ᠮᠠᠨ ᠤ ᠬᠤᠰᠢᠭᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠣᠭᠰᠠᠨ ᠪᠠᠶᠢᠨ᠎ᠠ
ᠨᠡᠶᠢᠲᠡᠯᠡᠭᠰᠡᠨ ᠴᠠᠭ᠄
2020/6/17
      ᠶᠡᠷᠦᠩᠬᠡᠶ ᠱᠦᠵᠢ ᠰᠢ ᠶᠢᠨ ᠫᠢᠩ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠦ᠂ ᠲᠡᠤᠬᠡ ᠵᠢᠨ‌‍ᠲ᠋ᠤᠷᠠᠰᠬᠠᠯᠲᠤ ᠵᠦᠢᠯᠡᠰ ‍ᠤᠨ‌ᠬᠠᠮᠠᠭᠠᠯᠠᠯᠲᠠ ᠶᠢᠨ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠵᠢᠨ‌ᠬᠤᠷᠢᠶᠠᠨ ᠤ ᠬᠤᠷᠠᠯ ᠤᠨ ᠬᠤᠯᠪᠣᠭᠳᠠᠯ ᠪᠥᠬᠦᠶ ᠵᠣᠷᠢᠭ ᠰᠠᠨᠠᠭ᠎ᠠ ᠪᠠ ᠪᠥᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠪᠤᠯᠪᠠᠰᠣᠷᠠᠯ ᠪᠤᠯᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠣᠷᠢᠵᠢᠭᠤᠯᠬᠤ ᠶᠢᠨ ᠲᠦᠯᠦᠭᠡ᠂  6 ᠰᠠᠷ᠎ᠠ ᠶᠢᠨ 12 ᠤ ᠡᠳᠦᠷ᠂ ᠮᠠᠨ ᠤ ᠬᠤᠰᠢᠭᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠵᠢᠨ‌ᠬᠤᠷᠠᠯ ᠬᠤᠷᠠᠯᠳᠣᠭᠤᠯᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ ᠬᠤᠷᠠᠯ ᠳᠤ ᠣᠷᠣᠯᠴᠠᠵᠤ᠂ ᠳᠡᠳ᠋ ᠬᠤᠰᠢᠭᠤ ᠳᠠᠷᠤᠭ᠎ᠠ ᠶᠣᠣ ᠬᠠᠶ ᠰᠢᠶᠠ ᠬᠤᠷᠠᠯ ᠢ ᠡᠷᠬᠢᠯᠠᠵᠠᠢ᠃      ᠬᠤᠷᠠᠯ ᠠᠴᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠳᠦᠷᠢᠮ︾ ᠢ ᠤᠯᠠᠮᠵᠢᠯᠠᠨ ᠰᠤᠷᠤᠯᠴᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠤ ᠬᠠᠮᠲᠦ ᠪᠦᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠪᠠᠶᠢᠷᠢᠯᠠᠭᠤᠯᠵᠠᠢ᠃      ᠰᠠᠷᠠᠭᠤᠯᠲᠤᠶᠠᠭ᠎ᠠ ᠶᠠᠷᠢᠶᠠᠨ ᠳᠠᠭᠠᠨ ᠵᠢᠭᠠᠭᠰᠠᠨ ᠨᠢ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠪᠣᠯ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠠ ᠲᠡᠦᠬᠡᠲᠦ ᠡᠭᠦᠷᠭᠡ ᠮᠥᠨ᠂ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠨᠠᠶᠢᠳᠠᠪᠣᠷᠢᠵᠢᠭᠤᠯᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠴᠢᠬᠤᠯᠠ ᠨᠥᠬᠦᠴᠡᠯ ᠢ ᠨᠠᠶᠢᠳᠠᠪᠣᠷᠢᠵᠢᠭᠤᠯᠬᠤ ᠦᠨᠳᠦᠷᠴᠡ ᠠᠴᠠ᠂  ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠬᠤ ᠦᠨᠳᠦᠷᠴᠡ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ  ᠶᠢᠨ ᠣᠳᠣᠬᠢᠴᠢᠯᠠᠯᠲᠠ ᠶᠢ ᠳᠡᠭᠡᠭᠰᠢᠯᠡᠭᠦᠯᠬᠦ ᠦᠨᠳᠦᠷᠴᠡ ᠠᠴᠠ ᠲᠡᠤᠬᠡ ᠶᠢᠨ ᠳᠤᠷᠠᠰᠬᠠᠯᠲᠤ  ᠵᠦᠢᠯᠡᠰ ᠢ ᠬᠠᠮᠠᠭᠠᠯᠠᠬᠤ ᠠᠵᠢᠯ ᠢ ᠬᠢᠨᠠᠮᠠᠭᠠᠶ ᠰᠠᠶᠢᠲᠤᠷ  ᠠᠳᠬᠤᠬᠤ ᠬᠡᠷᠡᠭᠲᠠᠢ ᠭᠡᠵᠡᠢ᠃      ᠰᠠᠷᠠᠭᠤᠯᠲᠤᠶᠠᠭ᠎ᠠ ᠱᠠᠭᠠᠷᠳᠠᠭᠰᠠᠨ ᠨᠢ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠬᠡᠪ ᠵᠠᠭᠪᠤᠷ ᠢ ᠰᠢᠨᠡᠴᠢᠯᠡᠵᠦ᠂ ᠰᠢᠨ᠎ᠡ ᠵᠠᠭᠤᠴᠢᠯᠠᠭᠤᠷ ᠢ ᠠᠰᠢᠭᠯᠠᠨ᠂ ᠤᠯᠠᠨ ᠵᠦᠢᠯ ᠤᠨ ᠬᠡᠯᠪᠡᠷᠢ ᠪᠠᠷ ᠲᠡᠤᠬᠡ ᠶᠢᠨ ᠳᠤᠷᠠᠰᠬᠠᠯᠲᠤ ᠵᠦᠢᠯᠡᠰ ᠤᠨ ᠮᠡᠳᠡᠯᠭᠡ ᠶᠢ ᠤᠬᠠᠭᠤᠯᠬᠤ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠯ᠎ᠡ ᠵᠦᠢᠯ ᠤᠨ ᠡᠭᠦᠷᠭᠡ ᠶᠢ ᠪᠤᠲᠠᠲᠠᠶᠢᠵᠢᠭᠤᠯᠤᠨ᠂   ᠳᠥᠰᠥᠯᠵᠢᠭᠦᠯᠦᠨ᠂ ᠳᠠᠩᠰᠠ ᠡᠪᠬᠡᠮᠡᠯᠵᠢᠭᠦᠯᠵᠦ᠂ ᠡᠭᠦᠷᠭᠡ ᠶᠢᠨ ᠱᠠᠭᠠᠷᠳᠠᠯᠭ᠎ᠠ ᠶᠢ ᠲᠣᠳᠤᠷᠬᠠᠶᠢᠯᠠᠨ᠂ ᠴᠠᠭ ᠤᠨ ᠬᠤᠪᠢᠶᠠᠷᠢ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠨᠢᠭᠡ ᠨᠢᠭᠡ ᠪᠠᠷ ᠠᠬᠢᠭᠤᠯᠤᠨ ᠨᠠᠶᠢᠳᠠᠪᠦᠷᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠶᠡᠬᠡᠪᠡᠷ ᠵᠢᠭᠰᠠᠭᠠᠨ ᠪᠠᠶᠢᠴᠠᠭᠠᠬᠤ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ᠮᠠᠨ ᠤ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠰᠣᠳᠣᠯᠣᠨ ᠪᠠᠶᠢᠴᠠᠭᠠᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠡᠷᠢᠵᠦ ᠣᠯᠣᠨ᠂ ᠨᠠᠷᠢᠯᠢᠭ ᠣᠨᠣᠪᠴᠢᠲᠠᠢ ᠪᠠᠷ ᠬᠦᠴᠦᠯᠡᠵᠦ᠂ ᠠᠯᠳᠠᠭ᠎ᠠ ᠭᠠᠷᠬᠤ ᠶᠢ ᠬᠤᠷᠢᠭᠯᠠᠬᠤ ᠬᠡᠷᠡᠭᠲᠡᠢ᠃ ︽ᠬᠠᠭᠤᠴᠢᠨ ᠢᠶᠠᠨ ᠵᠠᠰᠠᠬᠤ ᠳᠤ ᠤᠭ ᠳᠦᠷᠰᠦ ᠶᠢ ᠨᠢ ᠦᠯᠡᠳᠡᠭᠡᠵᠦ᠂ ᠪᠦᠲᠦᠭᠡᠯᠴᠢ ᠴᠢᠨᠠᠷᠲᠠᠶ ᠡᠪᠳᠡᠯᠡᠭᠡ ᠶᠢ ᠰᠡᠷᠭᠡᠶᠢᠯᠡᠬᠦ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ  ᠲᠤᠤᠱᠯᠠᠭᠤᠯᠵᠦ᠂ ᠰᠡᠯᠪᠢᠨ ᠵᠠᠰᠠᠵᠤ ᠬᠠᠮᠠᠭᠠᠯᠠᠬᠤ ᠠᠵᠢᠯ ᠢ ᠱᠠᠯᠠᠪᠳᠠᠨ ᠬᠢᠬᠦ ᠬᠡᠷᠡᠭᠲᠡᠶ᠃ ᠲᠡᠤᠬᠡ ᠶᠢᠨ ᠳᠤᠷᠠᠰᠬᠠᠯᠲᠤ  ᠵᠦᠢᠯᠡᠰ ᠤᠨ ᠠᠮᠤᠷ ᠲᠦᠪᠰᠢᠨ ᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠭᠦᠨᠵᠡᠭᠡᠶ ᠨᠠᠶᠢᠳᠠᠪᠣᠷᠢᠵᠢᠭᠤᠯᠵᠦ᠂ ᠮᠦᠽᠧᠶ᠂ ᠰᠣᠶᠣᠯ ᠤᠨ ᠪᠠᠲᠤᠯᠠᠭ᠎ᠠ ᠶᠢᠨ ᠨᠢᠭᠡᠴᠡ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ  ᠰᠢᠰᠲ᠋ᠧᠮ ᠶᠢ ᠪᠦᠷᠢᠨᠰᠢᠭᠦᠯᠬᠦ ᠬᠡᠷᠡᠭᠲᠠᠢ ᠭᠡᠵᠡᠢ᠃      ᠶᠣᠣ ᠬᠠᠢ ᠰᠢᠶᠠ ᠬᠤᠷᠠᠯ ᠳᠤ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠤᠬᠤᠯᠠᠪᠤᠷᠢ ᠳᠡᠭᠡᠷ᠎ᠡ ᠨᠢᠭᠡᠳᠬᠡᠵᠦ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠰᠢᠢᠳᠪᠦᠷᠢᠲᠦ ᠪᠤᠳᠣᠯᠭ᠎ᠠ ᠪᠠᠶᠢᠷᠢᠯᠠᠭᠤᠯᠤᠯᠲᠠ ᠳᠡᠭᠡᠷ᠎ᠡ  ᠨᠢᠭᠡᠳᠬᠡᠨ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠡᠤᠬᠡ ᠶᠢᠨ ᠳᠤᠷᠠᠰᠬᠠᠯᠲᠤ  ᠵᠦᠢᠯᠡᠰ ᠢ  ᠬᠠᠮᠠᠭᠠᠯᠠᠬᠤ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠭᠠᠤᠯᠬᠤ ᠬᠡᠷᠡᠭᠲᠡᠢ᠃ ᠬᠤᠶᠠᠷ ᠲᠤ᠂ ᠭᠤᠤᠯᠳᠠᠯᠭ᠎ᠠ ᠶᠢ ᠲᠤᠪᠤᠶᠢᠯᠭᠠᠨ᠂ ᠡᠭᠦᠷᠭᠡ ᠪᠠᠨ ᠲᠣᠳᠣᠷᠬᠠᠶᠢᠯᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠤᠨ ᠤ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠵᠡᠷᠭᠡ ᠠᠵᠢᠯ ᠲᠠᠢ ᠤᠶᠠᠯᠳᠤᠭᠤᠯᠤᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠳᠦᠷᠢᠮ︾ ᠢ ᠰᠤᠷᠤᠯᠴᠠᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠬᠤᠰᠢᠭᠤᠨ ᠤ ᠲᠡᠤᠬᠡ ᠶᠢᠨ ᠳᠤᠷᠠᠰᠬᠠᠯᠲᠤ  ᠵᠦᠢᠯᠡᠰ ᠤᠨ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠬᠤ ᠶᠢᠨ ᠬᠠᠮᠲᠤ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠤᠨ ᠡᠬᠡ ᠲᠠᠩᠰᠠ ᠪᠠ ᠲᠡᠤᠬᠡ ᠶᠢᠨ ᠳᠤᠷᠠᠰᠬᠠᠯᠲᠤ ᠵᠦᠢᠯᠡᠰ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠪᠠᠶᠢᠭᠤᠯᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠡᠯᠡ ᠮᠥᠩᠭᠦ  ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠢ ᠲᠡᠮᠡᠨᠴᠡᠨ ᠣᠯᠵᠦ᠂ ᠤᠯᠠᠨ ᠵᠦᠢᠯ ᠤᠨ ᠠᠷᠭ᠎ᠠ ᠮᠠᠶ᠋ᠢᠭ ᠪᠠ ᠠᠷᠭ᠎ᠠ ᠵᠠᠮ ᠢ ᠬᠡᠷᠡᠭᠯᠡᠨ ᠨᠡᠶᠢᠭᠡᠮ ᠤᠨ ᠲᠠᠯ᠎ᠠ ᠶᠢᠨ ᠢᠳᠡᠪᠬᠢᠵᠢᠯ ᠢ ᠲᠠᠶᠢᠴᠢᠯᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠭᠤᠷᠪᠠ ᠳᠤ  ᠂ ᠲᠡᠤᠬᠡ ᠶᠢᠨ ᠳᠤᠷᠠᠰᠬᠠᠯᠲᠤ  ᠵᠦᠢᠯᠡᠰ ᠤᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠣᠯᠤᠨ ᠠᠮᠤᠷ ᠲᠦᠪᠰᠢᠨ ᠤ ᠠᠵᠢᠯ ᠤᠨ ᠬᠠᠮᠢᠶ᠎ᠠ ᠪᠦᠬᠦᠢ ᠬᠠᠮᠲᠤᠷᠠᠭᠰᠠᠨ ᠬᠤᠷᠠᠯ ᠤᠨ ᠳᠦᠷᠢᠮ ᠢ ᠬᠢᠨᠠᠮᠠᠭᠠᠶ ᠬᠡᠷᠡᠭᠵᠢᠭᠦᠯᠵᠦ᠂ ᠠᠵᠢᠯ ᠤᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠲᠠᠨᠢᠵᠤ ᠠᠪᠤᠨ᠂ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠭᠰᠠᠨ ᠬᠦᠴᠦᠨ ᠢ ᠪᠦᠷᠢᠯᠳᠦᠭᠦᠯᠵᠦ᠂ ᠲᠡᠤᠬᠡ ᠶᠢᠨ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠡᠢ᠃      ᠬᠤᠰᠢᠭᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠬᠠᠮᠢᠶ᠎ᠠ ᠪᠦᠬᠦᠢ ᠨᠢᠭᠡᠴᠡ ᠪᠠ ᠡᠯ᠎ᠡ ᠰᠤᠮᠤ ᠪᠠᠯᠭᠠᠰᠤ ︵ᠲᠠᠯᠠᠪᠠᠢ︶ ᠶᠢᠨ ᠭᠤᠣᠯ ᠬᠠᠷᠢᠭᠤᠴᠠᠯᠭᠠᠲᠠᠨ᠂ ᠬᠤᠰᠢᠭᠤ ᠲᠡᠤᠬᠡ ᠶᠢᠨ ᠳᠤᠷᠠᠰᠬᠠᠯᠲᠤ ᠵᠦᠢᠯᠡᠰ ᠤᠨ ᠭᠠᠵᠠᠷ᠂ ᠦᠵᠦᠮᠦᠴᠢᠨ ᠮᠦᠽᠧᠶ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号