ᠬᠦᠪᠡᠭᠡᠲᠦ ᠰᠢᠷ᠎ᠠ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠣᠭᠤᠷᠢᠨ ᠰᠤᠷᠤᠯᠴᠠᠬᠤ ᠪᠦᠯᠬᠦᠮ ᠵᠡᠭᠦᠨ ᠦᠵᠦᠮᠦᠴᠢᠨ ᠬᠤᠰᠢᠭᠤᠨ ᠤ ᠭᠠᠬᠢᠯ ᠰᠤᠮᠤᠨ ᠳᠤ  ᠬᠦᠷᠦᠯᠴᠡᠨ ᠢᠷᠡᠵᠦ ᠲᠤᠷᠰᠢᠯᠭ᠎ᠠ ᠰᠣᠯᠢᠯᠴᠠᠪᠠ
ᠨᠡᠶᠢᠲᠡᠯᠡᠭᠰᠡᠨ ᠴᠠᠭ᠄
2020/6/22
      6 ᠰᠠᠷ᠎ᠠ ᠶᠢᠨ 17 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠣᠭᠤᠷᠢᠨ  ᠰᠤᠷᠤᠯᠴᠠᠬᠤ ᠪᠦᠯᠬᠦᠮ ᠵᠡᠭᠦᠨ ᠦᠵᠦᠮᠦᠴᠢᠨ ᠬᠤᠰᠢᠭᠤᠨ ᠤ ᠭᠠᠬᠢᠯ ᠰᠤᠮᠤᠨ ᠳᠤ ᠭᠦᠨᠵᠡᠭᠡᠶᠢᠷᠡᠵᠦ᠂ ᠡᠮᠡᠭᠲᠡᠶᠢᠴᠦᠳ ᠤᠨ ᠬᠤᠯᠪᠣᠭᠠᠲᠤ ᠬᠤᠷᠠᠯ  ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ︽ᠡᠮᠡᠭᠲᠡᠶᠢᠴᠦᠳ ᠤᠨ ᠭᠡᠷ︾ ᠤᠨ ᠪᠦᠲᠦᠭᠡᠨ ᠪᠠᠶᠢᠭᠤᠯᠤᠯᠲᠠ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠵᠡᠷᠭᠡ ᠠᠵᠢᠯ ᠤᠨ ᠲᠤᠬᠠᠢ ᠲᠤᠭᠤᠷᠢᠨ ᠦᠵᠡᠵᠦ  ᠲᠤᠷᠰᠢᠯᠭ᠎ᠠ ᠪᠠᠨ ᠰᠤᠯᠢᠯᠴᠠᠪᠠ᠃ ᠬᠤᠰᠢᠭᠤ ᠡᠮᠡᠭᠲᠡᠶᠢᠴᠦᠳ ᠤᠨ  ᠬᠤᠯᠪᠤᠭᠠᠲᠦ ᠬᠤᠷᠠᠯ ᠤᠨ ᠨᠠᠮ ᠤᠨ ᠡᠭᠦᠷ ᠤᠨ ᠱᠦᠵᠢ᠂ ᠲᠡᠷᠢᠭᠦᠯᠡᠭᠴᠢ ᠡᠷᠳᠡᠨᠢᠴᠡᠴᠡᠭ᠂ ᠳᠡᠳ᠋ ᠲᠡᠷᠢᠭᠦᠯᠡᠭᠴᠢ ᠵᠤᠯᠠᠨᠴᠡᠴᠡᠭ ᠪᠠᠷ᠎ᠠ ᠪᠣᠯᠵᠠᠢ᠃      ᠲᠣᠭᠤᠷᠢᠨ ᠰᠤᠷᠤᠯᠴᠠᠬᠤ ᠪᠦᠯᠬᠦᠮ ᠤᠷᠢᠳ ᠬᠤᠵᠢᠳ ᠭᠠᠬᠢᠯ ᠰᠤᠮᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ  ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ  ᠤ ᠲᠥᠪ᠂ ᠡᠮᠡᠭᠲᠡᠶᠢᠴᠦᠳ ᠤᠨ ᠬᠤᠯᠪᠤᠭᠠᠲᠦ ᠬᠤᠷᠠᠯ ᠤᠨ ᠠᠯᠪᠠᠨ ᠭᠡᠷ᠂ ᠬᠠᠳᠠᠲᠤ ᠭᠠᠴᠠᠭᠠᠨ ᠤ 《ᠡᠮᠡᠭᠲᠡᠶᠢᠴᠦᠳ ᠤᠨ ᠭᠡᠷ︾ ᠲᠤ ᠬᠦᠷᠴᠦ᠂ ᠠᠵᠢᠯᠲᠠᠨ ᠤ ᠲᠠᠨᠢᠯᠴᠠᠭᠤᠯᠭ᠎ᠠ ᠶᠢ ᠰᠣᠨᠣᠰᠴᠦ᠂ ᠬᠠᠮᠢᠶ᠎ᠠ ᠪᠦᠬᠦᠢ ᠳᠠᠩᠰᠠ ᠡᠪᠬᠡᠮᠡᠯ ᠢ ᠦᠵᠡᠵᠦ᠂ ᠮᠠᠯᠵᠢᠬᠤ ᠡᠷᠦᠬᠡ ᠳᠤ ᠭᠦᠨᠵᠡᠭᠡᠶᠢᠷᠡᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠭᠠᠬᠢᠯ ᠰᠣᠮᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠯ᠎ᠡ ᠲᠥᠷᠥᠯ ᠤᠨ  ᠭᠤᠣᠯ ᠰᠡᠳᠦᠪᠲᠦ ᠠᠵᠢᠯᠯᠠᠭ᠎ᠠ᠂  ᠰᠤᠷᠤᠯᠴᠠᠯᠭ᠎ᠠ ᠤᠬᠠᠭᠤᠯᠭ᠎ᠠ᠂  ᠰᠠᠶᠢᠨ ᠳᠤᠷᠠᠴᠤᠳ ᠤᠨ ᠰᠢᠷᠢᠰ ᠠᠵᠢᠯᠯᠠᠭ᠎ᠠ ᠵᠢᠴᠢ ᠡᠮᠡᠭᠲᠡᠶᠢᠴᠦᠳ  ᠬᠡᠤᠬᠡᠳ ᠢ ᠬᠠᠯᠠᠮᠵᠢᠯᠠᠨ ᠬᠠᠷᠠᠭᠠᠯᠵᠠᠬᠤ ᠵᠡᠷᠭᠡ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠭᠦᠢᠴᠡᠳ  ᠤᠶᠢᠯᠭᠠᠭᠰᠠᠨ ᠪᠠᠶᠢᠨ᠎ᠠ᠃      ᠲᠣᠭᠤᠷᠢᠨ  ᠰᠤᠷᠤᠯᠴᠠᠬᠤ ᠪᠦᠯᠬᠦᠮ ᠤᠨ ᠬᠢᠨ ᠭᠠᠬᠢᠯ ᠰᠤᠮᠤᠨ ᠤ ᠯᠠᠪᠳᠠᠭᠤᠨ ᠪᠠᠲᠤᠲᠠᠢ ᠠᠵᠢᠯ ᠤᠨ ᠰᠠᠭᠤᠷᠢ᠂ ᠦᠢᠯᠡᠴᠢᠯᠡᠭᠡᠨ ᠤ ᠤᠬᠠᠮᠰᠠᠷ ᠵᠢᠴᠢ ᠲᠡᠷᠢᠭᠦᠨ ᠤ ᠠᠵᠢᠯ ᠤᠨ ᠤᠢᠢᠯᠠᠭᠠᠭᠳᠠᠬᠤᠨ ᠢ ᠥᠨᠳᠥᠷ  ᠦᠨᠡᠯᠡᠵᠦ᠂ ᠬᠤᠶᠠᠷ ᠲᠠᠯ᠎ᠠ ᠪᠠᠷ ᠢᠶᠠᠨ ᠬᠤᠶᠢᠰᠢᠳᠠ ᠶᠢᠨ ᠠᠵᠢᠯ ᠤᠨ ᠳᠤᠮᠳᠠ  ᠬᠠᠷᠢᠯᠴᠠᠨ ᠢᠳᠡᠪᠬᠢᠲᠡᠶ ᠪᠠᠷ ᠲᠤᠷᠰᠢᠯᠭ᠎ᠠ ᠪᠠᠨ ᠰᠤᠯᠢᠯᠴᠠᠨ ᠰᠤᠷᠤᠯᠴᠠᠬᠤ ᠪᠠᠷ ᠳᠠᠮᠵᠢᠨ᠂ ᠡᠮᠡᠭᠲᠡᠶᠢᠴᠦᠳ  ᠤᠨ ᠬᠤᠯᠪᠣᠭᠠᠲᠤ ᠬᠤᠷᠠᠯ  ᠤᠨ ᠺᠠᠳ᠋ᠷ ᠠᠵᠢᠯᠲᠠᠨ ᠤ ᠠᠵᠢᠯ ᠤᠨ  ᠴᠢᠳᠠᠪᠤᠷᠢ  ᠶᠢ ᠳᠡᠭᠡᠭᠰᠢᠯᠡᠭᠦᠯᠦᠨ᠂ ᠡᠮᠡᠭᠲᠡᠶᠢᠴᠦᠳ ᠬᠡᠤᠬᠡᠳ  ᠤᠨ ᠲᠥᠯᠥᠭᠡ ᠦᠨᠡᠨ ᠬᠦ ᠪᠣᠳᠠᠲᠠᠶ ᠠᠵᠢᠯ ᠬᠢᠵᠦ᠂ ᠡᠮᠡᠭᠲᠡᠶᠢᠴᠦᠳ ᠤᠨ ᠠᠵᠢᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ  ᠪᠤᠯᠭᠠᠶ᠎ᠠ ᠭᠡᠵᠦ ᠢᠯᠡᠳᠬᠡᠵᠡᠢ  ᠃
 
ᠢᠷᠡᠯᠲᠡ᠄ ᠭᠠᠬᠢᠯ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号