ᠬᠤᠰᠢᠭᠤ ᠤᠯᠠᠭᠠᠨᠮᠥ᠋ᠴᠢᠷ ︽ᠤᠯᠠᠭᠠᠨᠮᠦᠴᠢᠷ ᠤᠨ ᠵᠤᠷᠢᠭ ᠰᠠᠨᠠᠭᠠᠨ ᠤ ᠴᠠᠭ ᠦᠶ᠎ᠡ ᠶᠢᠨ ᠦᠨ᠎ᠡ ᠦᠷᠲᠡᠭ︾ ᠭᠤᠤᠯ ᠰᠡᠳᠦᠪᠲᠦ ᠨᠠᠮ ᠤᠨ ᠬᠢᠴᠢᠶᠡᠯ ᠦᠷᠨᠢᠭᠦᠯᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2020/6/10
      6 ᠰᠠᠷ᠎ᠠ ᠶᠢᠨ 5᠎ ᠤ ᠡᠳᠦᠷ᠂  ᠬᠤᠰᠢᠭᠤ ᠤᠯᠠᠭᠠᠨᠮᠥ᠋ᠴᠢᠷ ︽ᠤᠯᠠᠭᠠᠨᠮᠥ᠋ᠴᠢᠷ ᠤᠨ ᠵᠣᠷᠢᠭ ᠰᠠᠨᠠᠭᠠᠨ ᠤ ᠴᠠᠭ ᠦᠶ᠎ᠡ ᠶᠢᠨ ᠦᠨ᠎ᠡ ᠥᠷᠲᠡᠭ︾ ᠭᠡᠬᠦ ᠭᠤᠤᠯ ᠰᠡᠳᠦᠪᠲᠦ ᠨᠠᠮ ᠤᠨ ᠬᠢᠴᠢᠶᠡᠯ ᠦᠷᠨᠢᠭᠦᠯᠵᠦ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠨᠠᠰᠣᠨᠳᠡᠯᠭᠡᠷ ᠢ ᠤᠷᠢᠵᠤ ᠪᠦᠬᠦ ᠲᠣᠭᠯᠠᠭᠴᠢᠳ‌‍ᠲ᠋ᠤ ᠪᠠᠨ ᠨᠠᠮ ᠤᠨ ᠬᠢᠴᠢᠶᠡᠯ ᠣᠷᠤᠭᠤᠯᠪᠠ᠃      ᠨᠠᠰᠤᠨᠳᠡᠯᠭᠡᠷ ᠪᠠᠭᠰᠢ ᠠᠴᠠ ︽ᠤᠯᠠᠭᠠᠨᠮᠥ᠋ᠴᠢᠷ ᠤᠨ ᠵᠣᠷᠢᠭ ᠰᠠᠨᠠᠭᠠᠨ ᠤ ᠴᠠᠭ ᠦᠶ᠎ᠡ ᠶᠢᠨ ᠦᠨ᠎ᠡ ᠥᠷᠲᠡᠭ ᠢ ᠪᠠᠳᠠᠷᠠᠭᠤᠯᠬᠤ  ︾᠎ ᠪᠠᠷ ᠰᠡᠳᠦᠪᠯᠡᠵᠦ᠂ ᠤᠭ ᠰᠠᠨᠠᠭ᠎ᠠ ᠪᠠᠨ ᠦᠯᠦ ᠮᠠᠷᠲᠠᠨ᠂ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠬᠥᠭᠵᠢᠯᠲᠡ ᠶᠢᠨ ᠴᠢᠭᠯᠡᠯ ᠪᠠ ᠠᠷᠠᠳ ᠲᠦᠮᠡᠨ ᠢᠶᠠᠷ ᠭᠤᠤᠯᠯᠠᠬᠤ ᠦᠢᠯᠡᠴᠢᠯᠡᠭᠡᠨ ᠤ ᠤᠬᠠᠮᠰᠠᠷ ᠢ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠨᠡᠶᠢᠭᠡᠮ ᠵᠢᠷᠤᠮ ᠤᠨ ᠰᠣᠶᠣᠯ ᠤᠨ ᠤᠬᠠᠮᠰᠠᠷᠲᠦ ᠴᠢᠨᠠᠷ ᠪᠠ ᠬᠠᠷᠢᠭᠤᠴᠠᠯᠭᠠᠲᠦ ᠵᠣᠷᠢᠭ ᠰᠠᠨᠠᠭ᠎ᠠ ᠶᠢ  ᠪᠠᠷᠢᠮᠲᠠᠯᠠᠬᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠣᠶᠢᠯᠠᠭᠠᠭᠳᠠᠬᠤᠨ ᠪᠠ ᠠᠷᠭ᠎ᠠ ᠪᠠᠷᠢᠯ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠭᠤᠯᠭ᠎ᠠ ᠪᠠ ᠬᠡᠯᠪᠡᠷᠢ ᠶᠢ ᠠᠭᠤᠰᠤᠯᠴᠠᠭᠤᠯᠤᠭᠰᠠᠨ ᠭᠦᠨᠵᠡᠭᠡᠢ ᠰᠢᠨ᠎ᠡ ᠶᠢ ᠡᠭᠦᠳᠬᠦ ᠵᠡᠷᠭᠡ ᠭᠤᠷᠪᠠᠨ ᠲᠠᠯ᠎ᠠ ᠪᠠᠷ ᠤᠯᠠᠭᠠᠨᠮᠥ᠋ᠴᠢᠷ ᠤᠨ ᠵᠣᠷᠢᠭ ᠰᠠᠨᠠᠭᠠᠨ ᠤ ᠴᠠᠭ ᠦᠶ᠎ᠡ ᠶᠢᠨ ᠦᠨ᠎ᠡ ᠥᠷᠲᠡᠭ  ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠦᠷᠢ ᠬᠢᠵᠠᠢ᠃ ᠤᠯᠠᠭᠠᠨᠮᠥ᠋ᠴᠢᠷ ᠤᠨ ᠭᠡᠰᠢᠭᠦᠳ ᠠᠴᠠ ᠡᠨᠡ ᠪᠣᠯ ᠨᠢᠭᠡᠨ ᠣᠳᠠᠭᠠᠨ ᠤ ︽ᠠᠮᠢᠳᠤᠯᠢᠭ ᠨᠠᠮ ᠤᠨ ᠬᠢᠴᠢᠶᠡᠯ︾  ᠂  ᠪᠢᠳᠡᠨ ᠳᠤ ᠮᠠᠰᠢ ᠶᠡᠭᠡ ᠵᠣᠷᠢᠭᠵᠢᠭᠤᠯᠤᠯ ᠪᠤᠯᠤᠭᠰᠠᠨ ᠪᠠᠶᠢᠨ᠎ᠠ᠂ ᠬᠤᠶᠢᠰᠢᠳᠠ ᠶᠢᠨ ᠠᠵᠢᠯ ᠠᠮᠢᠳᠦᠷᠠᠯ ᠳᠤᠮᠳᠠ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠤᠯᠠᠮ ᠢᠯᠡᠭᠦᠣ ᠰᠤᠷᠤᠯᠴᠠᠨ ᠪᠠᠳᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠤᠳᠬ᠎ᠠ ᠤᠷᠠᠯᠢᠭ ᠤᠨ ᠠᠵᠢᠯᠲᠠᠨ ᠳᠤ ᠥᠭᠭᠦᠭᠰᠡᠨ ᠴᠢᠬᠤᠯᠠ ᠵᠢᠭᠠᠪᠤᠷᠢ ᠶᠢ ᠨᠠᠶᠢᠳᠠᠪᠣᠷᠢᠵᠢᠭᠤᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠳᠤ ᠦᠢᠯᠡᠴᠢᠯᠡᠨ᠂ ᠨᠡᠩ ᠤᠯᠠᠨ ᠰᠢᠯᠢᠳᠡᠭ ᠪᠦᠲᠦᠭᠡᠯ ᠢ ᠴᠢᠷᠮᠠᠶᠢᠨ ᠪᠦᠲᠦᠭᠡᠨ᠎ᠡ ᠭᠡᠵᠡᠢ᠃      ᠤᠯᠠᠭᠠᠨᠮᠥ᠋ᠴᠢᠷ ᠤᠨ ᠵᠣᠷᠢᠭ ᠰᠠᠨᠠᠭ᠎ᠠ ᠪᠣᠯ ᠨᠠᠮ ᠤᠨ ᠰᠣᠷᠭᠠᠨ ᠬᠥᠮᠦᠵᠢᠯ ᠳᠣᠣᠷ᠎ᠠ ᠮᠠᠯᠴᠢᠨ ᠲᠠᠷᠢᠶᠠᠴᠢᠳ ᠲᠤ ᠦᠢᠯᠡᠴᠢᠯᠡᠬᠦ ᠦᠢᠯᠡᠳᠦᠯᠭᠡ ᠶᠢᠨ ᠳᠠᠪᠲᠠᠯᠲᠠ ᠳᠤᠮᠳᠠ ᠠᠯᠬᠤᠮ ᠠᠯᠬᠤᠮ ᠢᠶᠠᠷ ᠪᠦᠷᠢᠯᠳᠦᠭᠰᠡᠨ ᠮᠠᠨ ᠤ ᠨᠠᠮ ᠤᠨ ︽ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ︾  ᠵᠤᠷᠢᠯᠲᠠ ᠶᠢᠨ ᠤᠳᠬ᠎ᠠ ᠤᠷᠠᠯᠢᠭ ᠤᠨ ᠡᠩᠨᠡᠭᠡᠨ ᠳᠠᠬᠢ ᠠᠮᠢᠳᠤᠯᠢᠭ ᠢᠯᠡᠷᠡᠯ ᠪᠣᠯᠤᠨ᠎ᠠ᠃ ᠴᠠᠭ ᠦᠶ᠎ᠡ ᠶᠢᠨ ᠬᠥᠭᠵᠢᠯᠲᠡ ᠪᠠ ᠤᠯᠠᠭᠠᠨᠮᠥ᠋ᠴᠢᠷ ᠤᠨ ᠦᠰᠦᠨ ᠪᠤᠶᠢᠵᠢᠬᠤ ᠶᠢ ᠳᠠᠭᠠᠯᠳᠤᠨ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠲᠠᠰᠤᠷᠠᠯᠲᠠ ᠦᠭᠡᠢ ᠪᠠᠶᠠᠯᠢᠭᠵᠢᠵᠤ᠂ ᠨᠢᠭᠡᠨᠲᠡ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠣᠶᠤᠨ ᠰᠠᠨᠠᠭᠠᠨ ᠤ ᠲᠤᠯᠭᠠᠭᠤᠷᠢ ᠪᠣᠯᠤᠭᠰᠠᠨ ᠪᠥᠭᠡᠳ ᠮᠠᠨ ᠤ ᠬᠤᠰᠢᠭᠤᠨ ᠤ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠡᠷᠬᠢᠮ ᠨᠠᠨᠳᠢᠨ ᠥᠪ ᠬᠥᠷᠥᠩᠭᠡ ᠪᠣᠯᠣᠭᠰᠠᠨ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号