ᠬᠤᠰᠢᠭᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2020/5/9
      5 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠯᠢ ᠶᠦᠩ ᠱᠧᠩ ᠬᠤᠷᠠᠯ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠬᠢᠩᠭᠠᠨ᠂ ᠶᠠᠩ ᠸᠧᠨ ᠫᠦ᠋᠂ ᠭᠡᠰᠢᠭᠦᠨ ᠵᠠᠩ ᠯᠦᠩ ᠪᠢᠶᠣᠤ᠂ ᠬᠠᠶ ᠪᠦᠦ᠂ ᠠᠯᠮᠠᠰ᠂ ᠰᠠᠷᠠᠭᠤᠯᠲᠤᠶᠠᠭ᠎ᠠ ᠂ ᠵᠧᠤ ᠸᠧ ᠮᠢᠨ᠂ ᠪᠦᠬᠡ ᠨᠠᠷ ᠬᠤᠷᠠᠯ ᠳᠤ ᠣᠷᠣᠯᠴᠠᠵᠠᠶ᠃      ᠬᠤᠷᠠᠯ ᠳᠤ᠂ ᠶᠠᠩ ᠸᠧᠨ ᠫᠦ᠋ ᠠᠶᠢᠮᠠᠭ ᠤᠨ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠵᠢᠴᠢ ︽ᠠᠶᠢᠮᠠᠭ ᠤᠨ ᠲᠠᠰ ᠵᠢᠴᠢ ᠲᠡᠭᠦᠨ ᠠᠴᠠ ᠳᠣᠷᠣᠭᠰᠢᠬᠢ ᠤᠯᠤᠰ ᠤᠨ ᠠᠵᠢᠯᠲᠠᠨ ᠤ ᠠᠯᠪᠠᠨ ᠶᠠᠪᠤᠳᠠᠯ ᠢᠶᠠᠷ ᠲᠦᠷ ᠴᠠᠭ ᠭᠠᠳᠠᠭᠠᠳᠤ ᠳᠤ ᠭᠠᠷᠬᠤ ︵ᠬᠢᠯᠢ︶ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠶ ᠮᠡᠳᠡᠭᠳᠡᠯ︾ ᠢ ᠰᠤᠷᠤᠯᠴᠠᠨ ᠤᠯᠠᠮᠵᠢᠯᠠᠵᠤ᠂ ᠵᠧᠤ ᠸᠧ ᠮᠢᠨ ︽2020 ᠣᠨ ᠤ ᠭᠠᠵᠠᠷ ᠤᠨ ᠲᠠᠰ ᠵᠢᠴᠢ ᠲᠡᠭᠦᠨ ᠠᠴᠠ ᠳᠣᠷᠣᠭᠰᠢᠬᠢ ᠤᠯᠤᠰ ᠤᠨ ᠠᠵᠢᠯᠲᠠᠨ ᠲᠦᠷ ᠭᠠᠳᠠᠭᠠᠲᠤ ᠳᠤ ︵ᠬᠢᠯᠢ︶ ᠭᠠᠷᠬᠤ ᠲᠥᠯᠥᠪᠯᠡᠭᠡ ᠶᠢ ᠵᠥᠪᠰᠢᠶᠡᠷᠡᠬᠦ ᠲᠤᠬᠠᠶ ᠮᠡᠳᠡᠭᠳᠡᠯ︾ ᠢ ᠤᠯᠠᠮᠵᠢᠯᠠᠵᠤ᠂ ᠬᠤᠰᠢᠭᠤ ᠭᠠᠳᠠᠭᠠᠲᠤ ᠶᠠᠪᠤᠳᠠᠯ ᠤᠨ ᠠᠯᠪᠠᠨ ᠬᠡᠷ ᠤᠨ ᠬᠠᠷᠢᠭᠤᠴᠠᠯᠭᠠᠲᠠᠨ ᠠᠴᠠ ᠬᠤᠰᠢᠭᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ 2019 ᠣᠨ ᠤ ᠠᠵᠢᠯ ᠢᠶᠠᠨ ᠬᠠᠷᠢᠭᠤ ᠮᠡᠳᠡᠭᠦᠯᠦᠨ᠂ ︽ᠬᠤᠰᠢᠭᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ 2020 ᠣᠨ ᠤ ᠠᠵᠢᠯ ᠤᠨ ᠭᠤᠤᠯᠳᠠᠯᠭ᠎ᠠ︾ ᠳᠤ ᠲᠣᠳᠣᠷᠬᠠᠶᠢᠯᠠᠯᠲᠠ ᠬᠢᠵᠦ ᠂ ᠬᠤᠷᠠᠯ ᠳᠤ ᠣᠷᠣᠯᠴᠠᠭᠰᠠᠳ ᠴᠢᠬᠤᠯᠠ ᠵᠦᠢᠯ ᠳᠤ ᠴᠢᠭᠯᠡᠭᠦᠯᠦᠨ ᠰᠤᠳᠤᠯᠤᠨ ᠶᠠᠷᠢᠯᠴᠠᠵᠠᠢ᠃      ᠯᠢ ᠶᠦᠩ ᠱᠧᠩ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠭᠠᠳᠠᠭᠠᠳᠤ ᠶᠠᠪᠤᠳᠠᠯ ᠤᠨ ᠭᠤᠤᠯᠳᠠᠯᠭ᠎ᠠ ᠨᠢ ᠤᠯᠤᠰ ᠲᠥᠷᠥ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠥᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠭᠠᠳᠠᠭᠠᠳᠤ ᠶᠠᠪᠤᠳᠠᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ︔ ᠭᠠᠳᠠᠭᠰᠢ ᠨᠡᠭᠡᠭᠡᠯᠲᠡ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠶ ᠣᠷᠣᠯᠴᠠᠵᠤ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠪᠣᠯᠤᠨ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠬᠢᠯᠢ ᠶᠢᠨ ᠴᠣᠩᠬᠤ︾ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠭᠠᠳᠠᠭᠠᠳᠤ ᠤᠬᠠᠭᠤᠯᠭ᠎ᠠ  ᠪᠠᠨ ᠥᠷᠭᠡᠳᠬᠡᠨ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠡᠮᠡᠭᠳᠡᠭᠦᠯᠬᠦ ᠬᠡᠷᠡᠭᠲᠡᠶ︔ ᠠᠮᠤᠷ ᠲᠦᠪᠰᠢᠨ ᠲᠣᠭᠲᠠᠭᠤᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠯᠢ ᠬᠢᠵᠠᠭᠠᠷ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ︔ ︽ᠭᠤᠷᠪᠠᠨ ᠪᠤᠰᠤ︾ ᠶᠢ ᠬᠠᠮᠢᠶᠠᠷᠤᠨ ᠡᠵᠡᠮᠳᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠬᠤᠯᠪᠣᠭᠠᠯᠠᠨ ᠬᠠᠮᠢᠶᠠᠷᠤᠨ ᠡᠵᠡᠮᠳᠡᠬᠦ᠂ ᠵᠢᠭᠰᠠᠭᠠᠨ ᠪᠠᠶᠢᠴᠠᠭᠠᠬᠤ᠂ ᠴᠡᠭᠴᠡᠯᠡᠬᠦ ᠪᠠ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠳᠬᠠᠬᠤ ᠬᠡᠷᠡᠭᠲᠡᠢ︔ ᠦᠢᠯᠡᠴᠢᠯᠡᠭᠡᠨ ᠤ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶᠠᠷᠤᠯᠲᠠ ᠶᠢᠨ ᠡᠯ᠎ᠡ ᠵᠦᠢᠯ ᠤᠨ ᠳᠥᠷᠢᠮ ᠢ ᠴᠢᠨᠠᠭᠰᠢᠳᠠ ᠲᠡᠭᠦᠯᠳᠡᠷᠵᠢᠭᠦᠯᠵᠦ᠂ ᠬᠢᠯᠢ ᠬᠢᠵᠠᠭᠠᠷ ᠲᠤ ᠬᠤᠯᠪᠣᠭᠳᠠᠭᠰᠠᠨ ᠬᠡᠷᠡᠭ ᠶᠠᠪᠤᠳᠠᠯ ᠢ ᠵᠣᠬᠢᠴᠠᠭᠤᠯᠤᠨ ᠬᠠᠮᠢᠶᠠᠷᠬᠤ ᠠᠵᠢᠯ ᠢ ᠴᠢᠩᠭᠠᠳᠬᠠᠬᠤ ᠬᠡᠷᠡᠭᠲᠡᠢ︔ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠠᠳᠤ ᠶᠠᠪᠤᠳᠠᠯ ᠤᠨ ᠺᠠᠳ᠋ᠷ ᠤᠨ ᠡᠩᠨᠡᠭᠡᠨ ᠤ ᠪᠠᠢᠭᠤᠯᠤᠯᠲᠠ ᠶᠢ ᠴᠢᠩᠭᠠᠳᠬᠠᠵᠤ᠂ ᠭᠠᠳᠠᠭᠠᠳᠤ ᠶᠠᠪᠤᠳᠠᠯ ᠤᠨ ᠠᠵᠢᠯ ᠤᠨ ᠡᠩᠨᠡᠭᠡᠨ ᠤ ᠶᠡᠷᠥᠩᠬᠡᠶᠢᠯᠡᠭᠰᠡᠨ ᠬᠡᠪ ᠴᠢᠨᠠᠷ ᠪᠠ ᠲᠤᠰᠬᠠᠶᠢᠵᠢᠭᠰᠠᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠪᠠᠨ ᠭᠠᠳᠠᠭᠠᠳᠤ ᠶᠠᠪᠤᠳᠠᠯ ᠤᠨ ᠠᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号