ᠮᠠᠨ ᠤ ᠬᠤᠰᠢᠭᠤᠨ ᠤ ᠡᠯ᠎ᠡ ᠬᠡᠤᠬᠡᠳ ᠤᠨ ᠴᠡᠴᠡᠷᠯᠢᠭ ᠰᠤᠷᠭᠠᠭᠤᠯᠢ ᠡᠬᠢᠯᠡᠯ᠎ᠡ
ᠨᠡᠶᠢᠲᠡᠯᠡᠭᠰᠡᠨ ᠴᠠᠭ᠄
2020/6/10
      ᠬᠡᠤᠬᠡᠳ ᠤᠨ ᠴᠡᠴᠡᠷᠯᠢᠭ ᠨᠢ ᠰᠤᠷᠭᠠᠭᠤᠯᠢ ᠡᠬᠢᠯᠡᠵᠦ᠂ ᠬᠦᠭᠡᠷᠦᠭᠦᠨ ᠬᠡᠤᠬᠡᠳ ᠤᠳ ᠪᠢᠴᠢᠬᠠᠨ ᠨᠠᠶᠢᠵᠠ ᠨᠠᠷ ᠲᠠᠢ ᠪᠠᠨ ᠪᠠᠶᠠᠷ ᠬᠦᠷ ᠲᠠᠢ ᠪᠠᠷ ᠠᠭᠤᠯᠵᠠᠵᠤ᠂ ᠪᠠᠭᠰᠢ ᠨᠠᠷ ᠲᠠᠢ ᠪᠠᠨ ᠮᠡᠨᠳᠦᠴᠢᠯᠡᠨ᠂ ᠰᠢᠨ᠎ᠡ ᠨᠢᠭᠡᠨ ᠰᠤᠷᠤᠯᠭ᠎ᠠ ᠶᠢᠨ ᠬᠤᠭᠤᠴᠠᠭ᠎ᠠ ᠪᠠᠨ ᠬᠦᠷ ᠬᠦᠭᠵᠢᠶᠡᠨ ᠲᠠᠢ ᠪᠠᠷ ᠡᠬᠢᠯᠡᠭᠦᠯᠦᠯ᠎ᠡ᠃      ᠡᠯ᠎ᠡ ᠴᠡᠴᠡᠷᠯᠢᠭ ᠨᠢ ᠰᠡᠷᠭᠡᠶᠢᠯᠡᠨ ᠡᠵᠡᠮᠳᠡᠬᠦ ᠳᠦᠷᠢᠮ ᠲᠤᠭᠲᠠᠭᠠᠯ᠂ ᠲᠤᠨᠤᠭ ᠲᠦᠬᠦᠭᠡᠷᠦᠮᠵᠢ ᠪᠠᠨ ᠪᠦᠷᠢᠨᠰᠢᠭᠦᠯᠵᠦ᠂ ᠪᠦᠬᠦ ᠲᠠᠯ᠎ᠠ ᠶᠢᠨ ᠪᠡᠯᠡᠳᠬᠡᠯ ᠢᠶᠠᠨ ᠰᠠᠶᠢᠲᠦᠷ ᠬᠢᠵᠦ ᠪᠠᠷᠢᠮᠵᠢᠶᠠᠨ ᠳᠤ ᠨᠡᠶᠢᠴᠡᠭᠰᠡᠨ ᠢᠶᠠᠷ ᠦᠨᠦᠳᠦᠷ ᠶᠡᠭᠡ ᠠᠩᠭᠢ ᠶᠢᠨ ᠬᠡᠤᠬᠡᠳ ᠤᠳ ᠢᠶᠠᠨ ᠤᠭᠲᠤᠵᠠᠢ᠃ ᠴᠡᠴᠡᠷᠯᠢᠭ ᠤᠨ ᠡᠭᠦᠳᠡᠨ ᠳᠤ᠂ ᠭᠡᠷ ᠤᠨ ᠠᠬᠠᠮᠠᠳ ᠤᠳ ᠬᠡᠤᠬᠡᠳ ᠢᠶᠠᠨ ᠳᠠᠭᠠᠭᠤᠯᠤᠨ᠂ ᠠᠮᠠᠪᠴᠢ ᠵᠡᠭᠦᠨ᠂ ᠬᠤᠭᠤᠷᠤᠨᠲᠤ ᠪᠠᠨ ᠨᠢᠭᠡ ᠮᠧᠲᠷ ᠵᠠᠶᠢᠲᠠᠢ ᠮᠦᠷᠯᠡᠨ᠂ ᠬᠤᠶᠠᠷ ᠤᠳᠠᠭᠠᠨ ᠤ ᠪᠡᠶ᠎ᠡ ᠶᠢᠨ ᠳᠤᠯᠠᠭᠠᠨ ᠤ ᠬᠡᠮᠵᠢᠯᠲᠡ ᠬᠢᠵᠦ ᠪᠠᠷᠠᠭᠰᠠᠨ ᠤ ᠳᠠᠷᠠᠭ᠎ᠠ᠂ ᠪᠠᠭᠰᠢ ᠶᠢᠨ ᠳᠠᠭᠠᠭᠤᠯᠭ᠎ᠠ ᠳᠤᠤᠷ᠎ᠠ ᠠᠩᠭᠢ ᠳᠠᠭᠠᠨ ᠬᠦᠷᠴᠦ ᠪᠢᠴᠢᠬᠠᠨ ᠨᠠᠶᠢᠵᠠ ᠨᠠᠷ ᠲᠠᠢ ᠪᠠᠨ ᠠᠭᠤᠯᠵᠠᠯᠳᠤᠨ ᠬᠦᠭᠡᠷᠦᠯᠳᠦᠯ᠎ᠡ᠃ ᠡᠯ᠎ᠡ ᠠᠵᠢᠯ ᠤᠨ ᠪᠠᠶᠢᠷᠢ ᠶᠢᠨ ᠪᠠᠭᠰᠢ ᠨᠠᠷ ᠲᠤᠬᠠᠢ ᠶᠢᠨ ᠲᠠᠯᠠᠪᠠᠢ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠬᠠᠷᠢᠭᠤᠴᠠᠭᠰᠠᠨ ᠠᠵᠢᠯ ᠢᠶᠠᠨ ᠨᠠᠷᠢᠨ ᠬᠢᠨᠠᠮᠠᠭᠠᠢ ᠪᠡᠶᠡᠯᠡᠭᠦᠯᠵᠦ᠂ ᠬᠡᠤᠬᠡᠳ ᠤᠳ ᠤᠨ ᠴᠡᠴᠡᠷᠯᠢᠭ ᠲᠡᠭᠡᠨ ᠪᠤᠴᠠᠬᠤ ᠳᠤ ᠠᠮᠤᠷ ᠲᠦᠪᠰᠢᠨ ᠤᠷᠴᠢᠨ ᠢ ᠪᠦᠷᠢᠯᠳᠦᠭᠦᠯᠵᠦ ᠦᠭᠴᠡᠢ᠃      ᠰᠤᠷᠭᠠᠭᠤᠯᠢ ᠡᠬᠢᠯᠡᠭᠰᠡᠨ ᠨᠢᠭᠡᠳᠦᠭᠡᠷ ᠬᠢᠴᠢᠶᠡᠯ ᠠᠴᠠ ᠡᠮᠦᠨ᠎ᠡ᠂ ᠬᠡᠤᠬᠡᠳ ᠤᠳ ᠦᠷᠯᠦᠭᠡᠨ ᠤ ᠴᠠᠢ ᠪᠠᠨ ᠠᠮᠲᠠᠷᠬᠠᠨ ᠤᠤᠭᠤᠴᠢᠬᠠᠭᠠᠳ ᠬᠢᠴᠢᠶᠡᠯ ᠢᠶᠠᠨ ᠡᠬᠢᠯᠡᠭᠦᠯᠵᠦ᠂ ᠪᠠᠭᠰᠢ ᠨᠠᠷ ᠠᠴᠠ ᠬᠡᠤᠬᠡᠳ ᠤᠳ ᠲᠤ ᠠᠷᠢᠭᠤᠨ ᠴᠡᠪᠡᠷ ᠢ ᠡᠷᠬᠢᠮᠯᠡᠬᠦ᠂ ᠠᠮᠠᠪᠴᠢ ᠪᠠᠨ ᠰᠠᠶᠢᠲᠤᠷ ᠵᠡᠭᠦᠬᠦ᠂ ᠭᠠᠷ ᠤᠬᠢᠶᠠᠬᠤ ᠵᠡᠷᠭᠡ ᠶᠢ ᠠᠩᠬᠠᠷᠤᠭᠤᠯᠤᠨ᠂ ᠬᠢᠵᠢᠭ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠨ ᠦᠭᠴᠦ᠂ ᠬᠡᠤᠬᠡᠳ ᠤᠳ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠨᠢ ᠨᠡᠮᠡᠭᠳᠡᠭᠦᠯᠵᠦ᠂ ᠠᠮᠤᠷ ᠲᠦᠪᠰᠢᠨ ᠤ ᠬᠦᠮᠦᠵᠢᠯ ᠬᠦᠷᠲᠡᠭᠡᠵᠡᠢ᠃      ᠤᠶᠢᠯᠠᠭᠠᠭᠰᠠᠨ ᠢᠶᠠᠷ᠂ ᠡᠯ᠎ᠡ ᠴᠡᠴᠡᠷᠯᠢᠭ ᠨᠢ ᠴᠡᠴᠡᠷᠯᠢᠭ ᠡᠬᠢᠯᠡᠬᠦ ᠮᠡᠳᠡᠭᠳᠡᠯ ᠢ ᠲᠤᠰᠤᠭᠰᠠᠨ ᠤ ᠳᠠᠷᠠᠭ᠎ᠠ᠂ ᠨᠠᠷᠢᠨ ᠨᠢᠮᠪᠡᠢ ᠲᠤᠬᠢᠷᠠᠭᠤᠯᠤᠨ ᠪᠠᠶᠢᠷᠢᠯᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠲᠤᠭᠲᠠᠭᠠᠨ᠂ ᠪᠦᠬᠦ ᠴᠡᠴᠡᠷᠯᠢᠭ ᠤᠨ ᠬᠡᠪᠴᠢᠶᠡᠨ ᠳᠤ ᠠᠷᠢᠭᠤᠳᠬᠠᠯ ᠤᠨ ᠠᠵᠢᠯ ᠦᠷᠨᠢᠭᠦᠯᠵᠦ᠂ ᠶᠡᠭᠡ ᠠᠩᠭᠢ᠂ ᠳᠤᠮᠳᠠ ᠠᠩᠭᠢ᠂ ᠪᠠᠭ᠎ᠠ ᠠᠩᠭᠢ ᠶᠢ ᠭᠤᠷᠪᠠᠨ ᠪᠦᠯᠦᠭ ᠬᠤᠪᠢᠶᠠᠨ ᠡᠳᠦᠷ ᠵᠦᠷᠢᠭᠦᠯᠡᠨ ᠰᠤᠷᠭᠠᠭᠤᠯᠢ ᠪᠠᠨ ᠡᠬᠢᠯᠡᠭᠦᠯᠵᠦ᠂  ᠬᠡᠤᠬᠡᠳ ᠤᠳ ᠢᠶᠠᠨ ᠤᠭᠳᠤᠨ ᠠᠪᠤᠭᠰᠠᠨ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号