ᠪᠦᠬᠦ ᠬᠤᠰᠢᠭᠤᠨ ᠤ ᠠᠩᠬᠠᠳᠤᠭᠠᠷ ᠤᠳᠠᠭᠠᠨ ᠤ ︽ᠭᠠᠶᠢᠬᠠᠮᠰᠢᠭᠲᠤ ᠮᠤᠩᠭᠤᠯ ᠬᠡᠯᠡ︾ ᠳᠦᠷᠢᠮᠵᠢᠭᠦᠨ ᠪᠢᠴᠢᠯᠭᠡ᠂ ᠵᠦᠪ ᠪᠢᠴᠢᠯᠭᠡ᠂ ᠤᠷᠠᠨ ᠲᠤᠳᠤ ᠤᠩᠰᠢᠯᠭ᠎ᠠ ᠶᠢᠨ ᠤᠷᠤᠯᠳᠤᠭᠠᠨ ᠶᠠᠪᠤᠭᠳᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2020/6/1
      ᠡᠨᠡ ᠵᠢᠯ ᠤᠨ 5 ᠳ᠋ᠤᠭᠠᠷ ᠰᠠᠷ᠎ᠠ ᠶᠢᠨ 1᠎ ᠤ ᠡᠳᠦᠷ ᠪᠤᠯ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠬᠡᠷᠡᠭᠵᠢᠭᠦᠯᠦᠭᠳᠡᠭᠰᠡᠨ 15 ᠵᠢᠯ ᠤᠨ ᠤᠢ ᠪᠤᠯᠤᠨ᠎ᠠ᠃ 5 ᠰᠠᠷ᠎ᠠ ᠶᠢᠨ 29᠎ ᠤ ᠡᠳᠦᠷ᠂ ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠭᠤᠤᠯᠯᠠᠨ ᠡᠷᠬᠢᠯᠡᠵᠦ᠂ ᠬᠤᠰᠢᠭᠤ ᠨᠤᠮ ᠤᠨ ᠰᠠᠩ᠂ ᠤᠯᠠᠭᠠᠨᠮᠦ᠋ᠴᠢᠷ ᠠᠴᠠ ᠳᠠᠭᠠᠭᠠᠴᠢᠯᠠᠨ ᠶᠠᠪᠤᠭᠳᠠᠭᠤᠯᠤᠭᠰᠠᠨ ᠪᠦᠬᠦ ᠬᠤᠰᠢᠭᠤᠨ ᠤ ᠠᠩᠬᠠᠳᠤᠭᠠᠷ ᠤᠳᠠᠭᠠᠨ ᠤ ︽ᠭᠠᠶᠢᠬᠠᠮᠰᠢᠭᠲᠤ ᠮᠤᠩᠭᠤᠯ ᠬᠡᠯᠡ︾ ᠳᠦᠷᠢᠮᠵᠢᠭᠦᠨ ᠪᠢᠴᠢᠯᠭᠡ᠂ ᠵᠦᠪ ᠪᠢᠴᠢᠯᠭᠡ᠂ ᠤᠷᠠᠨ ᠲᠤᠳᠤ ᠤᠩᠰᠢᠯᠭ᠎ᠠ ᠶᠢᠨ ᠤᠷᠤᠯᠳᠤᠭᠠᠨ ᠲᠡᠭᠦᠰ ᠠᠮᠵᠢᠯᠲᠠᠲᠡᠢ ᠦᠨᠳᠦᠷᠯᠡᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠨᠢᠭᠡᠳᠦᠮᠡᠯ ᠹᠷᠤᠨᠲ ᠤᠨ ᠬᠡᠯᠲᠡᠰ ᠤᠨ ᠳᠠᠷᠤᠭ᠎ᠠ ᠪᠠᠲᠤᠮᠦ᠋ᠩᠬᠡ ᠱᠠᠩᠨᠠᠯ ᠤᠯᠭᠤᠬᠤ ᠶᠤᠰᠤᠯᠠᠯ ᠳᠤ ᠤᠷᠤᠯᠴᠠᠵᠤ ᠱᠠᠩᠨᠠᠯ ᠭᠠᠷᠳᠠᠭᠤᠯᠵᠠᠢ᠃      ᠤᠷᠤᠯᠳᠤᠭᠠᠨ ᠨᠢ ᠪᠤᠯᠤᠳ ᠪᠢᠷ ᠤᠨ ᠳᠦᠷᠢᠮᠵᠢᠭᠦᠨ ᠪᠢᠴᠢᠯᠭᠡ᠂ ᠤᠷᠠᠨ ᠲᠤᠳᠤ ᠤᠩᠰᠢᠯᠭ᠎ᠠ ᠶᠢᠨ ᠰᠢᠩᠭᠡᠭᠡᠯᠲᠡ᠂ ᠵᠦᠪ ᠪᠢᠴᠢᠯᠭᠡ ᠵᠡᠷᠭᠡ ᠲᠦᠷᠦᠯ ᠵᠦᠢᠯ ᠬᠤᠪᠢᠶᠠᠨ ᠶᠠᠪᠤᠭᠳᠠᠵᠤ᠂ ᠪᠦᠬᠦ ᠬᠤᠰᠢᠭᠤᠨ ᠤ ᠡᠯ᠎ᠡ ᠬᠠᠷᠢᠶ᠎ᠠ ᠪᠠᠶᠢᠭᠤᠯᠭ᠎ᠠ᠂ ᠡᠯ᠎ᠡ ᠰᠤᠮᠤ ᠪᠠᠯᠭᠠᠰᠤ᠂ ᠰᠤᠷᠭᠠᠭᠤᠯᠢ᠂ ᠠᠵᠤ ᠠᠬᠤᠶᠢᠯᠠᠯ ᠤᠨ ᠬᠢᠨ ᠤ ᠠᠩᠬᠠᠨ ᠤ ᠰᠢᠯᠭᠠᠷᠠᠭᠤᠯᠤᠯᠲᠠ ᠪᠠᠷ ᠳᠠᠮᠵᠢᠨ ᠰᠤᠩᠭᠤᠭᠳᠠᠭᠰᠠᠨ 76 ᠨᠡᠷ᠎ᠡ ᠤᠷᠤᠯᠴᠠᠭᠴᠢ ᠪᠡᠯᠡᠳᠬᠡᠯ ᠤᠷᠤᠯᠳᠤᠭᠠᠨ ᠳᠤ ᠢᠳᠡᠪᠬᠢᠯᠡᠨ ᠤᠷᠤᠯᠴᠠᠵᠤ ᠦᠷᠢᠰᠦᠯᠳᠦᠵᠡᠢ᠃      ᠬᠤᠷᠴᠠ ᠰᠢᠷᠦᠭᠦᠨ ᠦᠷᠢᠰᠦᠯᠳᠦᠭᠡᠨ᠂ ᠲᠦᠪ ᠭᠤᠤᠯᠴᠢ ᠬᠢᠨᠠᠨ ᠰᠢᠯᠭᠠᠷᠠᠭᠤᠯᠤᠯᠲᠠ ᠪᠠᠷ ᠳᠠᠮᠵᠢᠨ ᠬᠤᠰᠢᠭᠤ ᠤᠯᠠᠭᠠᠨᠮᠦ᠋ᠴᠢᠷ ᠤᠨ ᠨᠤᠷᠪᠤᠰᠠᠩ  ᠲᠡᠷᠢᠭᠦᠯᠡᠵᠦ᠂ ᠬᠤᠰᠢᠭᠤ ᠮᠤᠩᠭᠤᠯ ᠦᠨᠳᠦᠰᠦᠳᠡᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠡᠷᠳᠡᠨᠢᠪᠤᠯᠤᠷ᠂ ᠮᠠᠨᠳᠠᠷᠠᠸ᠎ᠠ ᠲᠡᠳ᠋ᠯᠡᠵᠦ᠂ ᠬᠤᠰᠢᠭᠤ ᠮᠤᠩᠭᠤᠯ ᠦᠨᠳᠦᠰᠦᠳᠡᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠮᠠᠨᠤᠬᠤᠸᠠᠷ᠂ ᠬᠠᠰᠡᠷᠳᠡᠨᠢ ᠪᠤᠯᠤᠨ ᠬᠤᠰᠢᠭᠤ ᠮᠤᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠮᠦᠩᠭᠦᠠᠭᠤᠤᠯ ᠭᠤᠷᠪᠠᠳᠤᠭᠠᠷ ᠨᠡᠷ᠎ᠡ ᠳᠤ ᠲᠤᠳᠤᠷᠠᠵᠠᠢ᠃ ᠤᠷᠤᠯᠳᠤᠭᠠᠨ ᠳᠤ ᠪᠠᠰᠠ ᠰᠢᠯᠢᠳᠡᠭ ᠲᠡᠰ ᠲᠤ ᠲᠤᠳᠤᠷᠠᠭᠰᠠᠳ ᠪᠠ ᠲᠡᠷᠢᠭᠦᠨ ᠤ ᠬᠠᠮᠳᠤ ᠨᠢᠭᠡᠴᠡ ᠶᠢ ᠱᠠᠩᠨᠠᠨ ᠬᠦᠬᠢᠭᠦᠯᠵᠡᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号