤᠰ ᠤᠨ ᠭᠠᠵᠠᠷ ᠰᠢᠷᠣᠢ ᠶᠢᠨ | ᠣᠷᠣᠨ ᠵᠠᠶ ᠶᠢ ᠨᠡᠭᠡᠭᠡᠨ ᠠᠰᠢᠭᠯᠠᠵᠣ ᠬᠠᠮᠠᠭᠠᠯᠠᠬᠤ ︽ᠨᠢᠭᠡ ᠬᠠᠭᠤᠳᠠᠰᠤ ᠵᠢᠷᠤᠭ ᠲᠦᠰᠦᠪ︾ ᠢ ᠪᠠᠶᠢᠭᠤᠯᠣᠨ᠎ᠠ᠃ | ᠠᠮᠢ ᠠᠬᠤᠶ ᠶᠢᠨ ᠬᠠᠮᠠᠭᠠᠯᠠᠯᠲᠠ ᠶᠢᠨ ᠰᠡᠷᠡᠮᠵᠢ ᠶᠢᠨ ᠱᠤᠭᠤᠮ ᠢ ᠲᠣᠬᠢᠷᠠᠭᠤᠯᠤᠨ ᠰᠢᠯᠢᠳᠡᠭᠵᠢᠭᠦᠯᠬᠦ ᠶᠢᠨ ᠬᠠᠮᠲᠤ | ᠴᠢᠩᠭ᠎ᠠ ᠰᠠᠬᠢᠵᠤ᠂ ᠬᠤᠳᠠ ᠪᠠᠯᠭᠠᠰᠣ ᠶᠢ ᠨᠡᠭᠡᠭᠡᠨ ᠬᠦᠭᠵᠢᠬᠦᠯᠬᠦ ᠵᠠᠭᠠᠭ ᠱᠣᠭᠤᠮ ᠢ ᠰᠢᠨᠵᠢᠯᠡᠬᠦ ᠤᠬᠠᠭᠠᠨᠴᠢ ᠪᠠᠷ | ᠲᠣᠭᠲᠠᠭᠠᠵᠤ᠂ ᠠᠮᠢ ᠠᠬᠤᠶ᠂ ᠮᠠᠯ ᠠᠵᠤ ᠠᠬᠤᠶ᠂ ᠬᠤᠳᠠ ᠪᠠᠯᠭᠠᠰᠤ ᠵᠡᠷᠭᠡ ᠴᠢᠳᠠᠪᠬᠢᠲᠦ ᠣᠷᠣᠨ ᠢ ᠨᠢᠭᠡᠳᠦᠯᠲᠡᠶ | ᠲᠦᠯᠦᠪᠵᠢᠬᠦᠯᠦᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠦᠯᠦᠪᠵᠢᠬᠦᠯᠬᠡ ᠶᠢ ᠪᠦᠬᠦᠨ ᠢ | ᠪᠦᠷᠬᠦᠬᠦᠯᠵᠣ᠂ ᠪᠦᠬᠦ ᠡᠯᠧᠮᠧᠨ᠋ᠲ ᠪᠠᠷ ᠬᠠᠮᠢᠶᠠᠷᠴᠦ ᠡᠵᠡᠮᠳᠡᠬᠦ ᠶᠢ ᠪᠡᠶᠡᠯᠡᠭᠦᠯᠦᠨ᠎ᠡ᠃ ᠨᠤᠲᠤᠭ ᠪᠡᠯᠴᠢᠭᠡᠷ ᠤᠨ | ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠪᠦᠬᠦ ᠬᠦᠴᠦᠨ ᠢᠶᠠᠷ ᠠᠬᠢᠭᠤᠯᠵᠤ᠂ 10 ᠰᠠᠷ᠎ᠠ ᠶᠢᠨ ᠡᠴᠣᠰ ᠠᠴᠠ | ᠡᠮᠦᠨ᠎ᠡ ᠪᠦᠬᠦᠨ ᠢ ᠪᠡᠶᠡᠯᠡᠬᠦᠯᠦᠨ᠎ᠡ᠃ ᠬᠠᠮᠤᠭ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ᠳᠦᠷᠢᠮ ᠢ ᠬᠢᠨᠠᠮᠠᠭᠠᠶ ᠨᠠᠶᠢᠳᠠᠪᠣᠷᠢᠵᠢᠭᠤᠯᠣᠨ᠂ ᠤᠰᠤ ᠭᠠᠮᠨᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠣᠨ᠂ ᠤᠰᠤᠨ ᠤ | ᠡᠬᠢ ᠪᠠᠶᠠᠯᠢᠭ ᠤᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢ ᠵᠡᠷᠬᠡᠪᠡᠷ ᠬᠢᠵᠠᠭᠠᠷᠯᠠᠬᠤ ᠶᠢ | ᠴᠢᠩᠭᠠᠳᠬᠠᠨ᠂ ᠭᠠᠵᠠᠷ ᠳᠣᠤᠷᠠᠬᠢ ᠤᠰᠤ ᠶᠢ ᠬᠠᠮᠠᠭᠠᠯᠠᠬᠤ ᠠᠵᠢᠯᠯᠠᠭ᠎ᠠ ᠦᠷᠨᠢᠬᠦᠯᠵᠣ᠂ ᠭᠠᠵᠠᠷ ᠳᠣᠤᠷᠠᠬᠢ ᠤᠰᠤᠨ | ᠲᠦᠪᠰᠢᠨ ᠢ ᠬᠥᠳᠡᠯᠦᠩᠭᠦᠶ ᠬᠢᠨᠠᠨ ᠬᠡᠮᠵᠢᠬᠦ ᠬᠦᠷᠢᠶ᠎ᠡ ᠬᠡᠪᠴᠢᠶ᠎ᠡ ᠶᠢ ᠦᠷᠭᠡᠳᠬᠡᠨ᠎ᠡ᠃ | ︽ᠬᠡᠨ ᠨᠡᠭᠡᠭᠡᠨ ᠠᠰᠢᠭᠯᠠᠪᠠᠯ ᠲᠡᠷᠡ ᠬᠠᠮᠠᠭᠠᠯᠠᠬᠤ᠂ ᠬᠡᠨ ᠬᠤᠬᠢᠷᠠᠭᠤᠯᠪᠠᠯ ᠲᠡᠷᠡ ᠴᠡᠭᠴᠡᠯᠡᠬᠦ︾ ᠵᠠᠷᠴᠢᠮ | ᠶᠣᠰᠣᠭᠠᠷ᠂ ᠠᠭᠤᠷᠬᠠᠢ ᠶᠢᠨ ᠣᠷᠴᠢᠨ ᠲᠣᠭᠤᠷᠢᠨ ᠢ ᠴᠡᠭᠴᠡᠯᠡᠬᠦ ᠪᠠ ᠪᠣᠬᠢᠷᠲᠤᠯ ᠦᠭᠡᠢ ᠠᠭᠤᠷᠬᠠᠢ ᠶᠢᠨ | ᠪᠠᠶᠢᠭᠤᠯᠣᠯᠲᠠ ᠶᠢ ᠴᠢᠨᠠᠷᠯᠢᠭ ᠠᠬᠢᠭᠤᠯᠵᠤ᠂ 1.7 ᠳ᠋ᠦᠩᠰᠢᠭᠤᠷ ᠲᠥᠭᠦᠷᠢᠭ ᠪᠡᠯᠡ ᠣᠷᠣᠭᠤᠯᠣᠨ᠂ ᠪᠦᠬᠦ | ᠬᠤᠰᠢᠭᠤᠨ ᠤ ᠠᠭᠤᠷᠬᠠᠢ ᠶᠢᠨ ᠠᠵᠤ ᠠᠬᠤᠶᠢᠯᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ | ᠢᠨᠵᠧᠨᠧᠷᠢᠩ ᠢ ᠬᠡᠷᠡᠭᠵᠢᠬᠦᠯᠬᠦ ᠪᠠᠷ ᠲᠦᠯᠦᠪᠯᠡᠵᠣ᠂ 8.3 ᠲᠡᠭᠰᠢ ᠳᠥᠷᠪᠡᠯᠵᠢᠨ ᠺᠢᠯᠦᠮᠧᠲᠷ ᠵᠠᠰᠠᠬᠤ ᠶᠢ | ᠪᠡᠶᠡᠯᠡᠬᠦᠯᠦᠨ᠂ ᠲᠡᠮᠦᠷᠯᠢᠭ ᠪᠠ ᠲᠡᠮᠦᠷᠯᠢᠭ ᠪᠤᠰᠤ᠂ ᠴᠢᠯᠠᠭᠤᠨ ᠲᠣᠰᠣ᠂ ᠴᠢᠯᠠᠭᠤ ᠭᠠᠷᠭᠠᠬᠤ᠂ ᠰᠢᠷᠦᠢ ᠮᠠᠯᠳᠠᠬᠤ | ᠬᠦᠷᠢᠶᠡᠨ ᠳᠠᠬᠢ 20 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠶ | ᠠᠭᠤᠷᠬᠠᠶ ᠶᠢᠨ ᠪᠠᠷᠢᠮᠵᠢᠶ᠎ᠠ ᠳᠤ ᠬᠦᠷᠬᠡᠬᠦ ᠪᠠᠷ ᠴᠢᠷᠮᠠᠶᠢᠵᠤ᠂ ᠡᠭᠦᠨ ᠳᠤ ᠲᠡᠮᠦᠷᠯᠢᠭ ᠪᠠ ᠲᠡᠮᠦᠷᠯᠢᠭ ᠪᠤᠰᠤ᠂ | ᠴᠢᠯᠠᠭᠤᠨ ᠲᠣᠰᠣᠨ ᠤ 14 ᠠᠵᠤ ᠠᠬᠤᠶᠢᠯᠠᠯ ᠢ ᠤᠯᠤᠰ ᠤᠨ ᠲᠠᠰ ᠤᠨ ᠪᠣᠬᠢᠷᠲᠤᠯ ᠦᠭᠡᠶ ᠠᠭᠤᠷᠬᠠᠶ ᠪᠣᠯᠭᠠᠬᠤ ᠪᠠᠷ | ᠴᠢᠷᠮᠠᠶᠢᠵᠣ᠂ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠬᠦᠭᠡᠬᠦ᠂ ᠨᠡᠭᠡᠭᠡᠨ ᠠᠰᠢᠭᠯᠠᠬᠤ ᠠᠷᠭ᠎ᠠ ᠮᠠᠶ᠋ᠢᠭ ᠢ | ᠬᠠᠯᠠᠨ ᠰᠠᠶᠢᠵᠢᠷᠠᠭᠤᠯᠬᠤ᠂ ᠡᠬᠢ ᠪᠠᠶᠠᠯᠢᠭ ᠤᠨ ᠠᠰᠢᠭᠯᠠᠯᠲᠠ ᠶᠢ ᠰᠢᠯᠢᠳᠡᠭᠵᠢᠬᠦᠯᠬᠦ᠂ ᠬᠠᠮᠢᠶᠠᠷᠤᠯᠲᠠ ᠶᠢᠨ ᠮᠡᠳᠡᠭᠡ | ᠵᠠᠩᠭᠢ ᠶᠢ ᠠᠦ᠋ᠲ᠋ᠣᠴᠢᠯᠠᠬᠤ᠂ ᠠᠭᠤᠷᠬᠠᠢ ᠶᠢᠨ ᠣᠷᠣᠨ ᠤ ᠨᠡᠶᠢᠭᠡᠮ ᠲᠣᠭᠤᠷᠢᠭ ᠢ ᠡᠶ᠎ᠡ ᠵᠣᠬᠢᠴᠠᠯ ᠲᠠᠢ ᠪᠣᠯᠭᠠᠬᠤ ᠶᠢ | ᠪᠡᠶᠡᠯᠡᠭᠦᠯᠵᠦ᠂ 2023 ᠣᠨ ᠪᠣᠯᠬᠤ ᠳᠤ ᠪᠦᠬᠦ ᠬᠤᠰᠢᠭᠤᠨ ᠤ ᠠᠭᠤᠷᠬᠠᠢ ᠶᠢᠨ ᠠᠵᠤ ᠠᠬᠤᠶᠢᠯᠠᠯ ᠢ ᠪᠦᠬᠦᠨ ᠢ | ᠪᠠᠷᠢᠮᠵᠢᠶ᠎ᠠ ᠳᠤ ᠬᠦᠷᠭᠡᠬᠦ ᠳᠤ ᠪᠠᠳᠣ ᠰᠠᠭᠤᠷᠢ ᠲᠠᠯᠪᠢᠨ᠎ᠡ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶ᠎ᠠ ᠶᠢᠨ ᠨᠡᠬᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠴᠠᠭᠠᠵᠠ | ᠳᠦᠷᠢᠮ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠣᠰᠬᠠᠢ ᠲᠦᠷᠦᠯ ᠢᠶᠠᠷ ᠴᠡᠭᠴᠡᠯᠡᠬᠦ ᠲᠣᠭᠤᠷᠢᠨ | ᠪᠠᠶᠢᠴᠠᠭᠠᠬᠤ ᠠᠵᠢᠯ ᠤᠨ ᠳᠣᠭᠤᠶᠢᠯᠠᠩ ᠲᠠᠢ ᠢᠳᠡᠪᠬᠢᠲᠠᠢ ᠬᠠᠮᠵᠢᠯᠴᠠᠵᠣ᠂ 4 ᠲᠠᠯ᠎ᠠ ᠶᠢᠨ 15 ᠵᠦᠢᠯ ᠤᠨ | ᠳᠣᠪᠣᠶᠢᠮ᠎ᠠ ᠠᠰᠠᠭᠤᠳᠠᠯ ᠳᠤ ᠴᠢᠭᠯᠡᠬᠦᠯᠦᠨ᠂ ᠲᠦᠢᠯᠪᠤᠷᠢᠲᠠᠢ ᠪᠠᠶᠢᠴᠠᠭᠠᠵᠤ᠂ ᠪᠦᠬᠦ ᠲᠠᠯ᠎ᠠ ᠪᠠᠷ ᠴᠡᠭᠴᠡᠯᠡᠨ᠂ | ᠦᠪᠡᠷᠳᠡᠬᠡᠨ ᠵᠠᠰᠠᠬᠤ ᠣᠷᠣᠨ ᠲᠠᠢ ᠵᠡᠷᠭᠡᠪᠡᠷ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠤᠨ᠎ᠠ᠃ | ︵ᠵᠢᠷᠭᠤᠭ᠎ᠠ︶ ᠥᠭᠡᠷᠡᠴᠢᠯᠡᠯᠲᠡ ᠬᠢᠵᠣ ᠴᠢᠯᠦᠭᠡᠲᠠᠢ ᠶᠠᠪᠣᠯᠴᠠᠬᠤ ᠶᠢ ᠭᠤᠶᠢᠪᠢᠰᠢ ᠦᠭᠡᠢ | ᠭᠦᠨᠵᠡᠭᠡᠶᠢᠷᠡᠭᠦᠯᠦᠨ᠎ᠡ | ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ | ᠠᠮᠢ ᠠᠬᠤᠶ ᠶᠢᠨ ᠪᠣᠯᠪᠠᠰᠤᠨ ᠤ ᠲᠦᠷᠢᠮ᠂ ᠮᠠᠯᠵᠢᠬᠤ ᠣᠷᠣᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠲᠦᠷᠢᠮ᠂ | ᠨᠣᠳᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ᠂ ᠡᠳ᠋ ᠤᠨ ᠵᠠᠰᠠᠭ ᠭᠠᠶᠢᠯᠢ ᠪᠠ ᠪᠠᠯᠠ ᠣᠷᠣᠭᠤᠯᠬᠤ | ᠲᠣᠭᠳᠠᠴᠠ ᠵᠡᠷᠭᠡ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠶ ᠠᠬᠢᠭᠤᠯᠵᠤ᠂ | ᠭᠤᠣᠯᠳᠠᠯᠭᠠᠲᠣ ᠲᠥᠷᠥᠯ ᠵᠦᠶᠯ ᠳᠤ ᠪᠡᠯᠡ ᠮᠦᠩᠭᠦ ᠲᠠᠳᠠᠬᠤ ᠪᠠ ᠮᠥᠷᠳᠡᠨ ᠨᠠᠶᠢᠳᠠᠪᠤᠷᠢᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠂ ᠭᠠᠶᠢᠯᠢ ᠶᠢ ᠬᠦᠩᠭᠡᠯᠡᠵᠣ ᠰᠦᠶᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ ᠲᠠᠯ᠎ᠠ ᠪᠠᠷ ᠬᠠᠷᠠᠭᠠᠯᠵᠠᠬᠤ | ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠶᠳᠬᠡᠯ ᠢ ᠴᠡᠪᠡᠷᠯᠡᠨ | ᠲᠦᠷᠢᠮᠵᠢᠬᠦᠯᠦᠨ᠎ᠡ᠃ ᠳᠠᠪᠰᠢᠩᠭᠤᠢ ᠭᠠᠵᠠᠷ ᠣᠷᠣᠨ ᠤ ᠠᠮᠵᠢᠯᠲᠠ ᠲᠠᠢ ᠲᠤᠷᠰᠢᠯᠭ᠎ᠠ ᠶᠢ ᠰᠣᠷᠣᠯᠴᠠᠨ ᠠᠰᠢᠭᠯᠠᠵᠣ᠂ | ︽ᠪᠠᠭᠤᠯᠭᠠᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠬᠦᠯᠦᠨ᠂ ᠵᠠᠬ᠎ᠠ | ᠳᠡᠯᠭᠡᠭᠦᠷ ᠲᠤ ᠣᠷᠣᠬᠤ ᠵᠦᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠪᠠᠭᠠᠰᠬᠠᠬᠤ᠂ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ ᠪᠠᠶᠢᠭᠤᠯᠬᠤ᠂ ᠣᠯᠠᠨ ᠨᠡᠶᠢᠲᠡ ᠶᠢᠨ | ᠡᠬᠢ ᠪᠠᠶᠠᠯᠢᠭ ᠤᠨ ᠰᠣᠯᠢᠯᠴᠠᠭ᠎ᠠ ᠶᠢ ᠲᠦᠷᠢᠮᠵᠢᠬᠦᠯᠬᠦ᠂ ᠬᠢᠨᠠᠨ ᠵᠥᠪᠰᠢᠶᠡᠷᠡᠬᠦ ᠶᠠᠪᠣᠴᠠ ᠶᠢ ᠲᠦᠬᠦᠮᠴᠢᠯᠡᠬᠦ ᠵᠡᠷᠭᠡ | ᠬᠤᠮᠠᠬᠢ ᠲᠠᠯ᠎ᠠ ᠠᠴᠠ ᠭᠠᠷᠲᠠᠵᠤ᠂ ᠪᠦᠬᠦ ᠬᠤᠰᠢᠭᠤᠨ ᠤ 43 ᠨᠢᠭᠡᠴᠡ ᠶᠢᠨ 5 ᠰᠠᠷ᠎ᠠ ᠶᠢᠨ ᠰᠡᠭᠦᠯᠴᠢ ᠠᠴᠠ ᠡᠮᠦᠨ᠎ᠡ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠠᠰᠠᠷ ᠲᠤ ᠰᠢᠯᠵᠢᠨ ᠠᠵᠢᠯᠯᠠᠬᠤ ᠶᠢ ᠠᠬᠢᠭᠤᠯᠣᠨ᠂ | ᠢᠨᠵᠧᠨᠧᠷᠢᠩ ᠤᠨ ᠲᠥᠷᠥᠯ ᠵᠦᠢᠯ ᠢ ᠬᠢᠨᠠᠨ ᠵᠦᠪᠰᠢᠶᠡᠷᠡᠬᠦ᠂ ᠨᠡᠶᠢᠭᠡᠮ ᠤᠨ ᠪᠠᠲᠤᠯᠠᠭ᠎ᠠ᠂ ᠬᠤᠳᠠᠯᠳᠤᠭᠠᠨ ᠤ ᠶᠠᠪᠤᠳᠠᠯ | ᠢ ᠳᠠᠩᠰᠠᠯᠠᠬᠤ᠂ ᠭᠡᠷ ᠪᠠᠶᠢᠰᠢᠩ ᠬᠢᠭᠡᠳ ᠦᠯᠦ ᠬᠥᠳᠡᠯᠬᠦ ᠬᠥᠷᠥᠩᠭᠡ ᠶᠢ ᠳᠠᠩᠰᠠᠯᠠᠬᠤ᠂ ᠨᠡᠶᠢᠲᠡ ᠶᠢᠨ ᠡᠬᠢ | ᠪᠠᠶᠠᠯᠢᠭ ᠤᠨ ᠰᠣᠯᠢᠯᠴᠠᠭ᠎ᠠ᠂ ᠭᠠᠶᠢᠯᠢ ᠬᠤᠷᠢᠶᠠᠬᠤ᠂ ᠦᠨᠡᠮᠯᠡᠯ ᠬᠦᠢᠴᠡᠳᠬᠡᠬᠦ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ 492 ᠵᠦᠢᠯ ᠤᠨ ᠦᠢᠯᠡᠴᠢᠯᠡᠭᠡ ᠬᠠᠩᠭᠠᠵᠣ᠂ ᠪᠠᠶᠢᠩᠭᠤ | ᠭᠦᠢᠴᠡᠳᠬᠡᠬᠦ ᠲᠦᠷᠦᠯ ᠵᠦᠢᠯ ᠢ ︽ᠨᠢᠭᠡ ᠳᠠᠪᠴᠠᠩ ᠢᠶᠠᠷ ᠪᠦᠬᠦᠨ ᠢ ᠭᠦᠶᠴᠡᠳᠬᠡᠬᠦ︾ ᠶᠢ ᠪᠡᠶᠡᠯᠡᠬᠦᠯᠦᠨ᠂ ︽ᠨᠢᠭᠡ | ᠦᠷᠳᠡᠭᠡᠴᠢᠯᠡᠭᠰᠡᠨ︾ ᠬᠡᠯᠪᠡᠷᠢ ᠶᠢᠨ ᠦᠶᠯᠡᠴᠢᠯᠡᠭᠡ ᠬᠠᠩᠭᠠᠵᠤ᠂ ︽ᠨᠢᠭᠡᠯᠡ ᠤᠳᠠᠭ᠎ᠠ ᠭᠦᠶᠦᠬᠦ︾ ᠭᠦᠶᠴᠡᠳᠬᠡᠬᠦ | ᠨᠣᠷᠮ᠎ᠠ ᠶᠢ 70% ᠠᠴᠠ ᠳᠠᠪᠠᠭᠤᠯᠬᠤ ᠶᠢ ᠪᠠᠳᠣᠯᠠᠨ᠂ ᠪᠠᠷᠢᠮᠵᠢᠶ᠎ᠠ ᠶᠣᠰᠣᠭᠠᠷ ︽ᠳᠥᠷᠪᠡᠨ ᠬᠠᠮᠤᠭ ᠤᠨ ᠰᠠᠶᠢᠨ︾ | ᠬᠤᠳᠠᠯᠳᠤᠭ᠎ᠠ ᠡᠷᠬᠢᠯᠡᠬᠦ ᠨᠦᠬᠦᠴᠡᠯ ᠢ ᠪᠣᠶ ᠪᠣᠯᠭᠠᠨ᠎ᠠ᠃ ᠳᠡᠭᠡᠷ᠎ᠡ ᠱᠠᠲᠤᠨ ᠤ ᠬᠦᠴᠦᠨ ᠦᠭᠡᠢ ᠪᠣᠯᠭᠠᠭᠰᠠᠨ ᠪᠠ | ᠳᠣᠷᠣᠭᠰᠢ ᠪᠠᠭᠤᠯᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠶᠯᠡᠰ ᠢ ᠢᠳᠡᠪᠬᠢᠲᠡᠢ ᠬᠦᠯᠢᠶᠡᠨ ᠠᠪᠴᠣ᠂ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠦᠨᠡᠯᠡᠯᠲᠡ ᠬᠢᠬᠦ︾ ᠳᠦᠷᠢᠮ ᠢ ᠪᠠᠶᠢᠭᠤᠯᠵᠤ᠂ ᠵᠠᠰᠠᠭ ᠤᠨ | ᠣᠷᠳᠣᠨ ᠤ ᠦᠶᠯᠡᠴᠢᠯᠡᠭᠡᠨ ᠤ ᠴᠢᠳᠠᠪᠬᠢ ᠶᠢ ᠶᠡᠬᠡᠪᠡᠷ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ | ᠰᠤᠮᠤ ᠪᠠᠯᠭᠠᠰᠤᠨ ᠳᠤ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠢᠳᠡᠪᠬᠢᠲᠡᠶ ᠪᠠᠷ ᠬᠦᠯᠢᠶᠠᠨ | ᠠᠪᠴᠤ᠂ ᠡᠯ᠎ᠡ ᠰᠤᠮᠤ ᠪᠠᠯᠭᠠᠰᠤᠨ ᠳᠤ ᠨᠠᠮ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠶᠡᠷᠣᠩᠭᠡᠶᠢᠯᠡᠨ | ᠪᠠᠳᠣᠯᠠᠬᠤ ᠪᠠ ᠮᠡᠷᠭᠡᠵᠢᠯ ᠳᠡᠯᠭᠡᠷᠡᠭᠦᠯᠬᠦ ᠲᠥᠪ ᠵᠢᠴᠢ ᠶᠡᠷᠣᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠵᠡᠷᠭᠡ ︽ᠨᠢᠭᠡ ᠲᠣᠪᠴᠢᠶ᠎ᠠ ᠬᠤᠶᠠᠷ ᠲᠥᠪ︾ ᠤᠨ ᠦᠨᠳᠦᠰᠦᠨ ᠱᠠᠲᠤᠨ ᠤ ᠦᠢᠯᠡᠴᠢᠯᠡᠭᠡᠨ ᠤ | ᠪᠠᠶᠢᠭᠤᠯᠤᠮᠵᠢ ᠶᠢ ᠪᠠᠶᠢᠭᠤᠯᠵᠤ᠂ ᠳᠥᠭᠦᠮ ᠲᠦᠳᠡ ᠦᠷ᠎ᠡ ᠠᠰᠢᠭ ᠦᠨᠳᠦᠷ ᠦᠨᠳᠣᠰᠣᠨ ᠱᠠᠲᠤᠨ ᠤ | ᠬᠠᠮᠢᠶᠠᠷᠤᠯᠲᠠ ᠶᠢᠨ ᠳᠣᠭᠲᠠᠴᠠ ᠶᠢ ᠪᠠᠶᠢᠭᠤᠯᠤᠨ᠂ ᠦᠨᠳᠦᠰᠦᠨ ᠱᠠᠲᠤᠨ ᠤ ᠦᠢᠯᠡᠴᠢᠯᠡᠭᠡᠨ ᠤ ︽ᠡᠴᠦᠰ ᠤᠨ ᠨᠢᠭᠡ | ᠺᠢᠯᠣᠮᠧᠲᠷ︾ ᠢ ᠦᠨᠡᠨᠬᠦ ᠰᠢᠢᠳᠪᠦᠷᠢᠯᠡᠨ᠎ᠡ᠃ | ᠠᠵᠤ ᠦᠶᠯᠡᠳᠪᠦᠷᠢ ᠶᠢᠨ ᠲᠣᠭᠤᠷᠢᠭ ᠤᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠳᠣᠮᠳᠠᠬᠢ | ᠭᠤᠣᠯᠯᠠᠬᠤ ᠵᠢᠱᠢᠶᠡᠴᠢ ᠦᠶᠯᠡᠳᠦᠯ ᠢ ᠭᠦᠶᠴᠡᠳ ᠪᠠᠳᠠᠷᠠᠭᠤᠯᠵᠤ᠂ ᠲᠣᠭᠤᠷᠢᠭ ᠤᠨ ᠪᠠᠶᠢᠷᠢᠰᠢᠯ ᠢ ᠲᠣᠬᠢᠷᠠᠭᠤᠯᠤᠨ | ᠰᠢᠯᠢᠳᠡᠭᠵᠢᠭᠦᠯᠵᠦ᠂ ᠪᠠᠶᠢᠷᠢᠰᠢᠯ ᠨᠢ ᠵᠦᠶ ᠵᠣᠬᠢᠰᠲᠠᠶ᠂ ᠰᠣᠯᠪᠢᠴᠠᠨ ᠬᠥᠭᠵᠢᠬᠦ᠂ ᠴᠢᠳᠠᠮᠵᠢ ᠨᠢ ᠵᠣᠬᠢᠴᠠᠩᠭᠤᠶ | ᠬᠥᠭᠵᠢᠯᠲᠡ ᠶᠢᠨ ᠬᠡᠪ ᠪᠠᠶᠢᠳᠠᠯ ᠢ ᠪᠣᠶ ᠪᠣᠯᠭᠠᠵᠤ᠂ ᠳᠡᠭᠡᠷ᠎ᠡ ᠬᠠᠭᠠᠰ ᠵᠢᠯ ᠳᠤ ᠠᠵᠣ ᠦᠢᠯᠡᠳᠪᠦᠷᠢ ᠶᠢᠨ | ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠪᠠ ᠠᠵᠤ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ | ᠵᠦᠪᠰᠢᠶᠡᠷᠡᠯ ᠢ ᠣᠯᠬᠤ ᠪᠠᠷ ᠴᠢᠷᠮᠠᠶᠢᠨ᠎ᠠ᠃ ᠠᠵᠣ ᠦᠢᠯᠡᠳᠪᠦᠷᠢ ᠶᠢᠨ ᠲᠣᠭᠤᠷᠢᠭ ᠤᠨ ᠰᠢᠨ᠎ᠡ ᠶᠢ ᠡᠭᠦᠳᠬᠦ | ᠲᠠᠪᠴᠠᠩ ᠪᠠᠶᠢᠭᠤᠯᠬᠤ ᠶᠢ ᠵᠣᠷᠢᠭᠵᠢᠭᠤᠯᠤᠨ ᠳᠠᠮᠵᠢᠵᠤ᠂ ᠠᠵᠤ ᠠᠬᠤᠶᠢᠯᠠᠯ ᠤᠨ ᠮᠡᠷᠭᠡᠵᠢᠯ ᠰᠢᠨᠡᠴᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠦᠢᠯᠡᠳᠪᠦᠷᠢᠯᠡᠯ ᠳᠤ ᠬᠡᠷᠡᠭᠯᠡᠬᠦ ᠶᠢ | ᠠᠬᠢᠭᠤᠯᠤᠨ᠎ᠠ᠃ ᠠᠵᠣ ᠦᠢᠯᠡᠳᠪᠦᠷᠢ ᠶᠢᠨ ᠲᠣᠭᠤᠷᠢᠭ ᠤᠨ ᠰᠠᠭᠤᠷᠢ ᠪᠦᠲᠦᠭᠡᠨ ᠪᠠᠶᠢᠭᠤᠯᠤᠯᠲᠠ ᠳᠠᠬᠢ ᠪᠡᠯᠡ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠣ᠂ ᠲᠤᠬᠠᠶ ᠶᠢᠨ ᠭᠠᠵᠠᠷ ᠲᠤᠨᠢ ᠲᠣᠬᠢᠷᠠᠭᠤᠯᠤᠨ ᠦᠨᠡᠯᠡᠯᠲᠡ | ᠬᠢᠵᠣ᠂ ᠥᠨᠳᠥᠷ ᠬᠢᠷᠢ ᠲᠦᠪᠰᠢᠨ ᠲᠠᠢ ᠬᠤᠳᠠᠯᠳᠤᠭ᠎ᠠ ᠡᠷᠬᠢᠯᠡᠬᠦ ᠳᠠᠭᠤᠷᠢᠶᠠᠯ ᠠᠵᠣ ᠦᠢᠯᠡᠳᠪᠦᠷᠢ ᠶᠢᠨ ᠲᠣᠭᠤᠷᠢᠭ | ᠢ ᠪᠠᠶᠢᠭᠤᠯᠣᠨ᠎ᠠ᠃ | ᠵᠡᠭᠦᠨ ᠬᠠᠲᠠᠪᠴᠢ ᠪᠣᠭᠤᠮᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠭᠠᠳᠠᠭᠰᠢ ᠨᠡᠭᠡᠭᠡᠯᠲᠡ ᠬᠢᠬᠦ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ | ᠲᠠᠮᠦᠷ ᠵᠠᠮ ᠤᠨ ᠪᠣᠭᠤᠮᠲᠠ ᠪᠠᠷ ᠡᠷᠡᠮᠡᠯᠵᠡᠯᠡᠨ ᠮᠡᠳᠡᠬᠦᠯᠬᠦ ᠠᠵᠢᠯ ᠢ ᠡᠬᠢᠯᠡᠬᠦᠯᠦᠨ᠂《 ᠬᠢᠯᠢ ᠶᠢᠨ | ᠴᠣᠩᠬᠤᠪᠴᠢ》ᠪᠠᠶᠢᠭᠤᠯᠬᠤ ᠢᠨᠵᠧᠨᠧᠷᠢᠩ ᠢ ᠪᠡᠶᠡᠯᠡᠬᠦᠯᠦᠨ᠎ᠡ᠃ ᠲᠦᠭᠦᠬᠡᠶ ᠲᠣᠰᠣᠨ ᠤ ᠬᠥᠮᠥᠷᠭᠡ᠂ ᠨᠡᠭᠦᠷᠡᠰᠦᠨ ᠤ | ᠪᠢᠳᠡᠭᠦᠮᠵᠢᠯᠡᠭᠰᠡᠨ ᠬᠦᠮᠦᠷᠭᠡ᠂ ᠠᠭᠤᠷᠬᠠᠢ ᠶᠢᠨ ᠬᠦᠳᠡᠷ ᠤᠨ ᠬᠢᠨᠠᠠ ᠬᠠᠮᠢᠶᠠᠷᠤᠯᠲᠠ ᠶᠢᠨ ᠬᠥᠮᠥᠷᠭᠡ ᠪᠠᠶᠢᠭᠤᠯᠬᠤ | ᠠᠵᠢᠯ ᠢ ᠢᠯᠡᠳᠲᠡ ᠠᠬᠢᠭᠤᠯᠵᠤ᠂ ᠠᠶᠠᠨᠴᠢᠳ ᠪᠠ ᠪᠠᠷᠠᠭ᠎ᠠ ᠶᠢ ᠬᠠᠮᠲᠦ ᠳᠤᠨᠢ ᠪᠠᠶᠢᠴᠠᠭᠠᠬᠤ ᠲᠣᠭᠤᠷᠢᠭ ᠢ | ᠦᠭᠡᠷᠡᠴᠢᠯᠡᠨ ᠪᠠᠶᠢᠭᠤᠯᠬᠤ᠂ ᠬᠤᠯᠪᠣᠭᠠᠯᠠᠨ ᠪᠠᠶᠢᠴᠠᠭᠠᠬᠤ ᠶᠡᠷᠦᠩᠬᠡᠶᠢᠯᠡᠭᠰᠡᠨ ᠠᠰᠠᠷ ᠢ ᠳᠡᠰ ᠳᠡᠪᠰᠢᠭᠦᠯᠬᠦ | ᠢᠨᠵᠧᠨᠧᠷᠢᠩ ᠪᠠ ᠪᠠᠷᠠᠭ᠎ᠠ ᠲᠡᠭᠡᠭᠡᠪᠦᠷᠢᠯᠡᠬᠦ ᠵᠠᠮ᠂ ᠣᠶᠣᠨᠴᠢ ᠮᠡᠷᠭᠡᠵᠢᠯ ᠤᠨ ᠲᠥᠷᠥᠯ ᠵᠦᠶᠯ ᠢ ᠪᠡᠶᠡᠯᠡᠬᠦᠯᠬᠦ ᠪᠠᠷ | ᠴᠢᠷᠮᠠᠶᠢᠵᠤ᠂ ᠣᠶᠣᠨᠴᠢ ᠪᠣᠭᠤᠮᠲᠠ ᠶᠢ ᠡᠬᠦᠳᠦᠨ ᠪᠠᠶᠢᠭᠤᠯᠣᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠥᠲᠥᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠶᠠᠯ ᠤᠨ ᠪᠥᠲᠥᠭᠡᠨ | ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠵᠤ᠂ ᠭᠠᠳᠠᠭᠠᠳᠣ ᠳᠤ ᠭᠠᠷᠭᠠᠬᠤ ᠬᠡᠮᠵᠢᠶ᠎ᠡ ᠶᠢ ᠬᠦᠴᠦᠯᠡᠨ | ᠳᠡᠭᠡᠭᠰᠢᠯᠡᠬᠦᠯᠵᠣ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠴᠢᠯᠦᠭᠡᠲᠡᠢ ᠶᠠᠪᠣᠯᠴᠠᠬᠤ | ᠲᠤᠷᠰᠢᠯᠲᠠ ᠶᠢᠨ ᠲᠣᠭᠤᠷᠢᠭ ᠤᠨ ᠵᠦᠪᠰᠢᠶᠡᠷᠡᠯ ᠢ ᠣᠯᠬᠤ ᠪᠠᠷ ᠲᠡᠮᠡᠴᠡᠵᠣ᠂ ᠭᠠᠳᠠᠭᠠᠳᠣ ᠵᠠᠬ᠎ᠠ ᠶᠢᠨ ᠠᠷᠠᠯᠵᠢᠶᠠᠨ ᠤ | ᠣᠷᠣᠨ ᠢ ᠳᠡᠭᠡᠷ᠎ᠡ ᠬᠠᠭᠠᠰ ᠵᠢᠯ ᠳᠤ ᠠᠵᠢᠯ ᠡᠬᠢᠯᠡᠭᠦᠯᠦᠨ ᠪᠠᠶᠢᠭᠤᠯᠵᠣ᠂ ᠪᠥᠬᠦ ᠣᠷᠣᠨ ᠤ 18 | ᠪᠣᠭᠤᠮᠲᠠ ᠶᠢᠨ ᠭᠠᠵᠠᠷ ᠣᠷᠣᠨ ᠤ ᠠᠷᠠᠯᠵᠢᠶ᠎ᠠ ᠶᠢ ᠠᠬᠢᠭᠤᠯᠬᠤ ᠠᠬᠤᠢ ᠲᠠᠯᠠᠪᠠᠶ ᠶᠢᠨ ᠬᠤᠷᠠᠯ ᠢ ᠰᠠᠶᠢᠲᠤᠷ | ᠳᠠᠭᠠᠭᠠᠴᠢᠯᠠᠨ ᠡᠷᠭᠢᠯᠡᠨ᠎ᠡ᠃ ᠰᠢᠨ᠎ᠡ ᠲᠢᠳᠢᠮᠯᠢᠭ ᠠᠭᠤᠰᠬᠢᠨ ᠦᠷᠪᠢᠰᠣᠯ ᠤᠨ ᠨᠦᠯᠦᠭᠡ ᠶᠢ ᠢᠳᠡᠪᠬᠢᠲᠠᠢ ᠠᠷᠢᠯᠭᠠᠵᠣ | ᠂ ᠪᠣᠭᠤᠮᠲᠠ ᠪᠠᠷ ᠦᠩᠭᠡᠷᠡᠬᠦ ᠪᠠᠷᠠᠭᠠᠨ ᠤ ᠬᠡᠮᠵᠢᠶ᠎ᠡ ᠶᠢ ᠣᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ | ︵ᠳᠣᠯᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠨ᠎ᠠ | ᠲᠣᠭᠲᠠᠭᠤᠨ ᠢᠶᠠᠷ ᠠᠵᠢᠯ ᠣᠯᠭᠤᠬᠤ ᠪᠣᠯ ︽ᠵᠢᠷᠭᠤᠭ᠎ᠠ ᠶᠢ ᠲᠣᠭᠲᠠᠪᠣᠷᠢᠵᠢᠭᠤᠯᠬᠤ︾ ᠶᠢᠨ ᠲᠦᠷᠦᠬᠦᠨ | ᠳᠤ ᠪᠠᠶᠢᠵᠣ᠂ ᠲᠦᠪᠡᠭ ᠪᠣᠳᠣᠯᠢᠶᠠᠨᠲᠠᠢ ᠪᠠᠶᠢᠳᠠᠯ ᠳᠤ ᠵᠣᠬᠢᠴᠠᠬᠤ ᠶᠢᠨ ᠱᠠᠭᠠᠷᠳᠠᠯᠭ᠎ᠠ ᠮᠥᠨ᠃ ᠲᠣᠭᠲᠠᠭᠤᠨ ᠢᠶᠠᠷ | ᠠᠵᠢᠯ ᠣᠯᠭᠤᠬᠤ ᠶᠢ ᠭᠤᠤᠯᠳᠠᠯᠭ᠎ᠠ ᠶᠢᠨ ᠭᠤᠤᠯᠳᠠᠯᠭ᠎ᠠ ᠪᠣᠯᠭᠠᠵᠣ᠂ ︽ᠨᠢᠭᠡ ᠰᠠᠭᠤᠷᠢᠨ ᠭᠠᠵᠠᠷ᠂ ᠨᠢᠭᠡ ᠲᠦᠪ︾ | ᠤᠨ ᠦᠶᠯᠡᠳᠦᠯ ᠢ ᠭᠦᠶᠴᠡᠳ ᠪᠠᠳᠠᠷᠠᠭᠤᠯᠵᠣ᠂ ᠠᠵᠢᠯ ᠣᠯᠭᠤᠬᠤ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ | ᠠᠵᠢᠯ ᠣᠯᠭᠤᠵᠤ ᠦᠢᠯᠡᠰ ᠪᠦᠳᠦᠭᠡᠬᠦ ᠳᠤ ᠬᠠᠷᠠᠭᠠᠯᠵᠠᠯ ᠦᠵᠡᠬᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠦᠢᠯᠡᠰ ᠪᠦᠳᠦᠭᠡᠬᠦ ᠳᠠᠭᠠᠭᠠᠯᠲᠠᠳᠣ ᠵᠢᠭᠡᠯᠡᠯᠭᠡ ᠶᠢ ᠲᠠᠷᠬᠠᠭᠠᠨ᠎ᠠ᠃ ᠠᠮᠢᠳᠣᠷᠠᠯ ᠨᠢ | ᠬᠦᠴᠢᠷᠳᠡᠯᠲᠡᠢ ᠬᠥᠮᠦᠰ᠂ ᠬᠤᠲᠠ ᠣᠷᠣᠭᠰᠠᠨ ᠮᠠᠯᠴᠢᠳ᠂ ᠴᠡᠷᠢᠭ ᠠᠴᠠ ᠬᠠᠯᠠᠭᠳᠠᠭᠰᠠᠳ᠂ ᠠᠵᠢᠯ ᠤᠨ ᠪᠠᠶᠢᠷᠢ | ᠦᠭᠡᠢ ᠭᠡᠷ ᠪᠦᠯᠢ ᠵᠢᠴᠢ ᠶᠡᠭᠡ ᠳᠡᠭᠡᠳᠣ ᠰᠤᠷᠭᠠᠭᠤᠯᠢ ᠲᠡᠭᠦᠰᠦᠭᠰᠡᠨ ᠤᠶᠤᠲᠠᠳ ᠤᠨ ᠠᠵᠢᠯ ᠣᠯᠵᠤ ᠦᠢᠯᠡᠰ | ᠪᠦᠳᠦᠭᠡᠬᠦ ᠶᠢ ᠨᠢᠭᠡᠳᠦᠯᠲᠡᠢ ᠲᠦᠯᠦᠪᠵᠢᠬᠦᠯᠦᠨ᠂ ᠵᠢᠯ ᠤᠨ ᠳᠣᠳᠣᠷ᠎ᠠ 5000 ᠠᠴᠠ ᠳᠡᠭᠡᠭᠰᠢ ᠠᠵᠢᠯ ᠤᠨ ᠪᠠᠶᠢᠷᠢ | ᠬᠠᠩᠭᠠᠵᠣ᠂ ᠬᠤᠲᠠ ᠬᠥᠳᠡᠭᠡ ᠶᠢᠨ ᠰᠢᠨ᠎ᠡ ᠪᠠᠷ ᠠᠵᠢᠯ ᠣᠯᠭᠤᠬᠤ ᠬᠦᠮᠦᠨ ᠤ ᠲᠤᠭ᠎ᠠ ᠶᠢ 800 ᠠᠴᠠ | ᠳᠠᠪᠠᠭᠤᠯᠵᠣ᠂ ᠦᠢᠯᠡᠰ ᠪᠦᠳᠦᠭᠡᠬᠦ ᠲᠠᠭᠠᠭᠠᠯᠲᠠᠲᠤ ᠵᠢᠭᠡᠯᠡᠯᠭᠡ ᠶᠢ 1000 ᠲᠦᠮᠡᠨ ᠲᠥᠭᠦᠷᠢᠭ ᠠᠴᠠ ᠳᠡᠭᠡᠭᠰᠢ | ᠲᠠᠷᠬᠠᠭᠠᠨ᠎ᠠ᠃ | ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠦᠷᠬᠦᠯᠵᠢᠯᠡᠨ ᠠᠬᠢᠭᠤᠯᠵᠤ᠂ ᠬᠢᠴᠢᠶᠡᠯ ᠤᠨ | ᠲᠢᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠬᠦᠨᠵᠡᠭᠡᠶᠢᠷᠡᠬᠦᠯᠵᠣ᠂ ᠪᠠᠭᠰᠢ ᠶᠢᠨ ᠡᠩᠨᠡᠭᠡᠨ ᠤ | ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠠᠭᠰᠢ ᠶᠢᠨ ᠶᠣᠰᠣ ᠮᠣᠷᠠᠯ᠂ ᠬᠡᠪ ᠰᠤᠷᠲᠠᠯ ᠢ ᠲᠤᠰᠬᠠᠢ | ᠴᠡᠭᠴᠡᠯᠡᠬᠦ ᠠᠵᠢᠯᠯᠠᠭ᠎ᠠ ᠶᠢ ᠰᠠᠶᠢᠲᠤᠷ ᠥᠷᠨᠢᠭᠦᠯᠦᠨ᠎ᠡ᠃ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠴᠣᠭᠴᠠᠯᠠᠬᠤ | ᠪᠠ ︽ᠨᠢᠭᠡ ᠰᠤᠷᠭᠠᠭᠤᠯᠢ ᠨᠢᠭᠡ ᠣᠨᠴᠠᠯᠢᠭ︾ ᠲᠠᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ | ᠪᠠᠶᠢᠭᠤᠯᠤᠯᠲᠠ ᠶᠢ ᠥᠷᠨᠢᠭᠦᠯᠵᠦ᠂ ᠵᠢᠯ ᠤᠨ ᠳᠣᠳᠣᠷ᠎ᠠ ᠮᠣᠩᠭᠤᠯ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ | ᠵᠢᠭᠠᠨ ᠰᠤᠷᠭᠠᠬᠤ ᠠᠰᠠᠷ ᠤᠨ ᠪᠥᠲᠥᠭᠡᠨ ᠪᠠᠶᠢᠭᠤᠯᠣᠯᠲᠠ ᠶᠢᠨ ᠢᠨᠵᠧᠨᠧᠷᠢᠩ ᠪᠠ ᠤᠯᠢᠶᠠᠰᠤᠲᠠᠢ ᠬᠡᠤᠬᠡᠳ ᠤᠨ | ᠴᠡᠴᠡᠷᠯᠢᠭ ᠤᠨ ᠭᠤᠤᠯ ᠴᠣᠭᠴᠠ ᠶᠢᠨ ᠢᠨᠵᠧᠨᠧᠷᠢᠩ ᠢ ᠪᠡᠶᠡᠯᠡᠬᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠭᠠᠯ | ᠰᠡᠷᠭᠡᠶᠢᠯᠡᠯᠲᠡ᠂ ᠰᠠᠭᠤᠷᠢ ᠪᠦᠲᠦᠭᠡᠨ ᠪᠠᠶᠢᠭᠤᠯᠣᠯᠲᠠ ᠪᠠ ᠣᠷᠴᠢᠨ ᠲᠣᠭᠤᠷᠢᠨ ᠢ ᠰᠠᠶᠢᠵᠢᠷᠠᠭᠤᠯᠵᠤ᠂ ᠣᠷᠴᠢᠨ | ᠲᠣᠭᠤᠷᠢᠨ ᠲᠠᠭᠠᠲᠠᠢ᠂ ᠪᠠᠭᠰᠢ ᠶᠢᠨ ᠡᠩᠨᠡᠭᠡ ᠴᠢᠨᠠᠷᠯᠢᠭ᠂ ᠰᠣᠶᠣᠯ ᠭᠦᠨ ᠵᠤᠵᠠᠭᠠᠨ᠂ ᠣᠨᠴᠠᠯᠢᠭ ᠢᠯᠡ ᠲᠣᠳᠣ ︽ | ᠴᠡᠴᠡᠷᠯᠢᠭᠲᠦ ᠰᠤᠷᠭᠠᠭᠤᠯᠢ︾ ᠶᠢ ᠪᠠᠶᠢᠭᠤᠯᠤᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ | ᠭᠤᠷᠪᠠᠨ ᠡᠮᠴᠢᠯᠡᠭᠡ ᠶᠢ ᠣᠶᠠᠯᠳᠣᠭᠤᠯᠬᠤ ︾ ᠶᠢ ᠴᠢᠩᠭᠠᠳᠬᠠᠵᠤ᠂ ︽ᠡᠷᠡᠭᠦᠯ ᠡᠩᠬᠡ ᠵᠡᠭᠦᠨ ᠦᠵᠦᠮᠦᠴᠢᠨ︾ ᠤ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 97% ᠳᠤ ᠬᠦᠷᠭᠡᠨ᠎ᠡ᠃ ᠡᠮᠴᠢᠯᠡᠭᠡᠨ ᠤ ᠰᠠᠭᠤᠷᠢ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠮᠣᠩᠭᠤᠯ ᠡᠮᠨᠡᠯᠭᠡ ᠶᠢᠨ ᠬᠤᠷᠢᠶᠠᠨ ᠤ ᠨᠢᠭᠡᠳᠦᠭᠡᠷ ᠬᠤᠭᠤᠴᠠᠭᠠᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠠᠶᠡᠯᠡᠬᠦᠯᠵᠣ᠂ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠪᠠ | ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠤᠨ᠎ᠠ᠃ ᠠᠷᠬᠠᠭ ᠡᠪᠡᠳᠴᠢᠨ | ᠂ ᠣᠷᠣᠨ ᠨᠤᠲᠤᠭ ᠤᠨ ᠡᠪᠡᠳᠴᠢᠨ᠂ ᠬᠠᠯᠳᠠᠪᠤᠷᠢᠲᠤ ᠡᠪᠡᠳᠴᠢᠨ᠂ ᠣᠨᠴᠠᠭᠠᠶᠢᠯᠠᠨ ᠰᠢᠨ᠎ᠡ ᠲᠢᠳᠢᠮᠯᠢᠭ ᠠᠭᠤᠰᠬᠢᠨ | ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠢᠵᠢᠭ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ PCR ᠮᠢᠺᠷᠣᠪ ᠢ ᠪᠠᠶᠢᠴᠠᠭᠠᠬᠤ ᠲᠤᠷᠰᠢᠯᠲᠠ ᠶᠢᠨ ᠲᠠᠰᠤᠭ ᠵᠢᠴᠢ | ᠬᠠᠳᠠᠪᠴᠢ ᠪᠠᠯᠭᠠᠰᠤᠨ ᠤ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠥᠷᠲᠡᠭᠡ ᠶᠢ ᠬᠤᠶᠠᠳᠤᠭᠠᠷ ᠳᠡᠰ ᠤᠨ ᠠᠮᠢᠳᠤ | ᠪᠣᠳᠠᠰ ᠤᠨ ᠲᠣᠷᠰᠢᠯᠲᠠ ᠶᠢᠨ ᠲᠠᠰᠤᠭ ᠤᠨ ᠪᠠᠷᠢᠮᠵᠢᠶ᠎ᠠ ᠳᠤ ᠬᠦᠷᠭᠡᠵᠣ᠂ ᠲᠤᠷᠰᠢᠯᠲᠠ ᠶᠢᠨ ᠲᠠᠰᠤᠭ ᠤᠨ | ᠬᠡᠮᠵᠢᠭᠦᠷᠯᠢᠭ ᠲᠦᠬᠦᠭᠡᠷᠦᠮᠵᠢ ᠶᠢ ᠤᠯᠤᠰ ᠤᠨ ᠪᠠᠷᠢᠮᠵᠢᠶ᠎ᠠ ᠳᠤ ᠬᠦᠷᠭᠡᠨ᠎ᠡ᠃ | ᠬᠤᠲᠠ ᠬᠥᠳᠡᠭᠡ ᠶᠢᠨ ᠲᠣᠣᠷ᠎ᠠ ᠪᠠᠳᠣᠯᠠᠭᠠᠲᠣ᠂ ᠣᠨᠴᠠ ᠬᠦᠴᠢᠷᠳᠡᠯᠲᠡᠶ ᠬᠦᠮᠦᠰ ᠢ ᠠᠰᠠᠷᠠᠨ ᠳᠡᠵᠢᠬᠡᠬᠦ᠂ | ᠲᠦᠷ ᠴᠠᠭ ᠠᠪᠤᠷᠠᠨ ᠲᠤᠰᠠᠯᠠᠬᠤ᠂ ᠠᠰᠠᠷᠠᠮᠵᠢ ᠬᠠᠷᠠᠭᠠᠯᠵᠠᠯ ᠦᠵᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠣᠷᠢᠵᠢᠭᠤᠯᠵᠣ᠂ ᠣᠨᠴᠠᠭᠠᠢ ᠬᠦᠮᠦᠰ ᠢ ᠬᠠᠶᠢᠷᠠᠯᠠᠨ ᠬᠠᠯᠠᠮᠵᠢᠯᠠᠵᠣ ᠠᠪᠣᠷᠠᠨ ᠲᠤᠰᠠᠯᠠᠬᠤ ᠪᠠᠨ ᠤᠯᠠᠮ | ᠴᠢᠩᠭᠠᠳᠬᠠᠨ᠎ᠠ᠃ ︽ᠬᠤᠶᠠᠷ ᠪᠡᠯᠡ ᠮᠦᠩᠭᠦ ᠭᠤᠷᠪᠠᠨ ᠳᠦᠷᠢᠮ︾ ᠢ ᠴᠢᠩᠭ᠎ᠠ ᠨᠠᠶᠢᠳᠠᠪᠣᠷᠢᠵᠢᠭᠤᠯᠵᠣ᠂ ᠬᠦᠯᠦᠰᠦᠨ | ᠠᠵᠢᠯᠴᠢᠨ ᠳᠤ ᠦᠷᠢᠳᠦᠭᠰᠡᠨ ᠴᠠᠯᠢᠩ ᠢ ᠲᠦᠯᠦᠭᠦ ᠪᠠᠶᠢᠩᠭᠤ ᠶᠢᠨ ᠳᠣᠭᠳᠠᠯᠴᠠᠭ᠎ᠠ ᠶᠢ ᠪᠠᠶᠢᠭᠤᠯᠵᠤ᠂ ᠬᠦᠯᠦᠰᠦᠨ | ᠠᠵᠢᠯᠴᠢᠨ ᠤ ᠠᠰᠢᠭ ᠲᠤᠰᠠ ᠶᠢ ᠦᠨᠡᠨᠬᠦ ᠬᠠᠮᠠᠭᠠᠯᠠᠨ᠎ᠠ᠃ ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ ᠤᠨ | ᠮᠦᠩᠭᠦ ᠪᠠᠨ ᠳᠤᠲᠠᠭᠤ ᠲᠣᠰᠢᠶᠠᠬᠤ᠂ ᠭᠡᠷ ᠪᠠᠶᠢᠰᠢᠩ ᠤᠨ ᠦᠯᠦ ᠬᠦᠳᠡᠯᠬᠦ ᠬᠥᠷᠥᠩᠭᠡ ᠶᠢᠨ ᠦᠨᠡᠮᠯᠡᠯ ᠢ | ᠭᠦᠢᠴᠡᠳᠬᠡᠬᠦ᠂ ᠳᠦᠬᠦᠮ ᠪᠦᠲᠦᠴᠡᠲᠦ ᠣᠷᠣᠨ ᠰᠠᠭᠤᠴᠠ ᠶᠢᠨ ᠦᠭᠡᠷᠡᠴᠢᠯᠡᠯᠲᠡ ᠳᠤ ᠦᠷᠢᠲᠦᠭᠰᠡᠨ ᠬᠠᠭᠤᠴᠢᠨ | ᠦᠷᠢ ᠵᠡᠷᠭᠡ ᠦᠯᠡᠳᠡᠭᠳᠡᠯ ᠠᠰᠠᠭᠤᠳᠠᠯ ᠢ ᠰᠠᠶᠢᠲᠤᠷ ᠰᠢᠶᠳᠪᠦᠷᠢᠯᠡᠵᠦ᠂ ︽ᠠᠶᠠᠨ︾ ᠮᠠᠯᠵᠢᠬᠤ ᠣᠷᠣᠨ ᠤ | ᠨᠠᠰᠣᠳᠠᠶᠢᠴᠣᠳ ᠢ ᠠᠰᠠᠷᠠᠬᠤ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠠᠰᠢᠭᠯᠠᠯᠲᠠ ᠳᠤ | ᠣᠷᠣᠭᠤᠯᠵᠣ᠂ ᠮᠠᠯᠵᠢᠬᠤ ᠣᠷᠣᠨ ᠤ ᠨᠠᠰᠤᠲᠠᠶᠢᠴᠤᠳ ᠲᠤ 204 ᠡᠷᠦᠬᠡ ᠨᠡᠶᠢᠲᠡ ᠶᠢᠨ ᠪᠠᠶᠢᠷᠢ ᠪᠠ 136 ᠣᠷᠣ | ᠬᠠᠩᠭᠠᠵᠤ᠂ ᠡᠮᠴᠢᠯᠡᠬᠦ ᠪᠠ ᠠᠰᠠᠷᠠᠬᠤ ᠶᠢ ᠤᠶᠠᠯᠳᠤᠭᠤᠯᠤᠭᠰᠠᠨ᠂ ᠨᠠᠰᠣᠳᠠᠶᠢᠴᠣᠳ ᠢ ᠠᠰᠠᠷᠠᠬᠤ ᠣᠶᠤᠨᠴᠢ ᠰᠢᠨ᠎ᠡ | ᠬᠡᠪ ᠵᠠᠭᠪᠤᠷ ᠢ ᠪᠠᠶᠢᠭᠤᠯᠤᠨ᠎ᠠ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠷᠢᠮᠵᠢᠶᠠᠵᠢᠯᠲᠠ᠂ ᠴᠢᠨᠠᠷᠵᠢᠯᠲᠠ ᠶᠢ | ᠢᠳᠡᠪᠬᠢᠲᠡᠢ ᠠᠬᠢᠭᠤᠯᠵᠤ᠂ ᠣᠷᠣᠰᠢᠭᠤᠯᠭ᠎ᠠ ᠶᠢᠨ ᠭᠠᠵᠠᠷ ᠢ ᠰᠢᠨ᠎ᠡ ᠪᠠᠷ ᠪᠠᠶᠢᠭᠤᠯᠬᠤ ᠲᠥᠷᠦᠯ ᠵᠦᠢᠯ ᠢ ᠠᠵᠢᠯ | ᠡᠬᠢᠯᠡᠭᠦᠯᠬᠦ ᠪᠠᠷ ᠴᠢᠷᠮᠠᠶᠢᠨ᠎ᠠ᠃ | ᠰᠣᠶᠣᠯ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠳᠣᠷ ᠬᠢᠵᠦ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢ ᠬᠦᠨᠵᠡᠭᠡᠢ ᠣᠶᠠᠯᠳᠣᠭᠤᠯᠣᠨ ᠬᠦᠭᠵᠢᠬᠦᠯᠵᠣ᠂ | 5000 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠦ᠂ 1 ᠰᠠᠭᠤᠷᠢ ᠪᠡᠶ᠎ᠡ ᠲᠠᠮᠢᠷ ᠤᠨ ᠬᠦᠷᠢᠶᠡᠯᠡᠩ | ᠪᠠᠶᠢᠭᠤᠯᠣᠨ ᠠᠰᠢᠭᠯᠠᠯᠲᠠ ᠳᠤ ᠣᠷᠣᠭᠤᠯᠵᠤ᠂ ᠤᠤᠯ ᠤᠨ ᠪᠡᠶ᠎ᠡ ᠲᠠᠮᠢᠷ ᠤᠨ ᠣᠷᠳᠣᠨ᠂ ᠣᠯᠠᠭᠠᠨᠮᠦ᠋ᠴᠢᠷ ᠤᠨ | ᠪᠣᠯᠪᠠᠰᠤᠷᠠᠯ ᠤᠨ ᠲᠢᠩᠬᠢᠮ ᠪᠠ ᠨᠣᠮ ᠤᠨ ᠰᠠᠩ ᠢ ᠥᠭᠡᠷᠡᠴᠢᠯᠡᠨ ᠪᠠᠶᠢᠭᠤᠯᠬᠤ ᠠᠵᠢᠯ ᠢ ᠳᠠᠭᠤᠰᠬᠠᠵᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠰᠦᠢᠳᠬᠡᠯ ᠬᠤᠷᠢᠶᠠᠬᠤ ᠥᠬᠡᠶ ᠪᠠᠷ ᠨᠡᠭᠡᠭᠡᠵᠣ᠂ ᠨᠡᠶᠢᠲᠡ ᠶᠢᠨ | ᠰᠣᠶᠣᠯ ᠤᠨ ᠦᠶᠯᠡᠴᠢᠯᠡᠭᠡᠨ ᠤ ᠳᠣᠭᠳᠠᠯᠴᠠᠭ᠎ᠠ ᠶᠢ ᠤᠯᠠᠮ ᠲᠡᠭᠦᠯᠳᠡᠷᠵᠢᠭᠦᠯᠦᠨ᠎ᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠲᠦᠷᠢᠮ︾ ᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠵᠣ᠂ | ᠬᠥᠭᠵᠢᠯᠲᠡ ᠶᠢᠨ ᠳᠣᠭᠳᠠᠯᠴᠠᠭ᠎ᠠ ᠶᠢ ᠪᠦᠷᠢᠨᠰᠢᠬᠦᠯᠵᠦ᠂ ᠤᠯᠠᠭᠠᠨᠮᠥ᠋ᠴᠢᠷ ᠤᠨ ᠡᠬᠦᠳᠦᠯᠲᠡ ᠲᠠᠢ ᠬᠥᠭᠵᠢᠬᠦ ᠶᠢ | ᠠᠬᠢᠭᠤᠯᠤᠨ᠎ᠠ᠃ ︽ᠳᠥᠷᠪᠡᠨ ᠣᠯᠠᠷᠢᠯ ᠤᠨ ᠦᠵᠦᠮᠦᠴᠢᠨ︾ ᠰᠣᠶᠣᠯ ᠵᠤᠭᠠᠴᠠᠯ ᠤᠨ ᠨᠡᠷᠡᠲᠦ ᠲᠡᠮᠳᠡᠭ ᠢ | ᠦᠷᠭᠦᠯᠵᠢᠯᠡᠨ ᠪᠠᠳᠣᠳᠬᠠᠵᠣ᠂ ᠡᠯ᠎ᠡ ᠲᠦᠷᠦᠯ ᠤᠨ ᠣᠯᠠᠨ ᠲᠦᠮᠡᠨᠴᠢ ᠴᠢᠨᠠᠷᠲᠠᠢ ᠰᠣᠶᠣᠯ ᠲᠠᠮᠢᠷ ᠤᠨ | ᠤᠷᠤᠯᠳᠤᠭᠠᠨ ᠤ ᠠᠵᠢᠯᠯᠠᠭ᠎ᠠ ᠶᠢ ᠡᠷᠬᠢᠯᠡᠵᠦ᠂ ᠣᠷᠣᠨ ᠪᠦᠰᠡ ᠶᠢᠨ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ | ᠲᠠᠰᠤᠷᠠᠯᠲᠠ ᠦᠭᠡᠢ ᠳᠡᠭᠡᠭᠰᠢᠯᠡᠬᠦᠯᠵᠣ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ | ᠰᠣᠶᠣᠯ ᠤᠨ ᠥᠪ᠂ ᠲᠡᠤᠬᠡ ᠶᠢᠨ ᠳᠤᠷᠠᠰᠬᠠᠯᠲᠤ ᠵᠦᠶᠯᠡᠰ ᠤᠨ ᠦᠯᠡᠳᠡᠭᠳᠡᠯ ᠪᠠᠭᠤᠷᠢ ᠶᠢᠨ ᠬᠠᠮᠠᠭᠠᠯᠠᠯᠲᠠ ᠶᠢ | ᠴᠢᠩᠭᠠᠳᠬᠠᠵᠤ᠂ ᠴᠢᠯᠠᠭᠤᠨ ᠣᠩᠭᠤᠨ ᠤ ᠪᠠᠶᠢᠴᠠᠭᠠᠯᠲᠠ ᠪᠠ ᠡᠵᠢᠨᠠᠭᠤᠷ ᠤᠨ ᠠᠪᠤᠷᠭᠤ ᠭᠦᠷᠪᠡᠯ ᠤᠨ ᠴᠢᠯᠠᠭᠤᠵᠢᠮᠠᠯ | ᠂ ᠵᠢᠩᠰᠠᠲᠠᠢ ᠠᠭᠤᠶ ᠶᠢᠨ ᠪᠠᠭᠤᠷᠢ ᠶᠢ ᠪᠠᠴᠢᠮ ᠬᠠᠮᠠᠭᠠᠯᠠᠬᠤ ᠠᠵᠢᠯ ᠢ ᠰᠠᠶᠢᠲᠤᠷ ᠬᠢᠵᠦ᠂ ︽ᠵᠢᠩᠰᠡᠲᠠᠢ ᠠᠭᠤᠶ ᠶᠢᠨ | ᠪᠠᠭᠤᠷᠢ︾ ᠶᠢᠨ ᠲᠡᠤᠬᠡ ᠶᠢᠨ ᠳᠤᠷᠠᠰᠬᠠᠯᠲᠤ ᠵᠦᠶᠯᠡᠰ ᠤᠨ ᠳᠡᠯᠭᠡᠨ ᠦᠵᠡᠬᠦᠯᠦᠯᠭᠡ ᠵᠢᠴᠢ ᠰᠤᠳᠤᠯᠤᠨ ᠶᠠᠷᠢᠯᠴᠠᠬᠤ | ᠬᠤᠷᠠᠯ ᠢ ᠡᠷᠬᠢᠯᠡᠨ ᠶᠠᠪᠣᠭᠳᠠᠭᠤᠯᠣᠨ᠎ᠠ᠃ | ᠬᠤᠲᠠ ᠪᠠᠯᠭᠠᠰᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 10. | 8 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠦᠯᠦᠪᠯᠡᠵᠣ᠂ ᠬᠤᠲᠠ ᠶᠢᠨ ᠵᠠᠮ ᠢ ᠳᠡᠰ ᠳᠡᠪᠰᠢᠭᠦᠯᠬᠦ᠂ | ᠨᠣᠭᠤᠭᠠᠷᠠᠭᠤᠯᠣᠯᠲᠠ᠂ ᠬᠤᠭ ᠨᠣᠪᠰᠢ ᠪᠠ ᠪᠣᠬᠢᠷ ᠤᠰᠤ ᠰᠢᠢᠳᠪᠦᠷᠢᠯᠡᠬᠦ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠡᠨ ᠰᠢᠨᠡᠳᠭᠡᠬᠦ ᠵᠡᠷᠭᠡ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠠᠮᠢᠳᠤᠷᠠᠯ ᠤᠨ | ᠬᠤᠭ ᠨᠣᠪᠰᠢ ᠪᠠ ᠬᠤᠭᠤᠯᠠᠨ ᠭᠡᠷ ᠤᠨ ᠬᠤᠭ ᠨᠣᠪᠰᠢ ᠶᠢ ᠬᠤᠣᠷ ᠦᠭᠡᠢ ᠰᠢᠢᠳᠪᠦᠷᠢᠯᠡᠬᠦ ᠦᠢᠯᠡᠳᠪᠦᠷᠢ᠂ | ᠨᠡᠭᠦᠷᠡᠰᠦᠨ ᠨᠣᠨᠳᠠᠭ ᠪᠠ ᠪᠠᠷᠢᠯᠭ᠎ᠠ ᠶᠢᠨ ᠬᠤᠭ ᠨᠣᠪᠰᠢ ᠶᠢ ᠪᠤᠯᠠᠬᠤ ᠭᠠᠵᠠᠷ ᠵᠢᠴᠢ ᠴᠡᠪᠡᠷᠰᠢᠭᠦᠯᠦᠭᠰᠡᠨ ᠣᠰᠣᠨ ᠤ | ᠨᠠᠭᠤᠷ ᠤᠨ ᠴᠡᠴᠡᠷᠯᠢᠭ᠂ ᠦᠵᠦᠮᠦᠴᠢᠨ ᠴᠡᠴᠡᠷᠯᠢᠭ᠂ ᠬᠤᠲᠠ ᠶᠢᠨ ᠠᠷᠠᠳ ᠤᠨ ᠰᠡᠯᠡᠬᠦᠴᠡᠯ ᠤᠨ ᠲᠠᠯᠠᠪᠠᠢ᠂ ᠠᠷᠠᠳ | ᠲᠤ ᠳᠦᠭᠦᠮ ᠦᠵᠡᠬᠦᠯᠬᠦ ᠢᠳᠡᠰᠢᠨ ᠨᠣᠭᠤᠭᠠᠨ ᠤ ᠵᠠᠬ᠎ᠠ ᠳᠡᠯᠭᠡᠬᠦᠷ ᠢ ᠪᠠᠶᠢᠭᠤᠯᠵᠤ᠂ ᠬᠤᠶᠠᠳᠤᠭᠠᠷ ᠤᠰᠤᠨ ᠤ | ᠦᠢᠯᠡᠳᠪᠦᠷᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠰᠠᠶᠢᠵᠢᠷᠠᠭᠤᠯᠬᠤ | ᠪᠠ 20 ᠰᠠᠭᠤᠷᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 14 ᠵᠣᠷᠪᠣᠰ ᠭᠤᠣᠯ ᠵᠡᠭᠡᠯᠢ ᠪᠠ ᠵᠢᠵᠢᠭ | ᠵᠡᠭᠡᠯᠢ ᠭᠤᠳᠤᠮᠵᠢ ᠵᠢᠴᠢ ᠣᠪᠣᠭᠠᠨ ᠴᠡᠴᠡᠷᠯᠢᠭ ᠢ ᠦᠭᠡᠷᠡᠴᠢᠯᠡᠨ ᠰᠢᠨᠡᠳᠬᠡᠵᠣ᠂ 11 ᠲᠦᠮᠡᠨ ᠲᠡᠭᠰᠢ ᠳᠥᠷᠪᠡᠯᠵᠢᠨ | ᠮᠧᠲᠷ ᠭᠠᠵᠠᠷ ᠢ ᠨᠣᠭᠤᠭᠠᠷᠠᠭᠤᠯᠵᠣ᠂ 44.3 ᠺᠢᠯᠣᠮᠧᠲᠷ ᠤᠰᠤ ᠬᠠᠩᠭᠠᠬᠤ ᠢᠯᠴᠢ ᠬᠠᠩᠭᠠᠬᠤ ᠬᠤᠭᠤᠯᠠᠢ | ᠣᠭᠰᠠᠷᠠᠵᠣ᠂ 14.4 ᠺᠢᠯᠣᠮᠧᠲᠷ ᠬᠤᠲᠠ ᠪᠠᠯᠭᠠᠰᠤᠨ ᠤ ᠵᠠᠮ ᠢ ᠵᠠᠰᠠᠨ ᠰᠢᠨᠡᠳᠬᠡᠵᠣ᠂ ᠬᠤᠲᠠ ᠪᠠᠯᠭᠠᠰᠤᠨ ᠤ | ᠴᠢᠳᠠᠪᠬᠢ ᠶᠢ ᠤᠯᠠᠮ ᠳᠡᠬᠦᠯᠳᠡᠷᠵᠢᠬᠦᠯᠦᠨ᠂ ᠬᠤᠲᠠ ᠪᠠᠯᠭᠠᠰᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ | ᠰᠠᠭᠤᠷᠢᠰᠢᠬᠤ ᠵᠢᠭᠤᠯᠴᠢᠯᠠᠬᠤ ᠳᠤ ᠲᠣᠬᠢᠷᠠᠮᠵᠢᠲᠠᠢ ︽ᠴᠡᠴᠡᠷᠯᠢᠭᠲᠦ ᠬᠤᠲᠠ︾ ᠶᠢ ᠪᠠᠶᠢᠭᠤᠯᠤᠨ᠎ᠠ᠃ ︽ | ᠭᠠᠳᠠᠭᠰᠢ ᠦᠷᠭᠡᠳᠬᠡᠬᠦ ᠶᠢ ᠬᠢᠵᠠᠭᠠᠷᠯᠠᠬᠤ᠂ ᠠᠭᠤᠯᠬᠤᠨ ᠢ ᠪᠠᠶᠠᠯᠢᠭᠵᠢᠭᠤᠯᠬᠤ᠂ ᠣᠨᠴᠠᠯᠢᠭ ᠢ ᠲᠣᠪᠤᠶᠢᠯᠭᠠᠬᠤ᠂ | ᠰᠠᠭᠤᠷᠢᠰᠢᠬᠤ ᠳᠤ ᠲᠣᠬᠢᠷᠠᠮᠵᠢᠲᠠᠢ︾ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠲᠦᠭᠦᠮ ᠪᠦᠲᠦᠴᠡᠲᠦ ᠣᠷᠣᠨ | ᠰᠠᠭᠤᠴᠠ ᠶᠢᠨ ᠦᠭᠡᠷᠡᠴᠢᠯᠡᠯᠲᠡ ᠶᠢᠨ ᠣᠷᠣᠨ ᠤ ᠲᠦᠪᠯᠡᠷᠡᠩᠭᠦᠢ ᠬᠡᠰᠡᠭ ᠳᠠᠬᠢ ᠭᠡᠷ ᠪᠠᠶᠢᠰᠢᠩ ᠢ ᠨᠣᠷᠠᠭᠠᠨ | ᠨᠡᠭᠦᠯᠭᠡᠬᠦ ᠠᠵᠢᠯ ᠢ ᠳᠠᠭᠤᠰᠬᠠᠵᠣ᠂ ᠵᠡᠭᠡᠯᠢ ᠶᠢᠨ ᠵᠠᠮ ᠤᠨ ᠳᠠᠷᠤᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢ ᠡᠬᠢᠯᠡᠨ | ᠬᠡᠷᠡᠭᠵᠢᠭᠦᠯᠵᠦ᠂ ᠬᠤᠲᠠ ᠶᠢᠨ ᠡᠮᠬᠢ ᠳᠢᠭᠯᠢᠮ᠂ ᠬᠤᠲᠠ ᠶᠢᠨ ᠲᠥᠬᠦᠭᠡᠷᠦᠮᠵᠢ᠂ ᠣᠷᠣᠨ ᠵᠠᠶ ᠶᠢᠨ ᠪᠠᠶᠢᠷᠢᠰᠢᠯ᠂ ᠵᠠᠷ | ᠮᠡᠳᠡᠭᠡ ᠭᠡᠷᠡᠯᠲᠦᠭᠦᠯᠬᠡ᠂ ᠣᠷᠴᠢᠨ ᠲᠣᠭᠤᠷᠢᠨ ᠠᠷᠢᠭᠤᠨ ᠴᠡᠪᠡᠷ᠂ ᠣᠶᠢᠵᠢᠭᠤᠯᠣᠨ ᠨᠣᠭᠤᠭᠠᠷᠠᠭᠤᠯᠬᠤ᠂ ᠲᠡᠷᠭᠡ | ᠵᠣᠭᠰᠣᠭᠠᠬᠤ ᠡᠮᠬᠢ ᠳᠢᠭᠯᠢᠮ ᠵᠡᠷᠭᠡ ᠬᠤᠲᠠ ᠪᠠᠯᠭᠠᠰᠤᠨ ᠤ ᠬᠠᠮᠢᠶᠠᠷᠤᠯᠲᠠ ᠳᠤ ᠣᠷᠣᠰᠢᠵᠤ ᠪᠠᠶᠢᠭ᠎ᠠ ᠳᠣᠪᠤᠶᠢᠮ᠎ᠠ | ᠠᠰᠠᠭᠤᠳᠠᠯ ᠢ ᠬᠦᠴᠦᠲᠡᠶ ᠴᠡᠭᠴᠡᠯᠡᠨ᠂ ᠵᠠᠮ ᠡᠵᠡᠯᠡᠨ ᠡᠵᠡᠩᠨᠡᠬᠦ᠂ ᠲᠣᠷᠠᠪᠡᠷ ᠵᠠᠷ ᠮᠡᠳᠡᠭᠡ ᠨᠠᠭᠠᠬᠤ᠂ ᠲᠣᠷᠠᠪᠡᠷ | ᠲᠡᠷᠭᠡ ᠵᠣᠭᠰᠣᠭᠠᠬᠤ᠂ ᠲᠣᠷᠠᠪᠡᠷ ᠣᠪᠣᠭᠠᠯᠠᠬᠤ᠂ ᠲᠣᠷᠠᠪᠡᠷ ᠪᠠᠶᠢᠭᠤᠯᠬᠤ ᠵᠡᠷᠭᠡ ᠦᠵᠡᠭᠳᠡᠯ ᠢ ᠲᠦᠢᠯᠪᠤᠷᠢᠲᠠᠶ | ᠰᠢᠢᠳᠪᠦᠷᠢᠯᠡᠵᠣ᠂ ᠬᠤᠲᠠ ᠶᠢᠨ ᠬᠠᠮᠢᠶᠠᠷᠤᠯᠲᠠ ᠶᠢ ᠨᠠᠩ ᠨᠠᠷᠢᠯᠢᠭᠵᠢᠭᠤᠯᠵᠣ᠂ ᠠᠷᠠᠳ ᠤᠨ ᠠᠮᠢᠳᠤᠷᠠᠯ ᠢ ᠨᠠᠩ | ᠪᠠᠶᠠᠯᠢᠭᠵᠢᠭᠤᠯᠣᠨ᠎ᠠ᠃ | ︽ᠠᠮᠤᠷ ᠳᠣᠭᠳᠠᠭᠤᠨ ᠵᠡᠭᠦᠨ ᠦᠵᠦᠮᠦᠴᠢᠨ︾᠂ ︽ᠣᠶᠣᠨᠴᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︾ | ᠶᠢᠨ ᠪᠠᠶᠢᠭᠤᠯᠣᠯᠲᠠ ᠶᠢ ᠲᠦᠷᠭᠡᠳᠬᠡᠨ ᠠᠬᠢᠭᠤᠯᠵᠤ᠂ ︽ᠱᠠᠯᠢᠭ ᠵᠠᠪᠬᠠᠶ᠂ ᠵᠣᠭᠤᠰ ᠮᠥᠷᠦ᠋ᠢᠴᠡᠬᠦ᠂ ᠬᠤᠤᠷᠲᠤ ᠡᠳ᠋ | ᠰᠠᠷᠢᠭᠠᠯᠠᠬᠤ︾ ᠵᠢᠴᠢ ᠪᠤᠰᠤᠳ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠬᠦᠨᠵᠡᠭᠡᠢ | ᠶᠠᠪᠣᠭᠳᠠᠭᠤᠯᠵᠣ᠂ ᠨᠡᠶᠢᠭᠡᠮ ᠤᠨ ᠠᠮᠤᠷ ᠲᠦᠪᠰᠢᠨ ᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠣᠷᠢᠯᠡᠬᠦ ᠣᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠬᠦᠯᠵᠣ᠂ | ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠬᠦᠴᠦᠯᠡᠨ | ᠰᠢᠢᠳᠪᠦᠷᠢᠯᠡᠵᠣ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ | ᠨᠣᠷᠮ᠎ᠠ ᠶᠢ 90% ᠠᠴᠠ ᠳᠠᠪᠠᠭᠤᠯᠵᠣ᠂ ᠪᠡᠭᠡᠵᠢᠩ᠂ ᠬᠥᠬᠡᠬᠤᠲᠠ ᠳᠤ ᠬᠦᠷᠴᠦ ᠵᠠᠬᠢᠳᠠᠯ ᠰᠤᠷᠪᠤᠯᠵᠢᠯᠠᠭ᠎ᠠ ᠬᠢᠬᠦ | ᠨᠣᠷᠮ᠎ᠠ ᠶᠢ 20% ᠪᠠᠷ ᠪᠠᠭᠤᠷᠠᠭᠤᠯᠤᠨ᠎ᠠ᠃ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠰᠠᠯᠪᠣᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ 6 ᠰᠠᠭᠤᠷᠢ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠰᠠᠯᠪᠣᠷᠢ ᠶᠢ | ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠰᠠᠨ ᠨᠢᠭᠡᠳᠦᠭᠡᠷ ᠳᠡᠰ ᠤᠨ ᠬᠠᠤᠯᠢ ᠴᠠᠭᠠᠵᠠ ᠶᠢᠨ ᠰᠠᠯᠪᠣᠷᠢ | ᠪᠣᠯᠭᠠᠬᠤ ᠪᠠᠷ ᠴᠢᠷᠮᠠᠶᠢᠨ᠎ᠠ᠃ ᠠᠶᠣᠯᠬᠦᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠨᠡᠬᠦᠷᠡᠰᠣᠨ ᠠᠭᠤᠷᠬᠠᠢ᠂ ᠨᠡᠭᠦᠷᠡᠰᠦᠨ ᠪᠤᠰᠤ ᠠᠭᠤᠷᠬᠠᠶ᠂ ᠲᠡᠮᠦᠷᠯᠢᠭ ᠤᠨ ᠦᠢᠯᠡᠰ ᠤᠨ | ᠠᠷᠠᠯᠵᠢᠶ᠎ᠠ᠂ ᠠᠶᠤᠯᠲᠠᠶ ᠬᠢᠮᠢ ᠶᠢᠨ ᠪᠣᠳᠠᠰ᠂ ᠢᠳᠡᠭᠡᠨ ᠣᠮᠳᠠᠭᠠᠨ ᠡᠮ ᠤᠨ ᠵᠦᠢᠯᠡᠰ᠂ ᠵᠠᠮ ᠬᠠᠷᠢᠯᠴᠠᠭ᠎ᠠ ᠵᠡᠷᠭᠡ | ᠡᠯ᠎ᠡ ᠬᠦᠷᠢᠶ᠎ᠡ ᠬᠡᠪᠴᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠠᠶᠣᠯᠬᠦᠢ ᠦᠶᠯᠡᠳᠪᠦᠷᠢᠯᠡᠯ ᠤᠨ ᠬᠦᠨᠳᠦ᠂ ᠣᠨᠴᠠ ᠶᠡᠭᠡ ᠠᠳᠡᠯ ᠭᠠᠷᠬᠤ ᠠᠴᠠ | ᠰᠡᠷᠭᠡᠶᠢᠯᠡᠨ᠎ᠠ᠃ ᠭᠠᠯ ᠤᠨ ᠠᠶᠣᠯ ᠪᠠ ᠦᠶᠡᠷ ᠢ ᠰᠡᠷᠭᠡᠶᠢᠯᠡᠬᠦ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠤᠨ | ᠬᠤᠬᠢᠷᠠᠯ ᠢ ᠪᠠᠭᠠᠰᠬᠠᠬᠤ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠢᠰᠲ᠋ᠧᠮ ᠢ ᠳᠡᠬᠦᠯᠳᠡᠷᠵᠢᠬᠦᠯᠵᠣ᠂ ᠤᠯᠢᠶᠠᠰᠤᠲᠠᠢ ᠠᠵᠤ ᠦᠶᠯᠡᠳᠪᠦᠷᠢ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ | ᠢᠨᠵᠧᠨᠧᠷᠢᠩ ᠢ ᠡᠬᠢᠯᠡᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠪᠠ ᠡᠬᠡ ᠣᠷᠣᠨᠴᠢ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠨᠠᠮ ᠤᠨ ᠱᠠᠰᠢᠨ ᠰᠤᠷᠲᠠᠬᠤᠨ ᠤ ᠲᠥᠷᠥ ᠶᠢᠨ | ᠪᠣᠳᠣᠯᠭ᠎ᠠ ᠪᠠ ᠦᠨᠳᠦᠰᠦᠨ ᠴᠢᠭᠯᠡᠯᠲᠡ ᠶᠢ ᠬᠢᠨᠠᠮᠠᠭᠠᠶ ᠲᠣᠣᠱᠯᠠᠭᠤᠯᠵᠣ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ᠂ | ᠴᠡᠷᠢᠭ ᠢᠶᠠᠨ ᠬᠦᠷᠢᠶᠡᠯᠡᠵᠦ ᠠᠰᠠᠷᠠᠨ ᠬᠠᠷᠠᠭᠠᠯᠵᠠᠬᠤ ᠵᠡᠷᠭᠡ ᠠᠵᠢᠯ ᠢ ᠳᠠᠮᠵᠢᠵᠤ᠂ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠣᠯᠠᠮ ᠪᠠᠬᠢᠵᠢᠭᠦᠯᠦᠨ᠎ᠡ᠃ | 《ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ》 ᠶᠢᠨ ᠬᠤᠭᠤᠴᠠᠭ᠎ᠠ ᠪᠣᠯ ᠬᠥᠭᠵᠢᠯᠲᠡ ᠶᠢᠨ | ᠠᠷᠭ᠎ᠠ ᠬᠡᠯᠪᠡᠷᠢ ᠶᠢ ᠬᠤᠪᠢᠷᠠᠭᠤᠯᠬᠤ᠂ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ᠂ ᠨᠡᠮᠡᠭᠳᠡᠯ ᠤᠨ | ᠬᠥᠳᠡᠯᠭᠡᠭᠴᠢ ᠬᠦᠴᠦᠨ ᠢ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ ᠮᠥᠨ᠃ ᠪᠢᠳᠡ ᠣᠯᠣᠰ ᠤᠨ | ᠳᠣᠯᠣᠳᠣᠭᠠᠷ ᠣᠳᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠲᠠᠢ ᠣᠶᠠᠯᠳᠣᠭᠤᠯᠣᠨ | ᠭᠦᠢᠴᠡᠳ ᠰᠠᠨᠠᠯ ᠬᠤᠷᠢᠶᠠᠵᠤ᠂ ᠭᠦᠨᠵᠡᠭᠡᠶ ᠪᠠᠶᠢᠴᠠᠭᠠᠨ ᠨᠤᠲᠠᠯᠠᠯᠲᠠ ᠬᠢᠵᠦ᠂ ︽ᠠᠷᠪᠠᠨ ᠭᠤᠷᠪᠠᠳᠣᠭᠠᠷ ᠲᠠᠪᠤᠨ | ᠵᠢᠯ ᠤᠨ ᠲᠥᠯᠥᠪᠵᠢᠭᠦᠯᠭᠡ︾ ᠶᠢᠨ ᠠᠵᠢᠯ ᠢ ᠪᠥᠬᠦ ᠲᠠᠯ᠎ᠠ ᠪᠠᠷ ᠳ᠋ᠦᠩᠨᠡᠨ ᠦᠨᠡᠯᠡᠯᠲᠡ ᠬᠢᠭᠰᠡᠨ ᠰᠠᠭᠤᠷᠢᠨ ᠳᠡᠭᠡᠷ᠎ᠡ᠂ | ᠲᠣᠰ ᠪᠡᠶ᠎ᠡ ᠶᠢᠨ ᠳᠠᠪᠠᠭᠤᠯᠢᠭ ᠢᠶᠠᠨ ᠣᠨᠣᠪᠴᠢᠲᠠᠶ ᠲᠠᠨᠢᠵᠣ᠂ ᠲᠣᠳᠠᠭᠳᠠᠯ ᠲᠠᠢ ᠲᠠᠯ᠎ᠠ ᠪᠠ ᠵᠥᠷᠢᠶ᠎ᠡ ᠪᠠᠨ ᠵᠦᠪ | ᠡᠷᠢᠵᠦ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢ ᠴᠢᠨᠠᠷᠯᠢᠭ ᠨᠠᠶᠢᠷᠠᠭᠤᠯᠣᠨ᠎ᠠ᠃ | ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠮᠠᠨ ᠤ ᠵᠠᠰᠠᠭ ᠤᠨ ᠣᠷᠳᠣᠨ ᠪᠣᠯ ᠠᠷᠠᠳ ᠲᠦᠮᠡᠨ ᠤ ᠵᠠᠰᠠᠭ ᠤᠨ ᠣᠷᠳᠣᠨ ᠮᠥᠨ᠂ ᠡᠷᠬᠡᠪᠰᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠ ᠥᠪᠥᠷ ᠮᠣᠩᠭᠤᠯ ᠤᠨ ᠠᠵᠢᠯ ᠳᠤ ᠲᠣᠷᠠᠳᠣᠭᠰᠠᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ | ᠢᠶᠠᠷ ᠭᠤᠣᠯ ᠪᠣᠯᠭᠠᠬᠤ ᠬᠦᠭᠵᠢᠯᠲᠡ ᠶᠢᠨ ᠦᠵᠡᠯᠲᠡ ᠶᠢ ᠢᠮᠠᠭᠲᠠ ᠪᠠᠷᠢᠮᠲᠠᠯᠠᠨ᠂ ᠵᠠᠰᠠᠭ ᠤᠨ ᠣᠷᠳᠣᠨ ᠤ | ᠬᠡᠷᠡᠭᠵᠢᠭᠦᠯᠬᠦ ᠬᠦᠴᠦᠨ᠂ ᠪᠦᠲᠦᠭᠡᠯᠴᠢ ᠬᠦᠴᠦᠨ ᠪᠣᠯᠤᠨ ᠢᠳᠡᠭᠡᠮᠵᠢ ᠶᠢᠨ ᠬᠦᠴᠦᠨ ᠢ ᠴᠢᠩᠭᠠᠷᠠᠭᠤᠯᠬᠤ ᠪᠠᠷ | ᠭᠤᠤᠯᠳᠠᠯᠭ᠎ᠠ ᠪᠣᠯᠭᠠᠵᠤ᠂ ᠰᠤᠷᠤᠯᠴᠠᠬᠤ᠂ ᠬᠠᠤᠯᠢ ᠪᠠᠷ ᠵᠠᠰᠠᠬᠤ᠂ ᠠᠷᠢᠭᠤᠨ ᠴᠢᠬᠡᠴᠢ᠂ ᠦᠢᠯᠡᠴᠢᠯᠡᠬᠦ ᠪᠠ ᠰᠢᠨ᠎ᠡ ᠶᠢ | ᠡᠭᠦᠳᠬᠦ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠣᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠦᠷᠭᠦᠯᠵᠢᠯᠡᠨ ᠭᠦᠨᠵᠡᠭᠡᠢ ᠰᠣᠷᠣᠯᠴᠠᠵᠣ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ | ᠢᠶᠠᠨ ᠪᠠᠲᠤᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠪᠠ ᠪᠦᠬᠦ ᠨᠠᠮ ᠤᠨ | ᠭᠤᠣᠯᠯᠠᠭᠴᠢ ᠪᠣᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ | ᠨᠢᠭᠡᠳᠦᠯᠲᠡᠢ ᠣᠳᠣᠷᠢᠳᠣᠯᠭ᠎ᠠ ᠶᠢ ᠡᠷᠡᠰ ᠬᠠᠮᠠᠭᠠᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠠᠵᠢᠯ ᠤᠨ | ᠴᠢᠳᠠᠪᠤᠷᠢ ᠪᠣᠯᠭᠠᠨ ᠬᠤᠪᠢᠷᠠᠭᠤᠯᠵᠤ᠂ ︽ᠴᠢᠳᠠᠯ ᠤᠨ ᠬᠤᠭᠤᠰᠣᠷᠠᠯ︾᠂ ︽ᠴᠢᠳᠠᠪᠤᠷᠢ ᠶᠢᠨ ᠬᠢᠮᠤᠷᠠᠯ︾ ᠢ ᠢᠯᠠᠨ | ᠳᠠᠪᠠᠨ᠎ᠠ᠃ ᠬᠤᠰᠢᠭᠤ ᠨᠠᠮ ᠤᠨ ᠬᠤᠷᠢᠶᠠᠨ ᠤ ᠪᠦᠬᠦ ᠬᠤᠰᠢᠭᠤᠨ ᠤ ᠨᠡᠶᠢᠭᠡᠮ ᠤᠨ ᠬᠥᠭᠵᠢᠯᠲᠡ ᠶᠢ ᠠᠬᠢᠭᠤᠯᠬᠤ | ᠳᠤᠮᠳᠠᠬᠢ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠦᠢᠯᠡᠳᠦᠯ ᠢ | ᠡᠷᠡᠰ ᠳᠠᠭᠠᠵᠣ᠂ ᠨᠠᠮ ᠤᠨ ᠲᠥᠪ ᠬᠤᠷᠢᠶ᠎ᠠ᠂ ᠳᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠬᠤᠰᠢᠭᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ | ᠲᠣᠣᠱᠯᠠᠭᠤᠯᠵᠣ᠂ ᠵᠠᠷᠯᠢᠭ ᠴᠠᠭᠠᠵᠠ ᠶᠢ ᠳᠠᠭᠠᠬᠤ᠂ ᠵᠠᠰᠠᠭ ᠤᠨ ᠵᠠᠷᠯᠢᠭ ᠰᠠᠭᠠᠳ ᠦᠭᠡᠢ ᠪᠠᠶᠢᠬᠤ ᠶᠢ ᠪᠡᠶᠡᠯᠡᠭᠦᠯᠦᠨ᠎ᠡ | ᠃ | ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠲᠣᠭᠳᠠᠯᠴᠠᠭ᠎ᠠ ᠪᠠᠶᠢᠭᠤᠯᠬᠤ ᠠᠵᠢᠯ ᠤᠨ | ᠲᠤᠷᠰᠢᠯᠲᠠ ᠶᠢᠨ ᠴᠢᠭ ᠤᠨ ᠲᠠᠭᠤᠷᠢᠶᠠᠯ ᠡᠭᠦᠳᠬᠦ ᠠᠵᠢᠯ ᠪᠠ ᠪᠥᠬᠦ ᠠᠶᠢᠮᠠᠭ ᠤᠨ ᠵᠠᠰᠠᠭ ᠵᠠᠬᠢᠷᠭᠠᠨ ᠤ ᠬᠠᠤᠯᠢ | ᠭᠡᠷᠡᠭᠵᠢᠬᠦᠯᠬᠦ ︽ᠭᠤᠷᠪᠠᠨ ᠵᠦᠢᠯ ᠤᠨ ᠲᠦᠷᠢᠮ︾ ᠤᠨ ᠳᠠᠭᠤᠷᠢᠶᠠᠯ ᠡᠬᠦᠳᠬᠦ ᠠᠵᠢᠯ ᠲᠠᠢ ᠲᠣᠬᠢᠶᠠᠯᠳᠣᠭᠤᠯᠵᠣ᠂ | ᠬᠠᠤᠯᠢ ᠶᠣᠰᠣᠭᠠᠷ ᠵᠠᠰᠠᠬᠤ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠠᠣᠯᠢ ᠪᠠᠷ ᠵᠠᠰᠠᠬᠤ | ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠥᠭᠡᠷᠡᠴᠢᠯᠡᠯᠲᠡ ᠶᠢ ᠬᠦᠨᠵᠡᠭᠡᠶᠢᠷᠡᠬᠦᠯᠬᠦ᠂ ᠬᠥᠭᠵᠢᠯᠲᠡ ᠶᠢ | ᠠᠬᠢᠭᠤᠯᠬᠤ᠂ ᠵᠥᠷᠢᠴᠡᠯ ᠢ ᠡᠶᠡᠳᠡᠬᠦᠯᠬᠦ᠂ ᠲᠣᠭᠲᠠᠭᠤᠨ ᠢ ᠬᠠᠮᠠᠭᠠᠯᠠᠬᠤ᠂ ᠲᠦᠭᠰᠢᠭᠦᠷᠢ ᠶᠢ ᠠᠷᠭᠠᠴᠠᠬᠤ ᠴᠢᠳᠠᠪᠤᠷᠢ | ᠪᠠᠨ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠴᠢ᠂ ᠠᠷᠠᠳᠴᠢᠯᠠᠭᠰᠠᠨ᠂ ᠬᠠᠤᠯᠢ ᠶᠣᠰᠣᠭᠠᠷ ᠰᠢᠢᠳᠪᠦᠷᠢᠲᠦ | ᠪᠣᠳᠣᠯᠭ᠎ᠠ ᠲᠣᠭᠲᠠᠭᠠᠬᠤ ᠶᠢ ᠪᠠᠷᠢᠮᠳᠠᠯᠠᠵᠣ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠢ ᠬᠢᠨᠠᠮᠠᠭᠠᠶ ᠨᠠᠶᠢᠳᠠᠪᠤᠷᠢᠵᠢᠭᠤᠯᠤᠨ᠂ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠯᠠᠨ ᠲᠦᠮᠡᠨ ᠢ ᠣᠷᠣᠯᠴᠠᠭᠤᠯᠬᠤ᠂ | ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ | ᠬᠢᠨᠠᠨ ᠪᠠᠶᠢᠴᠠᠭᠠᠬᠤ᠂ ᠬᠠᠮᠲᠤ ᠪᠠᠷ ᠲᠣᠭᠲᠠᠭᠠᠬᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ | ᠳᠦᠷᠢᠮ ᠢ ᠨᠠᠶᠢᠳᠠᠪᠣᠷᠢᠵᠢᠭᠤᠯᠣᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ | ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠶᠢ ᠣᠬᠠᠮᠰᠠᠷ ᠠᠴᠠ ᠪᠠᠨ ᠬᠦᠯᠢᠶᠡᠵᠦ᠂ ᠬᠢᠨᠠᠨ ᠪᠣᠳᠣᠵᠣ ᠬᠢᠨᠠᠯᠲᠠ ᠲᠠᠯᠪᠢᠬᠤ ᠶᠢ ᠴᠢᠩᠭᠠᠳᠬᠠᠨ᠂ | ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠶᠠᠪᠣᠳᠠᠯ ᠢ | ᠢᠯᠡ ᠪᠣᠯᠭᠠᠨ᠎ᠠ᠃ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ︽ᠨᠢᠭᠡ ᠠᠵᠢᠯ ᠤᠨ ᠪᠠᠶᠢᠷᠢ ᠳᠤ ᠬᠤᠤᠰ | ᠬᠠᠷᠢᠭᠤᠴᠠᠯᠭ᠎ᠠ ᠡᠭᠦᠷᠭᠡᠯᠡᠬᠦ︾ ᠶᠢ ᠬᠢᠨᠠᠮᠠᠭᠠᠶ ᠭᠦᠶᠴᠡᠳᠬᠡᠵᠦ᠂ ᠭᠤᠣᠯᠳᠠᠯᠭᠠᠲᠣ ᠬᠦᠷᠢᠶ᠎ᠡ ᠬᠡᠪᠴᠢᠶ᠎ᠡ ᠪᠠ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ︽ᠳᠣᠬᠢᠶᠠᠨ ᠳ᠋ᠧᠩ︾ ᠤᠨ ᠤᠬᠠᠮᠰᠠᠷ ᠢ ᠪᠠᠲᠤ ᠪᠣᠶ | ᠪᠣᠯᠭᠠᠵᠤ᠂ ᠰᠠᠬᠢᠯᠭ᠎ᠠ ᠪᠠᠲᠤ ᠶᠢᠨ ᠬᠢᠵᠠᠭᠠᠷᠯᠠᠯ ᠪᠠ ᠲᠥᠷᠥ ᠶᠢᠨ ᠪᠣᠳᠣᠯᠭ᠎ᠠ ᠶᠢᠨ ᠴᠡᠭᠡᠷ ᠱᠤᠭᠤᠮ ᠢ ᠴᠢᠩᠭᠠᠷᠠᠭᠤᠯᠤᠨ | ᠂ ᠡᠷᠬᠡ ᠪᠠᠨ ᠠᠰᠢᠭᠯᠠᠬᠤ ᠠᠵᠢᠯᠯᠠᠭ᠎ᠠ ᠶᠢ ᠬᠤᠷᠢᠭᠯᠠᠵᠣ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠬᠠᠤᠯᠢ ᠴᠠᠭᠠᠵᠠ ᠳᠦᠷᠢᠮ ᠳᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠣᠰᠬᠠᠢ ᠲᠦᠷᠦᠯ ᠢᠶᠠᠷ ᠴᠡᠭᠴᠡᠯᠡᠬᠦ | ᠠᠵᠢᠯᠯᠠᠭ᠎ᠠ ᠶᠢ ᠭᠦᠨᠵᠡᠭᠡᠶ ᠦᠷᠨᠢᠬᠦᠯᠦᠨ᠎ᠡ᠃ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ | ᠬᠡᠷᠡᠭᠵᠢᠭᠦᠯᠵᠦ᠂ ︽ᠪᠣᠳᠠᠲᠠᠢ ᠪᠠᠷ ᠠᠵᠢᠯᠯᠠᠬᠤ ᠶᠢ ᠴᠢᠬᠤᠯᠠᠴᠢᠯᠠᠬᠤ︾᠂ ︽ᠳᠠᠷᠦ᠋ᠢᠬᠠᠨ ᠭᠦᠢᠴᠡᠳᠬᠡᠬᠦ︾ | ᠰᠤᠷᠲᠠᠯ ᠢ ᠰᠠᠨᠠᠭᠠᠴᠢᠯᠠᠨ᠂ ᠠᠷᠪᠢᠴᠢ ᠭᠠᠮᠲᠠᠢ ᠠᠵᠢᠯᠯᠠᠬᠤ ᠶᠢ ᠪᠠᠷᠢᠮᠲᠠᠯᠠᠵᠣ᠂ ᠬᠤᠰᠢᠭᠤ ᠱᠠᠲᠤᠨ ᠤ ︽ᠭᠤᠷᠪᠠᠨ | ᠠᠯᠪᠠᠨ ᠵᠠᠷᠤᠳᠠᠯ︾ ᠢ 16.8% ᠪᠠᠷ ᠪᠠᠭᠠᠰᠬᠠᠨ᠎ᠠ᠃ | ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠠ ᠵᠠᠰᠠᠭ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠠᠵᠢᠯ ᠤᠨ ᠠᠷᠭ᠎ᠠ ᠮᠠᠶ᠋ᠢᠭ ᠢᠶᠠᠨ ᠬᠠᠯᠠᠨ ᠰᠠᠶᠢᠵᠢᠷᠠᠭᠤᠯᠵᠤ᠂ ︽ ᠬᠦᠢᠳᠡᠮᠰᠦᠭ᠂ ᠬᠦᠴᠢᠷ᠂ ᠪᠠᠯᠠᠮᠠᠳ᠂ | ᠲᠦᠯᠬᠢᠬᠦ︾ ᠠᠵᠢᠯ ᠤᠨ ᠰᠤᠷᠲᠠᠯ ᠢ ᠦᠨᠡᠨᠬᠦ ᠬᠤᠪᠢᠷᠠᠭᠤᠯᠵᠤ᠂ ︽ᠡᠬᠦᠳᠡᠨ ᠳᠤᠨᠢ ᠣᠷᠣᠬᠤ ᠳᠤ ᠬᠦᠴᠢᠷ᠂ ᠴᠢᠷᠠᠢ | ᠮᠠᠭᠤᠳᠠᠢ᠂ ᠣᠴᠢᠷ ᠶᠠᠪᠣᠳᠠᠯ ᠰᠢᠢᠳᠪᠦᠷᠢᠯᠡᠬᠦ ᠳᠤ ᠬᠦᠴᠢᠷ︾ ᠨᠣᠶᠠᠨᠴᠢ ᠦᠵᠡᠭᠳᠡᠯ ᠢ ᠳᠡᠪᠴᠢᠵᠣ᠂ ᠠᠵᠢᠯ ᠤᠨ | ᠦᠷ᠎ᠡ ᠪᠦᠲᠦᠮᠵᠢ ᠪᠠ ᠦᠶᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠵᠢᠯ ᠤᠨ ᠳᠣᠳᠣᠷ᠎ᠠ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠦᠯᠵᠢᠶᠡᠨ ᠳᠡᠭᠡᠷ᠎ᠡ ᠬᠦᠢᠴᠡᠳᠬᠡᠬᠦ ᠨᠣᠷᠮ᠎ᠠ ᠶᠢ 90% ᠠᠴᠠ | ᠳᠠᠪᠠᠭᠤᠯᠵᠣ᠂ ᠬᠠᠮᠤᠭ ᠤᠨ ᠳᠥᠭᠦᠮ ᠬᠢᠨᠠᠨ ᠵᠦᠪᠰᠢᠶᠡᠷᠡᠬᠦ ᠳᠣᠭᠳᠠᠯᠴᠠᠭ᠎ᠠ ᠶᠢ ᠪᠠᠶᠢᠭᠤᠯᠣᠨ᠎ᠠ᠃ ︽ᠠᠷᠠᠳ ᠢᠶᠠᠷ | ᠦᠨᠳᠦᠰᠦ ᠪᠣᠯᠭᠠᠬᠤ᠂ ᠨᠡᠶᠢᠭᠡᠮ ᠢᠶᠠᠷ ᠦᠨᠳᠦᠰᠦ ᠪᠣᠯᠭᠠᠬᠤ᠂ ᠡᠷᠬᠡ ᠪᠠᠷ ᠦᠨᠳᠦᠰᠦ ᠪᠣᠯᠭᠠᠬᠤ︾ ᠦᠵᠡᠯ | ᠰᠠᠨᠠᠭ᠎ᠠ ᠶᠢ ᠪᠠᠬᠢᠵᠢᠭᠦᠯᠵᠣ᠂ ᠠᠷᠠᠳ ᠲᠦᠮᠡᠨ ᠤ ᠬᠡᠷᠡᠭᠴᠡᠭᠡ ᠠᠴᠠ ᠡᠭᠦᠰᠬᠦ ᠶᠢ ᠪᠠᠷᠢᠮᠲᠠᠯᠠᠨ᠂ ᠠᠷᠠᠳ ᠲᠦᠮᠡᠨ ᠳᠤ | ᠬᠠᠷᠢᠭᠤᠴᠠᠵᠣ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠣ᠂ ᠠᠷᠠᠳ ᠲᠦᠮᠡᠨ ᠳᠤ ᠦᠢᠯᠡᠴᠢᠯᠡᠨ᠂ ᠠᠷᠠᠳ | ᠲᠦᠮᠡᠨ ᠤ ᠵᠣᠷᠢᠯᠲᠠ ᠬᠠᠮᠤᠭ ᠶᠡᠭᠡ ᠪᠠᠷ ᠪᠡᠶᠡᠯᠡᠭᠳᠡᠬᠦ ᠶᠢ ᠪᠠᠳᠣᠯᠠᠨ᠎ᠠ᠃ | ᠬᠠᠭᠤᠴᠢᠨ ᠦᠵᠡᠯᠲᠡ ᠲᠠᠨᠢᠯᠳᠠ ᠪᠠ ᠬᠠᠭᠤᠴᠢᠨ ᠣᠨᠣᠯ ᠤᠨ ᠬᠦᠯᠢᠶᠡᠰᠦᠯᠡᠯ ᠢ ᠳᠡᠪᠴᠢᠵᠣ᠂ ᠰᠢᠨ᠎ᠡ ᠶᠢ | ᠡᠭᠦᠳᠬᠦ ᠬᠦᠭᠵᠢᠯᠲᠡ ᠶᠢᠨ ᠣᠬᠠᠭᠳᠠᠬᠤᠨ ᠢ ᠵᠠᠰᠠᠭ ᠤᠨ ᠣᠷᠳᠣᠨ ᠤ ᠠᠵᠢᠯ ᠪᠠ ᠪᠦᠬᠦ ᠬᠤᠰᠢᠭᠤᠨ ᠤ ᠴᠢᠨᠠᠷᠯᠢᠭ | ᠬᠥᠭᠵᠢᠯᠲᠡ ᠶᠢ ᠠᠬᠢᠭᠤᠯᠬᠤ ᠨᠢᠭᠡᠳᠦᠭᠡᠷ ᠬᠦᠳᠡᠯᠭᠡᠬᠦ ᠬᠦᠴᠦᠨ ᠪᠣᠯᠭᠠᠵᠣ᠂ ᠵᠠᠰᠠᠭ ᠤᠨ ᠣᠷᠳᠣᠨ ᠤ ᠵᠠᠰᠠᠯᠲᠠ ᠶᠢᠨ | ᠣᠶᠢᠯᠠᠭᠠᠭᠳᠠᠬᠤᠨ᠂ ᠦᠶᠯᠡᠴᠢᠯᠡᠭᠡᠨ ᠤ ᠬᠡᠪ ᠵᠠᠭᠪᠤᠷ ᠪᠠ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ | ᠰᠢᠨᠡᠴᠢᠯᠡᠯᠳᠡ ᠶᠢ ᠠᠬᠢᠭᠤᠯᠵᠤ᠂ ᠪᠠᠶᠢᠭᠤᠯᠤᠮᠵᠢ ᠪᠠ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ | ᠳᠡᠭᠡᠭᠰᠢᠯᠡᠬᠦᠯᠦᠨ᠎ᠡ᠃ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠬᠦᠯᠵᠣ᠂ | ᠵᠠᠰᠠᠭ ᠤᠨ ᠣᠷᠳᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠦᠢᠯᠡᠴᠢᠯᠡᠭᠡ ᠬᠤᠳᠠᠯᠳᠤᠨ ᠠᠪᠬᠤ ᠡᠷᠴᠢᠮ ᠢ | ᠴᠢᠩᠭᠠᠷᠠᠭᠤᠯᠵᠤ᠂ ᠨᠡᠶᠢᠭᠡᠮ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠬᠦᠯᠦᠨ᠎ᠡ᠃ | ᠲᠥᠯᠥᠭᠡᠯᠡᠭᠴᠢᠳ ᠡ︕ 2019 ᠣᠨ ᠳᠤ᠂ ᠪᠢᠳᠡ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠰᠢᠨ᠎ᠡ ᠳᠤᠮᠳᠠᠳᠤ ᠤᠯᠤᠰ ᠤᠨ | ᠠᠭᠤᠤ ᠶᠡᠭᠡ ᠠᠮᠵᠢᠯᠲᠠ ᠪᠦᠲᠦᠮᠵᠢ ᠶᠢ ᠬᠠᠮᠲᠤ ᠪᠠᠷ ᠭᠡᠷᠡᠴᠢᠯᠡᠪᠡ᠃ 2020 ᠣᠨ ᠳᠤ᠂ ᠪᠢᠳᠡ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠳᠡᠭᠡᠷ᠎ᠡ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠳᠣᠲᠠᠢ ᠣᠳᠣᠷᠢᠳᠣᠯᠭ᠎ᠠ ᠳᠣᠤᠷ᠎ᠠ᠂ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ ᠲᠦᠰᠢᠭᠯᠡᠨ᠂ ᠢᠲᠡᠭᠡᠯ ᠵᠣᠷᠢᠭ ᠢᠶᠠᠨ | ᠪᠠᠲᠤᠳᠬᠠᠨ᠂ ᠡᠷᠴᠢ ᠵᠣᠷᠢᠭ ᠢᠶᠠᠨ ᠬᠦᠪᠴᠢᠯᠡᠵᠣ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ︽ᠡᠷᠡᠨ ᠴᠠᠭ | ᠲᠤ ᠡᠷᠡᠮᠡᠭᠡᠶᠢᠯᠡᠨ᠂ ᠴᠠᠭ ᠬᠤᠭᠤᠴᠠᠭ᠎ᠠ ᠶᠢ ᠦᠯᠦ ᠠᠯᠳᠠᠬᠤ︾ ᠵᠣᠷᠢᠭ ᠰᠠᠨᠠᠭ᠎ᠠ ᠪᠠ ︽ᠬᠦᠰᠡᠯ ᠮᠦᠷᠦᠭᠡᠳᠣᠯ ᠢᠶᠠᠷ | ᠢᠶᠠᠨ ᠵᠢᠭᠦᠷᠯᠡᠵᠣ᠂ ᠣᠷᠢ ᠵᠠᠯᠠᠭᠤ ᠨᠠᠰᠣ ᠪᠠᠨ ᠦᠯᠦ ᠬᠦᠰᠡᠷᠳᠡᠬᠦᠯᠬᠦ︾ ᠡᠷᠴᠢ ᠵᠣᠷᠢᠭ ᠢᠶᠠᠷ᠂ ᠪᠥᠬᠦ ᠬᠤᠰᠢᠭᠤᠨ ᠤ | ᠡᠯ᠎ᠡ ᠲᠦᠷᠦᠯ ᠤᠨ ᠠᠵᠢᠯ ᠦᠶᠯᠡᠰ ᠤᠨ ᠳᠠᠬᠢᠨ ᠰᠢᠨ᠎ᠡ ᠨᠢᠭᠡ ᠳᠡᠭᠲᠡᠷ ᠲᠤ ᠭᠠᠷᠬᠤ ᠪᠠᠷ ᠮᠡᠷᠡᠶᠢᠨ ᠴᠢᠷᠮᠠᠶᠢᠵᠣ᠂ | ᠪᠠᠶᠠᠨ ᠴᠢᠨᠡᠭᠡᠯᠢᠭ᠂ ᠪᠣᠯᠪᠠᠰᠤᠨ᠂ ᠦᠵᠡᠰᠬᠦᠯᠡᠩᠲᠦ ᠰᠠᠶᠢᠬᠠᠨ᠂ ᠵᠣᠯ ᠵᠢᠷᠭᠠᠯᠲᠤ ᠵᠡᠭᠦᠨ ᠦᠵᠦᠮᠦᠴᠢᠨ | ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕ |