ᠣᠷ᠎ᠠ ᠣᠬᠠᠭᠠᠨ ᠢᠶᠠᠷ ᠢᠶᠠᠨ ᠲᠠᠩᠰᠤᠭ ᠠᠮᠢᠳᠤᠷᠠᠯ ᠢ ᠴᠤᠭᠴᠠᠯᠠᠨ᠎ᠠ
ᠨᠡᠶᠢᠲᠡᠯᠡᠭᠰᠡᠨ ᠴᠠᠭ᠄
2020/5/6
      ᠬᠤᠪᠴᠠᠰᠤ ᠵᠠᠰᠠᠯ ᠤᠨ ᠰᠣᠶᠣᠯ ᠪᠣᠯ ᠤᠯᠠᠮᠵᠢᠯᠠᠯᠲᠤ ᠰᠣᠶᠣᠯ ᠤᠨ ᠰᠠᠯᠵᠤ ᠪᠣᠯᠤᠰᠢ ᠦᠭᠡᠢ ᠪᠦᠷᠢᠯᠳᠦᠬᠦᠨ ᠬᠡᠰᠡᠭ ᠪᠣᠯᠬᠤ ᠪᠦᠭᠡᠳ ᠣᠯᠠᠨ ᠮᠢᠩᠭᠠᠨ ᠵᠢᠯ ᠤᠨ ᠲᠣᠷᠰᠢ ᠮᠣᠩᠭᠤᠯᠴᠣᠳ ᠭᠤᠶᠢᠳᠠ ᠰᠠᠶᠢᠬᠠᠨ᠂ ᠡᠷᠬᠢᠮᠰᠦᠭ ᠲᠠᠩᠰᠤᠭ ᠬᠤᠪᠴᠠᠰᠤ ᠵᠠᠰᠠᠯ ᠢ ᠣᠷᠠᠯᠠᠨ ᠪᠦᠲᠦᠭᠡᠵᠦ᠂ ᠬᠦᠮᠦᠨ ᠲᠦᠷᠦᠯᠬᠢᠳᠡᠨ  ᠤ ᠬᠤᠪᠴᠠᠰᠤ ᠵᠠᠰᠠᠯ ᠤᠨ ᠣᠷ᠎ᠠ  ᠶᠢᠨ ᠰᠠᠩ ᠳᠤ ᠦᠨᠡᠳᠦ ᠦᠪ ᠢ ᠨᠡᠮᠡᠷᠢᠯᠡᠭᠰᠡᠨ ᠶᠤᠮ᠃  ᠡᠭᠦᠨ ᠳᠤ ᠮᠢᠩᠭᠠᠨ ᠤᠬᠠᠭᠠᠨ ᠲᠠᠢ ᠮᠠᠯᠴᠢᠨ ᠡᠵᠢ ᠶᠢᠨ ᠭᠠᠷ ᠤᠨ ᠣᠷ᠎ᠠ ᠪᠠᠷ ᠤᠷᠠᠯᠠᠨ ᠤᠶᠤᠭᠰᠠᠨ ᠮᠤᠩᠭᠤᠯ ᠲᠡᠷᠯᠢᠭ ᠴᠣ᠋ ᠪᠠᠭᠳᠠᠬᠤ ᠪᠦᠭᠡᠳ ᠦᠪᠡᠷᠮᠢᠴᠠ ᠣᠨᠴᠠᠯᠢᠭ᠂ ᠨᠠᠷᠢᠯᠢᠭ ᠡᠰᠭᠡᠴᠡ ᠣᠶᠣᠭᠠᠰᠣ ᠵᠡᠷᠭᠡ  ᠪᠠᠷ ᠢᠶᠠᠨ ᠬᠦᠮᠦᠰ ᠤᠨ ᠮᠠᠭᠳᠠᠭᠠᠯ ᠢ ᠣᠯᠬᠤ ᠪᠣᠯᠵᠠᠢ᠃      ᠠᠵᠤ ᠠᠬᠤᠢ ᠶᠢᠨ ᠬᠥᠭᠵᠢᠯᠲᠡ ᠪᠣᠯᠤᠨ ᠦᠨᠳᠦᠰᠦᠳᠡᠨ ᠤ ᠰᠣᠶᠣᠯ ᠤᠨ ᠬᠦᠭᠵᠢᠯᠳᠡ ᠶᠢ ᠲᠠᠭᠠᠯᠳᠤᠨ᠂ ᠤᠳᠤ ᠦᠶ᠎ᠡ ᠶᠢᠨ ᠮᠣᠩᠭᠤᠯ ᠬᠤᠪᠴᠠᠰᠤ ᠵᠠᠰᠠᠯ ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ᠂ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠨᠢ ᠠᠭᠠᠵᠢᠮ ᠢᠶᠠᠷ ᠤᠳᠤ ᠦᠶ᠎ᠡ ᠶᠢᠨ ᠬᠡᠪ ᠵᠠᠭᠪᠤᠷ ᠲᠠᠢ ᠠᠭᠤᠰᠤᠯᠴᠠᠭᠰᠠᠨ ᠪᠠᠶᠢᠨ᠎ᠠ᠃      ᠮᠠᠨ ᠤ ᠬᠤᠰᠢᠭᠤᠨ ᠳᠤ ᠬᠤᠲᠠ ᠤᠷᠤᠭᠰᠠᠨ ᠮᠠᠯᠴᠢᠳ ᠤᠨ ᠦᠢᠯᠡᠰ ᠪᠣᠰᠬᠠᠬᠤ ᠰᠠᠭᠤᠷᠢᠨ ᠭᠠᠵᠠᠷ ᠭᠡᠵᠦ ᠨᠢᠭᠡ ᠮᠥᠷ ᠠᠰᠠᠷ ᠪᠠᠶᠢᠳᠠᠭ᠃   ᠠᠳᠡ ᠮᠠᠯᠴᠢᠳ ᠤᠨ ᠡᠷᠬᠢᠯᠡᠭᠰᠡᠨ ᠨᠡᠯᠢᠶᠡᠳ ᠤᠯᠠᠨ ᠳᠡᠯᠭᠡᠭᠦᠷ ᠬᠤᠳᠠᠯᠳᠤᠭ᠎ᠠ ᠪᠠᠶᠢᠵᠤ᠂ ᠭᠠᠷ ᠤᠷᠠᠯᠠᠯ᠂ ᠬᠤᠪᠴᠠᠰᠤ ᠵᠠᠰᠠᠯ᠂ ᠠᠮᠢᠳᠤᠷᠠᠯ ᠤᠨ ᠡᠳ᠋ᠯᠡᠯ ᠬᠡᠷᠡᠭᠰᠡᠯ ᠵᠡᠷᠭᠡ ᠤᠯᠠᠨ ᠲᠥᠷᠦᠯ ᠤᠨ ᠲᠠᠸᠠᠷ ᠢ ᠦᠢᠯᠡᠳᠦᠨ ᠪᠣᠷᠣᠯᠠᠭᠤᠯᠵᠦ ᠪᠠᠶᠢᠳᠠᠭ᠃ ᠡᠳᠡᠭᠡᠷ ᠤᠨ ᠳᠤᠮᠳᠠ ︽ ᠭᠢᠯᠪᠠᠭ᠎ᠠ ᠮᠤᠩᠭᠤᠯ ᠤᠶᠤᠳᠠᠯ︾ ᠤᠨ ᠡᠵᠡᠩᠨᠡᠭᠴᠢ ᠮᠧᠳᠡᠭ ᠭᠡᠵᠦ ᠰᠢᠨ᠎ᠠ ᠵᠠᠭᠪᠣᠷ ᠤᠨ ᠦᠵᠦᠮᠦᠴᠢᠨ ᠲᠡᠷᠯᠢᠭ ᠤᠶᠤᠬᠤ ᠳᠤ ᠪᠠᠨ ᠴᠠᠭᠠᠷᠠᠭᠰᠠᠨ ᠣᠶᠣᠳᠠᠯᠴᠢᠨ ᠪᠠᠶᠢᠵᠤ᠂ ᠤᠶᠤᠳᠠᠯ ᠤᠨ ᠳᠡᠯᠭᠡᠭᠦᠷ ᠡᠷᠬᠢᠯᠡᠭᠡᠳ ᠠᠷᠪᠠ ᠰᠢᠬᠠᠮ ᠵᠢᠯ ᠪᠤᠯᠵᠤ ᠪᠠᠶᠢᠭ᠎ᠠ ᠠᠵᠢ᠃      2013 ᠣᠨ ᠳᠤ᠂ ᠮᠧᠳᠡᠭ ᠬᠡᠤᠬᠡᠳ ᠢᠶᠠᠨ ᠰᠤᠷᠭᠠᠭᠤᠯᠢ ᠳᠤ ᠰᠠᠭᠤᠯᠭᠠᠬᠤ ᠭᠡᠵᠦ ᠬᠦᠳᠡᠭᠡ ᠠᠴᠠ ᠬᠤᠲᠠ ᠳᠤ ᠣᠷᠣᠵᠦ᠂ ᠲᠣᠬᠠᠢ ᠶᠢᠨ ᠵᠢᠯ ᠳᠡᠭᠡᠨ ︽ᠬᠢᠯᠪᠠᠭ᠎ᠠ ᠮᠤᠩᠭᠤᠯ ᠤᠶᠤᠳᠠᠯ︾ ᠢ ᠡᠵᠡᠩᠨᠡᠵᠦ ᠡᠬᠢᠯᠡᠭᠰᠡᠨ ᠪᠠᠶᠢᠨ᠎ᠠ᠃ ᠠᠩᠬ᠎ᠠ ᠡᠬᠢᠯᠡᠬᠦ ᠳᠤ ᠪᠠᠨ ᠭᠤᠣᠯᠳᠠᠭᠤ ᠤᠯᠠᠮᠵᠢᠯᠠᠯᠲᠤ ᠦᠵᠦᠮᠦᠴᠢᠨ ᠲᠡᠷᠯᠢᠭ ᠣᠶᠣᠳᠠᠭ ᠪᠠᠶᠢᠭᠰᠠᠨ  ᠢᠶᠠᠨ᠂ ᠠᠭᠠᠵᠢᠮ ᠢᠶᠠᠷ ᠵᠠᠬ᠎ᠠ ᠳᠡᠯᠭᠡᠭᠦᠷ ᠪᠠ ᠵᠣᠴᠢᠳ ᠤᠨ ᠬᠡᠷᠡᠭᠴᠡᠭᠡᠨ ᠳᠤ ᠵᠣᠬᠢᠴᠠᠭᠤᠯᠣᠨ᠂ ᠰᠢᠨ᠎ᠠ ᠵᠠᠭᠪᠣᠷ ᠤᠨ ᠦᠵᠦᠮᠦᠴᠢᠨ ᠮᠣᠩᠭᠤᠯ ᠲᠡᠷᠯᠢᠭ ᠣᠶᠣᠳᠠᠭ ᠪᠣᠯᠵᠠᠢ᠃      ᠮᠧᠳᠡᠭ ᠠᠩᠬ᠎ᠠ ᠤᠶᠤᠳᠠᠯ ᠤᠨ ᠳᠡᠯᠭᠡᠭᠦᠷ ᠡᠷᠬᠢᠯᠡᠬᠦ ᠳᠤ ᠪᠠᠨ ᠠᠵᠢᠯ ᠦᠢᠯᠡᠰ ᠪᠣᠰᠬᠠᠬᠤ ᠶᠠᠮᠠᠷ ᠴᠣ᠋ ᠲᠤᠷᠰᠢᠯᠭ᠎ᠠ ᠦᠭᠡᠢ ᠠᠴᠠ ᠪᠣᠯᠵᠤ ᠣᠯᠠᠨ ᠨᠤᠭᠤᠷᠠᠯ ᠪᠦᠳᠦᠷᠢᠯ ᠳᠤ ᠤᠴᠠᠷᠠᠭᠰᠠᠨ ᠪᠣᠯᠪᠠᠴᠤ ᠲᠡᠷᠡ ᠵᠤᠷᠢᠭ ᠮᠤᠬᠤᠭᠰᠠᠨ ᠦᠭᠡᠢ᠂  ᠪᠤᠰᠤᠳ ᠠᠴᠠ ᠢᠯᠡᠭᠦᠦ ᠤᠷᠤᠯᠳᠤᠯᠭ᠎ᠠ ᠴᠢᠷᠮᠠᠶᠢᠯᠭ᠎ᠠ ᠭᠠᠷᠭᠠᠳᠠᠭ ᠪᠣᠯᠬᠤᠷ ᠣᠶᠣᠳᠠᠯ ᠤᠨ ᠭᠠᠵᠠᠷ ᠨᠢ ᠡᠬᠢᠨ ᠤ ᠬᠡᠳᠦᠨ ᠰᠠᠷ᠎ᠠ ᠳᠤ ᠬᠡᠳᠦᠬᠡᠨ ᠵᠠᠬᠢᠶᠠᠯᠠᠭ᠎ᠠ ᠲᠠᠢ ᠪᠠᠶᠢᠭᠰᠠᠨ ᠠᠴᠠ ᠪᠠᠨ ᠣᠳᠣ ᠪᠣᠯᠬᠤ ᠳᠤ ᠵᠢᠯ ᠪᠦᠷᠢ ᠲᠣᠭᠲᠠᠭᠰᠠᠨ ᠵᠠᠬᠢᠶᠠᠯᠠᠭ᠎ᠠ ᠲᠠᠢ ᠪᠤᠯᠵᠤ᠂ ᠰᠢᠨ᠎ᠠ ᠵᠠᠭᠪᠣᠷ ᠤᠨ ᠮᠤᠩᠭᠤᠯ ᠲᠡᠷᠯᠢᠭ ᠨᠢ ᠲᠦᠩᠯᠢᠶᠣᠤ᠂ ᠤᠯᠠᠭᠠᠨᠬᠠᠳᠠ᠂ ᠬᠥᠬᠡᠬᠤᠲᠠ ᠵᠡᠷᠭᠡ ᠭᠠᠵᠠᠷ ᠲᠤ ᠦᠷᠭᠡᠨ ᠢᠶᠠᠷ ᠪᠣᠷᠣᠯᠠᠭᠤᠯᠣᠭᠳᠠᠳᠠᠭ ᠪᠣᠯᠵᠠᠢ᠃      ᠠᠵᠠ ᠲᠤᠬᠢᠶᠠᠯ ᠶᠡᠷᠦ ᠨᠢ ᠪᠡᠯᠡᠳᠬᠡᠯ ᠲᠠᠢ ᠬᠦᠮᠦᠨ ᠳᠤ ᠡᠭᠡᠯᠢᠲᠡᠢ᠂ ᠠᠵᠢᠯ ᠦᠢᠯᠡᠰ ᠴᠦ ᠵᠢᠳᠬᠦᠯ ᠲᠠᠢ ᠬᠦᠮᠦᠨ ᠳᠤ ᠢᠪᠡᠭᠡᠯ ᠲᠠᠢ ᠪᠠᠶᠢᠳᠠᠭ  ᠭᠡᠳᠡᠭᠴᠢᠯᠡᠨ ᠣᠶᠣᠳᠠᠯᠴᠢᠨ ᠮᠧᠳᠡᠭ ᠤᠨ ᠣᠶᠢᠭ᠎ᠠ ᠦᠭᠡᠢ ᠬᠦᠳᠡᠯᠮᠦᠷᠢ ᠨᠢ ᠨᠡᠩ ᠶᠡᠭᠡ ᠠᠮᠵᠢᠯᠳᠠ ᠳᠤ ᠬᠦᠷᠴᠦ ᠴᠢᠳᠠᠬᠤ ᠨᠢ ᠯᠠᠪᠳᠠᠢ ᠶᠣᠮ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号