3 ᠰᠠᠷ᠎ᠠ ᠶᠢᠨ 30 ᠤ ᠡᠳᠦᠷ ᠠᠴᠠ ᠡᠬᠢᠯᠡᠨ᠂ ᠮᠠᠨ ᠤ ᠬᠤᠰᠢᠭᠤᠨ ᠤ ᠥᠨᠳᠥᠷ ᠳᠤᠮᠳᠠᠳᠤ ᠪᠣᠯᠣᠨ ᠠᠩᠬ᠎ᠠ | ᠲᠤᠮᠳᠠᠳᠤ ᠶᠢᠨ ᠭᠤᠷᠪᠠᠳᠤᠭᠠᠷ ᠤᠨ ᠨᠢᠭᠡᠨᠲᠡ ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠪᠡ᠃ 5 ᠰᠠᠷ᠎ᠠ ᠶᠢᠨ | 6 ᠤ ᠡᠳᠦᠷ ᠠᠴᠠ 5 ᠰᠠᠷ᠎ᠠ ᠶᠢᠨ 11 ᠤ ᠡᠳᠦᠷ ᠤᠨ ᠬᠤᠭᠤᠷᠤᠨᠳᠤ᠂ ᠪᠠᠭ᠎ᠠ ᠰᠤᠷᠭᠠᠭᠤᠯᠢ ᠶᠢᠨ ᠳᠡᠭᠡᠷ᠎ᠡ ᠤᠨ ︵ | ᠳᠥᠷᠪᠡ᠂ ᠲᠠᠪᠤ᠂ ᠵᠢᠷᠭᠤᠳᠤᠭᠠᠷ ᠤᠨ︶᠂ ᠠᠩᠬ᠎ᠠ ᠳᠤᠮᠳᠠᠳᠤ ᠶᠢᠨ ᠨᠢᠭᠡ᠂ ᠬᠤᠶᠠᠳᠤᠭᠠᠷ ᠤᠨ ᠪᠠ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠴᠤ ᠰᠣᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠬᠦ ᠪᠤᠯᠤᠯ᠎ᠠ᠃ | ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠ ᠵᠢᠭᠠᠨ ᠰᠤᠷᠭᠠᠯᠲᠠ ᠶᠢᠨ ᠠᠵᠢᠯ ᠡᠮᠬᠢ | ᠵᠢᠷᠤᠮ ᠲᠠᠢ ᠶᠠᠪᠤᠭᠳᠠᠵᠤ ᠪᠠᠶᠢᠬᠤ ᠪᠠᠷ ᠪᠠᠷᠠᠬᠤ ᠦᠭᠡᠢ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ᠂ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ᠂ ᠰᠡᠷᠭᠡᠶᠢᠯᠡᠨ ᠡᠵᠡᠮᠳᠡᠬᠦ ᠡᠳ᠋ ᠪᠣᠳᠠᠰ᠂ | ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠵᠡᠷᠭᠡ ᠲᠠᠯ᠎ᠠ ᠪᠠᠷ ᠬᠦᠢᠴᠡᠳ ᠪᠡᠯᠡᠳᠬᠡᠯ ᠬᠢᠵᠦ᠂ ᠴᠥᠮ ᠨᠢᠭᠡᠨᠲᠡ | ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠦᠨᠳᠦᠰᠦᠨ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃ | ᠰᠤᠷᠤᠭᠴᠢᠳ ᠤᠨ ᠡᠷᠡᠭᠦᠯ ᠮᠡᠨᠳᠦ ᠪᠠ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠮᠠᠨ ᠤ | ᠬᠤᠰᠢᠭᠤᠨ ᠤ ᠡᠯ᠎ᠡ ᠰᠤᠷᠭᠠᠭᠤᠯᠢ ᠱᠠᠭᠠᠷᠳᠠᠯᠭ᠎ᠠ ᠶᠣᠰᠣᠭᠠᠷ ᠬᠢᠵᠢᠭ ᠢ ᠰᠡᠷᠭᠡᠶᠢᠯᠡᠬᠦ ᠳᠥᠷᠢᠮᠲ᠋ᠣᠭᠲᠠᠭᠠᠯ ᠢ | ᠪᠠᠶᠢᠭᠤᠯᠤᠨ ᠲᠡᠭᠦᠯᠳᠡᠷᠵᠢᠭᠦᠯᠪᠡ᠃ ᠰᠤᠷᠭᠠᠭᠤᠯᠢ ᠶᠢᠨ ᠡᠭᠦᠳᠡ ᠪᠠᠷ ᠣᠷᠣᠬᠤ ᠳᠤ ᠰᠣᠷᠣᠭᠴᠢᠳ 1 ᠮᠧᠲᠷ ᠠᠴᠠ | ᠳᠡᠭᠡᠭᠰᠢ ᠵᠠᠶ ᠲᠠᠢ ᠮᠥᠷᠯᠡᠵᠦ ᠪᠡᠶ᠎ᠡ ᠶᠢᠨ ᠳᠣᠯᠠᠭᠠᠨ ᠪᠠᠨ ᠬᠡᠮᠵᠢᠭᠦᠯᠦᠨ᠂ ᠵᠢᠭᠠᠨ ᠰᠤᠷᠭᠠᠯᠲᠠ ᠶᠢᠨ ᠠᠰᠠᠷ ᠤᠨ | ᠠᠷᠢᠭᠤᠨ ᠴᠡᠪᠡᠷ ᠤᠨ ᠥᠷᠦᠭᠡᠨ ᠳᠤ ᠭᠠᠷ ᠤᠬᠢᠶᠠᠬᠤ ᠰᠢᠩᠭᠡᠨ ᠲᠤᠬᠢᠷᠠᠭᠤᠯᠵᠤ᠂ ᠤᠰᠤᠨ ᠴᠣᠷᠭᠤ ᠶᠢᠨ ᠳᠡᠭᠡᠷ᠎ᠡ | ᠲᠠᠯ᠎ᠠ ᠳᠤ ᠪᠠᠰᠠ | ︽ᠳᠣᠯᠣᠭᠠᠨ ᠠᠯᠬᠤᠮ ᠤᠨ ᠭᠠᠷ ᠤᠬᠢᠶᠠᠬᠤ ᠠᠷᠭ᠎ᠠ︾ ᠶᠢ ᠢᠯᠡ ᠨᠠᠭᠠᠵᠤ᠂ ᠬᠢᠴᠢᠶᠡᠯ ᠤᠨ ᠭᠡᠷ ᠨᠢᠭᠡᠪᠦᠷᠢ ᠳᠤ ᠭᠠᠷ | ᠤᠬᠢᠶᠠᠬᠤ ᠰᠢᠩᠭᠡᠨ᠂ ᠬᠦᠷᠢᠨ ᠤ ᠭᠠᠳᠠᠨᠠᠬᠢ ᠲᠤᠶᠠᠭᠠᠨ ᠳ᠋ᠧᠩ ᠲᠠᠭᠠᠷᠠᠭᠤᠯᠵᠤ᠂ ᠡᠳᠦᠷ ᠪᠦᠷᠢ ᠲᠣᠭᠲᠠᠮᠠᠯ | ᠬᠤᠭᠤᠴᠠᠭ᠎ᠠ ᠲᠠᠢ ᠪᠠᠷ ᠠᠷᠢᠭᠤᠳᠬᠠᠬᠤ ᠠᠵᠢᠯ ᠢ ᠥᠷᠨᠢᠭᠦᠯᠵᠦ ᠪᠠᠶᠢᠨ᠎ᠠ᠃ ᠡᠭᠦᠨ ᠠᠴᠠ ᠭᠠᠳᠠᠨ᠎ᠠ᠂ ᠡᠯ᠎ᠡ | ᠰᠤᠷᠭᠠᠭᠤᠯᠢ ᠴᠥᠮ ᠲᠤᠰᠠᠭᠠᠷᠯᠠᠬᠤ ᠲᠠᠰᠤᠭ ᠪᠠᠶᠢᠭᠤᠯᠵᠤ᠂ ᠰᠡᠵᠢᠭᠲᠡᠢ ᠪᠠᠶᠢᠳᠠᠯ ᠢᠯᠡᠷᠡᠪᠡᠯ ᠲᠡᠷᠡ ᠳᠠᠷᠤᠶ ᠳᠤᠨᠢ | ᠲᠤᠰᠠᠭᠠᠷᠯᠠᠨ᠎ᠠ᠃ ᠰᠤᠷᠭᠠᠭᠤᠯᠢ ᠶᠢᠨ ᠬᠦᠷᠢᠶᠡᠨ ᠤ ᠡᠳᠦᠷ ᠲᠤᠲᠤᠮ ᠤᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶᠡᠨ ᠳᠤ ᠴᠠᠭ ᠵᠥᠷᠢᠵᠦ ᠬᠤᠭᠤᠯᠯᠠᠬᠤ᠂ ᠬᠤᠭᠤᠯᠠ ᠢᠳᠡᠬᠦ ᠦᠶ᠎ᠡ ᠳᠤ ᠨᠢᠭᠡ ᠬᠥᠮᠦᠨ ᠨᠢᠭᠡ ᠰᠢᠷᠡᠭᠡᠨ ᠳᠤ | ᠰᠠᠭᠤᠵᠤ ᠬᠤᠭᠤᠯᠠ ᠢᠳᠡᠬᠦ᠂ ᠴᠠᠭ ᠵᠥᠷᠢᠵᠦ ᠬᠢᠴᠢᠶᠡᠯ ᠪᠠᠭᠤᠬᠤ ᠪᠠ ᠥᠷᠯᠥᠭᠡ ᠦᠳᠡ ᠳᠤ ᠪᠡᠶ᠎ᠡ ᠶᠢᠨ | ᠳᠣᠯᠠᠭᠠᠨ ᠤ ᠪᠠᠶᠢᠴᠠᠭᠠᠯᠲᠠ ᠬᠢᠬᠦ ᠳᠥᠷᠢᠮ ᠢ ᠲᠤᠭᠲᠠᠭᠠᠭᠰᠠᠨ ᠪᠥᠭᠡᠳ ᠤᠤᠯ ᠤᠨ ᠨᠠᠢᠮᠠᠨ ᠬᠥᠮᠦᠨ ᠤ ᠪᠠᠶᠢᠷᠢ ᠶᠢᠨ | ᠥᠷᠦᠭᠡᠨ ᠳᠤ ᠳᠥᠷᠪᠡᠨ ᠬᠥᠮᠦᠨ ᠰᠠᠭᠤᠯᠭᠠᠬᠤ ᠪᠠᠷ ᠪᠤᠯᠭᠠᠵᠤ᠂ ᠬᠠᠷᠢᠯᠴᠠᠨ ᠬᠠᠯᠳᠠᠪᠤᠷᠢᠯᠠᠬᠤ ᠠᠶᠤᠯ ᠢ | ᠪᠠᠭᠤᠷᠠᠭᠤᠯᠤᠭᠰᠠᠨ ᠪᠠᠶᠢᠨ᠎ᠠ᠃ | ᠣᠳᠣᠬᠠᠨ ᠳᠤ᠂ ᠮᠠᠨ ᠤ ᠬᠤᠰᠢᠭᠤᠨ ᠤ ᠡᠯ᠎ᠡ ᠰᠤᠷᠭᠠᠭᠤᠯᠢ ᠡᠳ᠋ ᠪᠣᠳᠠᠰ ᠨᠥᠭᠡᠴᠡᠯᠡᠬᠦ ᠵᠡᠷᠭᠡ ᠲᠠᠯ᠎ᠠ ᠪᠠᠷ | ᠴᠥᠮ ᠪᠠᠷᠢᠮᠵᠢᠶ᠎ᠡ ᠳᠤ ᠬᠦᠷᠦᠭᠰᠡᠨ ᠪᠥᠭᠡᠳ ᠰᠤᠷᠭᠠᠭᠤᠯᠢ ᠡᠬᠢᠯᠡᠬᠦ ᠠᠴᠠ ᠡᠮᠦᠨ᠎ᠡ ᠣᠯᠠᠨ ᠤᠳᠠᠭ᠎ᠠ ᠰᠤᠷᠭᠠᠭᠤᠯᠢ ᠶᠢᠨ | ᠬᠦᠷᠢᠶᠡᠨ ᠤ ᠬᠢᠵᠢᠭ ᠢ ᠰᠡᠷᠭᠡᠶᠢᠯᠡᠬᠦ ᠰᠣᠷᠢᠯᠲᠠ ᠬᠢᠵᠦ᠂ ᠰᠣᠷᠢᠯᠲᠠ ᠪᠠᠷ ᠳᠠᠮᠵᠢᠭᠤᠯᠤᠨ ᠪᠠᠴᠢᠮ ᠪᠠᠶᠢᠳᠠᠯ ᠢ | ᠠᠷᠭᠠᠴᠠᠭᠠᠬᠤ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠠᠭᠰᠢ ᠰᠤᠷᠤᠭᠴᠢᠳ ᠤᠨ ᠠᠮᠢ ᠨᠠᠰᠤ᠂ | ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠮᠠᠭᠠᠯᠠᠪᠠ᠃ ᠡᠭᠦᠨ ᠤ ᠬᠠᠮᠲᠤ ᠰᠤᠷᠭᠠᠭᠤᠯᠢ ᠡᠬᠢᠯᠡᠭᠰᠡᠨ ᠤ ᠳᠠᠷᠠᠭ᠎ᠠ᠂ | ᠰᠤᠷᠤᠭᠴᠢᠳ ᠤᠨ ᠰᠡᠳᠬᠢᠴᠡ ᠶᠢᠨ ᠵᠢᠯᠤᠭᠤᠳᠤᠯᠭ᠎ᠠ᠂ ᠰᠤᠷᠭᠠᠭᠤᠯᠢ ᠶᠢᠨ ᠬᠦᠷᠢᠶᠡᠨ ᠤ ᠣᠯᠠᠨ ᠨᠡᠶᠢᠲᠡ ᠶᠢᠨ | ᠲᠠᠯᠠᠪᠤᠷ ᠤᠨ ᠠᠷᠢᠭᠤᠳᠬᠠᠯ ᠪᠣᠯᠣᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ | ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠠᠵᠢᠯᠯᠠᠭ᠎ᠠ ᠶᠢᠨ ᠡᠮᠬᠢ ᠵᠢᠷᠤᠮ ᠲᠠᠢ | ᠶᠠᠪᠤᠭᠳᠠᠬᠤ ᠶᠢ ᠦᠨᠡᠨᠬᠦ ᠪᠠᠲᠤᠯᠠᠬᠤ ᠪᠣᠯᠤᠨ᠎ᠠ᠃ |