ᠵᠡᠭᠦᠨ ᠦᠵᠦᠮᠦᠴᠢᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠠᠯᠪᠠᠨ ᠵᠠᠷᠯᠠᠯ ︵30 ᠲᠣᠭᠠᠲᠣ︶
ᠨᠡᠶᠢᠲᠡᠯᠡᠭᠰᠡᠨ ᠴᠠᠭ᠄
2020/6/22
      6 ᠰᠠᠷ᠎ᠠ ᠶᠢᠨ 13 ᠤ ᠡᠳᠦᠷ᠂ ᠪᠡᠭᠡᠵᠢᠩ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ᠂ 6 ᠰᠠᠷ᠎ᠠ ᠶᠢᠨ 12 ᠤ ᠡᠳᠦᠷ ᠤᠨ 16 ᠴᠠᠭ ᠠᠴᠠ 24 ᠴᠠᠭ ᠪᠣᠯᠲᠠᠯ᠎ᠠ᠂ ᠪᠡᠭᠡᠵᠢᠩ ᠬᠤᠲᠠ ᠳᠤ ᠲᠣᠰ ᠭᠠᠵᠠᠷ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ 4 ᠨᠡᠮᠡᠭᠳᠡᠭᠰᠡᠨ ᠢ ᠨᠡᠶᠢᠳᠡᠯᠡᠭᠰᠡᠨ ᠪᠠᠶᠢᠨ᠎ᠠ᠃ ᠬᠢᠵᠢᠭ ᠤᠨ ᠪᠠᠶᠢᠳᠠᠯ ᠮᠠᠨ ᠤ ᠬᠤᠰᠢᠭᠤᠨ ᠳᠤ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠶᠢᠨ ᠲᠥᠯᠥᠭᠡ᠂ ᠬᠤᠰᠢᠭᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠳᠡᠰ ᠠᠴᠠ 5 ᠰᠠᠷ᠎ᠠ ᠶᠢᠨ 30 ᠤ ᠡᠳᠦᠷ ᠠᠴᠠ ᠨᠠᠰᠢ ᠪᠡᠭᠡᠵᠢᠩ ᠤᠨ ᠰᠢᠨ ᠹᠠ ᠳ᠋ᠢ ᠪᠥᠭᠡᠮ ᠢᠶᠠᠷ ᠬᠤᠳᠠᠯᠳᠣᠬᠤ ᠵᠠᠬ᠎ᠠ ᠳᠡᠯᠭᠡᠭᠦᠷ ᠪᠠ ᠵᠢᠩ ᠱᠧᠨ ᠲᠡᠯᠡᠶ ᠶᠢᠨ ᠢᠳᠡᠭᠡᠨ ᠤ ᠵᠠᠬ᠎ᠠ ᠳᠡᠯᠭᠡᠭᠦᠷ ᠠᠴᠠ ᠮᠠᠨ ᠤ ᠬᠤᠰᠢᠭᠤᠨ ᠳᠤ ᠢᠷᠡᠭᠰᠡᠨ ︵ᠪᠣᠴᠠᠭᠰᠠᠨ︶ ᠬᠥᠮᠦᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠪᠠᠷ ᠲᠣᠭᠲᠠᠭᠠᠪᠠ᠃ ᠳᠡᠭᠡᠷ᠎ᠡ ᠳᠣᠷᠠᠳᠣᠭᠰᠠᠨ ᠬᠥᠮᠦᠰ ᠬᠤᠰᠢᠭᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠲᠠᠢ ᠳᠠᠷᠦ᠋ᠢᠬᠠᠨ ᠬᠠᠷᠢᠯᠴᠠᠵᠣ᠂ ᠡᠮᠨᠡᠯᠭᠡ ᠶᠢᠨ ᠠᠵᠢᠯᠲᠠᠨ ᠤ ᠬᠡᠷ ᠲᠤᠨᠢ ᠬᠦᠷᠴᠦ ᠦᠯᠢᠭᠡᠷ ᠶᠠᠩᠵᠤ ᠠᠪᠬᠤ ᠶᠢ ᠬᠦᠯᠢᠶᠡᠬᠦ ᠬᠡᠷᠡᠭᠲᠡᠢ᠃ ᠦᠯᠢᠭᠡᠷ ᠶᠠᠩᠵᠣ ᠠᠪᠬᠤ ᠵᠢᠴᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠭᠠᠷᠬᠤ ᠠᠴᠠ ᠡᠮᠦᠨ᠎ᠡ ᠡᠷᠬᠡᠪᠰᠢ ᠭᠡᠷ ᠲᠡᠭᠡᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠡᠷᠡᠭᠲᠡᠢ᠃ ᠥᠷᠭᠡᠨ ᠣᠯᠠᠨ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠢ ᠳᠠᠮᠵᠢᠵᠤ ᠬᠠᠮᠵᠢᠯᠴᠠᠨ᠂ ᠪᠡᠭᠡᠵᠢᠩ ᠤᠨ ᠰᠢᠨ ᠹᠡ ᠳ᠋ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠣᠯᠤᠨ ᠵᠢᠩ ᠱᠧᠨ  ᠳᠠᠯᠠᠢ ᠶᠢᠨ ᠢᠳᠡᠭᠡᠨ ᠤ ᠵᠠᠬ᠎ᠠ ᠳᠡᠯᠭᠡᠭᠦᠷ ᠠᠴᠠ ᠮᠠᠨ ᠤ ᠬᠤᠰᠢᠭᠤᠨ ᠳᠤ ᠢᠷᠡᠭᠰᠡᠨ ︵ᠪᠣᠴᠠᠭᠰᠠᠨ︶ ᠬᠥᠮᠦᠰ ᠪᠣᠳᠠᠲᠤ ᠪᠠᠶᠢᠳᠠᠯ ᠢᠶᠠᠨ ᠨᠢᠭᠤᠨ ᠳᠠᠯᠳᠠᠯᠠᠭᠰᠠᠨ᠂ ᠬᠤᠳᠠᠯ ᠢᠶᠠᠷ ᠮᠡᠳᠡᠭᠦᠯᠦᠭᠰᠡᠨ᠂ ᠤᠳᠠᠭᠠᠰᠢᠷᠠᠭᠤᠯᠤᠨ ᠮᠡᠳᠡᠭᠦᠯᠦᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠬᠦᠰᠡᠶ᠎ᠡ᠃      ᠬᠤᠰᠢᠭᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠬᠠᠷᠢᠯᠴᠠᠬᠤ ᠤᠲᠠᠰᠤ᠄ 0479 — 3220799      ᠬᠤᠰᠢᠭᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠢᠯᠡᠴᠢᠯᠡᠨ ᠮᠡᠳᠡᠭᠦᠯᠬᠦ ᠤᠲᠠᠰᠤ᠄ 0479 — 3227176                          ᠵᠡᠭᠦᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ                                2020 ᠣᠨ ᠤ 6 ᠰᠠᠷ᠎ᠠ ᠶᠢᠨ 13 ᠤ ᠡᠳᠦᠷ
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号