ᠵᠡᠭᠦᠨ ᠣᠢᠵᠣᠮᠣᠴᠢᠨ ᠬᠤᠰᠢᠭᠤᠨ ᠤ ᠭᠠᠬᠢᠯ ᠰᠤᠮᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ  ᠢ ᠪᠠᠶᠢᠴᠠᠭᠠᠨ ᠡᠶᠡᠳᠡᠭᠦᠯᠦᠨ ᠰᠢᠢᠳᠪᠤᠷᠢᠯᠡᠬᠦ ︽ᠵᠠᠭᠤᠨ ᠡᠳᠦᠷ ᠤᠨ ᠠᠵᠢᠯᠯᠠᠭ᠎ᠠ︾ ᠶᠢ ᠯᠠᠪᠳᠠᠭᠤᠨ ᠪᠠᠲᠤᠲᠠᠶ ᠦᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2020/6/22
      ᠵᠡᠭᠦᠨ ᠣᠢᠵᠣᠮᠣᠴᠢᠨ ᠬᠤᠰᠢᠭᠤᠨ ᠤ ᠭᠠᠬᠢᠯ ᠰᠤᠮᠤ ᠵᠥᠷᠢᠴᠡᠯ ᠵᠢᠭᠤᠷᠠᠭᠠᠨ ᠢ ᠰᠢᠢᠳᠪᠤᠷᠢᠯᠡᠬᠦ ᠣᠯᠠᠨ ᠡᠰᠢᠵᠢᠭᠰᠡᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭᠠᠨ ᠢ ᠶᠡᠬᠡᠪᠡᠷ ᠪᠠᠶᠢᠴᠠᠭᠠᠨ ᠡᠶᠡᠳᠡᠭᠦᠯᠤᠨ ᠰᠢᠢᠳᠪᠤᠷᠢᠯᠡᠬᠦ ︽ᠵᠠᠭᠤᠨ ᠡᠳᠦᠷ ᠤᠨ ᠠᠵᠢᠯᠯᠠᠭ᠎ᠠ︾ ᠶᠢ ᠯᠠᠪᠳᠠᠭᠤᠨ ᠪᠠᠲᠤᠲᠠᠶ ᠪᠠᠷ ᠥᠷᠨᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠤᠨ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠵᠥᠷᠢᠴᠡᠯ ᠵᠢᠭᠤᠷᠠᠭᠠᠨ ᠢ ᠦᠨᠳᠤᠰᠦᠨ ᠱᠠᠳᠤᠨ ᠳᠤ ᠰᠢᠢᠳᠪᠦᠷᠢᠯᠡᠬᠦ ᠶᠢ ᠪᠠᠳᠤᠯᠠᠭᠰᠠᠨ ᠪᠠᠶᠢᠨ᠎ᠠ᠃      ᠬᠠᠤᠯᠢ ᠲᠦᠭᠡᠮᠡᠯᠵᠢᠭᠦᠯᠬᠦ ᠠᠵᠢᠯ ᠢ ᠢᠳᠡᠪᠬᠢᠲᠡᠢ ᠥᠷᠨᠢᠭᠦᠯᠵᠦ᠂ ᠮᠠᠯᠴᠢᠳ ᠤᠨ ᠬᠠᠤᠯᠢ ᠶᠣᠰᠣᠭᠠᠷ ᠥᠪᠡᠷ ᠤᠨ ᠠᠰᠢᠭ ᠲᠤᠰᠠ ᠪᠠᠨ ᠬᠠᠮᠠᠭᠠᠯᠠᠬᠤ ᠶᠢ ᠠᠬᠢᠭᠤᠯᠤᠭᠰᠠᠨ ᠪᠠᠶᠢᠨ᠎ᠠ᠃ ᠮᠠᠯᠴᠢᠳ ᠤᠨ ᠨᠠᠮ ᠤᠨ ᠭᠡᠰᠢᠭᠦᠳ ᠤᠨ ᠶᠡᠭᠡ ᠬᠤᠷᠠᠯ᠂ ᠵᠤᠨ ᠤ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ  ᠵᠡᠷᠭᠡ ᠠᠵᠢᠯ ᠢᠶᠠᠷ ᠲᠣᠬᠢᠶᠠᠯ ᠪᠣᠯᠭᠠᠵᠤ᠂ ᠮᠠᠯᠴᠢᠨ ᠡᠷᠦᠬᠡ ᠳᠤ ᠭᠦᠨᠵᠡᠭᠡᠶᠢᠷᠡᠨ᠂ ᠠᠷᠠᠳ ᠤᠨ ᠳᠤᠮᠳᠠᠬᠢ ᠵᠢᠭᠡᠯᠡᠯᠭᠡ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠵᠡᠷᠭᠡ ᠤᠬᠠᠭᠤᠯᠭ᠎ᠠ ᠶᠢᠨ ᠬᠠᠭᠤᠳᠠᠰᠦ ᠶᠢ ᠲᠠᠷᠬᠠᠭᠠᠬᠤ ᠶᠢᠨ ᠬᠠᠮᠳᠦ ᠬᠠᠮᠢᠶ᠎ᠠ ᠪᠦᠬᠦᠢ ᠮᠡᠳᠡᠯᠭᠡ ᠶᠢ ᠭᠦᠨᠵᠡᠭᠡᠶ ᠲᠠᠶᠢᠯᠪᠤᠷᠢᠯᠠᠵᠤ᠂ ᠥᠷᠭᠡᠨ ᠣᠯᠠᠨ ᠮᠠᠯᠴᠢᠨ ᠲᠦᠮᠡᠨ  ᠤ ᠠᠰᠠᠭᠤᠳᠠᠯ ᠤᠨ ᠰᠦᠪᠡᠭᠴᠢ ᠶᠢ ᠮᠡᠳᠡᠪᠡᠯ ᠴᠠᠭ ᠲᠤᠬᠠᠶ ᠳᠤᠨᠢ ᠢᠳᠡᠪᠬᠢᠲᠡᠶ ᠢᠯᠡᠴᠢᠯᠡᠨ ᠮᠡᠳᠡᠭᠦᠯᠬᠦ ᠶᠢ ᠵᠤᠷᠢᠭᠵᠢᠭᠤᠯᠤᠨ᠂ ᠲᠣᠰ ᠪᠡᠶ᠎ᠡ ᠶᠢᠨ ᠢᠶᠠᠨ ᠠᠰᠢᠭ ᠲᠤᠰᠠ ᠶᠢ ᠬᠠᠤᠯᠢ ᠶᠣᠰᠣᠭᠠᠷ ᠬᠠᠮᠠᠭᠠᠯᠠᠬᠤ ᠤᠬᠠᠭᠤᠯᠭ᠎ᠠ ᠬᠦᠮᠤᠵᠢᠯ ᠢ ᠰᠠᠶᠢᠳᠤᠷ ᠬᠢᠭᠰᠡᠨ ᠪᠠᠶᠢᠨ᠎ᠠ᠃      ᠮᠠᠯᠵᠢᠬᠤ ᠡᠷᠦᠬᠡ ᠳᠤ ᠭᠦᠨᠵᠡᠭᠡᠶᠢᠷᠡᠵᠦ᠂ ᠵᠥᠷᠢᠴᠡᠯ ᠵᠢᠭᠤᠷᠠᠭᠠᠨ ᠢ ᠡᠶᠡᠳᠡᠭᠦᠯᠤᠨ ᠰᠢᠢᠳᠪᠤᠷᠢᠯᠡᠪᠡ᠃ ᠰᠤᠮᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠭᠡᠷ᠂ ᠬᠠᠤᠯᠢ ᠴᠠᠭᠠᠵᠠ ᠶᠢᠨ ᠰᠠᠯᠪᠤᠷᠢ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠨᠢ ᠦᠨᠳᠦᠰᠦᠨ ᠱᠠᠲᠤᠨ ᠳᠤ ᠠᠰᠠᠭᠤᠳᠠᠯ ᠢ ᠰᠢᠢᠳᠪᠦᠷᠢᠯᠡᠵᠦ ᠂ ᠵᠥᠷᠢᠴᠡᠯ ᠢ ᠨᠠᠮᠳᠠᠭᠤᠯᠬᠤ ᠶᠢ ᠪᠠᠷᠢᠮᠳᠠᠯᠠᠨ᠂ ᠰᠠᠨᠠᠭᠠᠴᠢᠯᠠᠭ᠎ᠠ ᠠᠴᠠ ᠪᠠᠨ ᠡᠷᠦᠬᠡ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠤ᠂ ᠲᠤᠰᠬᠠᠶ ᠵᠦᠢᠯ ᠢᠶᠠᠷ ᠵᠢᠭᠰᠠᠭᠠᠨ ᠪᠠᠶᠢᠴᠠᠭᠠᠨ ᠡᠶᠡᠳᠡᠭᠦᠯᠦᠨ ᠰᠢᠢᠳᠪᠦᠷᠢᠯᠡᠬᠦ ᠠᠵᠢᠯᠯᠠᠭ᠎ᠠ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠡᠯ᠎ᠠ ᠭᠠᠴᠠᠭ᠎ᠠ᠂ ᠨᠡᠶᠢᠭᠡᠮ ᠲᠤᠭᠤᠷᠢᠭ ᠤᠨ ᠡᠯ᠎ᠡ ᠲᠥᠷᠥᠯ ᠵᠦᠢᠯ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ᠂ ᠲᠤᠬᠠᠢ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ ᠦᠢᠯᠠᠭᠠᠭᠰᠠᠨ ᠪᠠᠶᠢᠨ᠎ᠠ᠃      ︽ᠬᠤᠶᠠᠷ ᠰᠠᠯᠪᠤᠷᠢ︾ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠬᠦᠴᠦᠯᠡᠨ ᠰᠢᠢᠳᠪᠤᠷᠢᠯᠡᠪᠡ᠃ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠤᠨ ᠰᠢᠢᠳᠪᠤᠷᠢᠯᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠰᠠᠯᠪᠤᠷᠢ ᠪᠣᠯᠤᠨ ᠬᠠᠤᠯᠢ ᠴᠠᠭᠠᠵᠠ ᠶᠢᠨ ᠰᠠᠯᠪᠤᠷᠢ ᠨᠢ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠢᠩᠬᠠᠳᠬᠠᠵᠤ᠂ ᠬᠤᠣᠰ ᠰᠠᠯᠪᠤᠷᠢ ᠬᠤᠯᠪᠣᠭᠠᠯᠠᠨ ᠬᠥᠳᠡᠯᠦᠯᠴᠡᠵᠦ  ᠤᠳᠤᠬᠠᠨ ᠪᠤᠯᠲᠠᠯ᠎ᠠ ᠬᠤᠶᠠᠷ ᠲᠦᠷᠦᠯ ᠵᠦᠢᠯ ᠤᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠤᠷᠢᠯᠡᠪᠡ᠃ ᠡᠭᠦᠨ ᠤ ᠬᠠᠮᠲᠦ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ᠂ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠶᠢ ᠪᠠᠷᠢᠮᠲᠠᠯᠠᠵᠤ᠂ ᠵᠢᠵᠢᠭ ᠰᠠᠵᠢᠭ ᠶᠠᠪᠤᠳᠠᠯ ᠠᠴᠠ ᠶᠡᠭᠡ ᠵᠢᠭᠤᠷᠠᠯᠳᠤᠭᠠᠨ ᠡᠭᠦᠰᠬᠦ᠂ ᠵᠥᠷᠢᠴᠡᠯ ᠬᠤᠷᠴᠠᠳᠬᠤ ᠠᠴᠠ ᠪᠦᠲᠦᠮᠵᠢᠲᠡᠶ ᠵᠠᠶᠢᠯᠠᠰᠬᠢᠵᠦ᠂ ᠡᠯ᠎ᠡ  ᠲᠦᠷᠦᠯ ᠵᠦᠢᠯ  ᠤᠨ ᠵᠥᠷᠢᠴᠡᠯ ᠵᠢᠭᠤᠷᠠᠯᠳᠤᠭᠠᠨ ᠢ ᠬᠤᠷᠴᠠᠳᠤᠨ ᠰᠢᠷᠦᠭᠦᠰᠬᠦ ᠠᠴᠠ ᠡᠮᠤᠨ᠎ᠠ ᠴᠢᠷᠮᠠᠶᠢᠨ ᠰᠢᠢᠳᠪᠤᠷᠢᠯᠡᠭᠰᠡᠨ ᠪᠠᠶᠢᠨ᠎ᠠ᠃
 
ᠢᠷᠡᠯᠲᠡ᠄ ᠭᠠᠬᠢᠯ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号