ᠺᠣᠮᠫᠢᠦ᠋ᠲ᠋ᠧᠷ᠂ ᠭᠠᠷ ᠤᠲᠠᠰᠤ ᠶᠢᠨ ᠲᠦᠭᠡᠮᠡᠯᠵᠢᠭᠰᠡᠨ ᠨᠢ ᠣᠯᠠᠨ ᠲᠦᠮᠡᠨ ᠤ ᠠᠮᠢᠳᠤᠷᠠᠯ ᠳᠤ ᠳᠥᠭᠦᠮ | ᠦᠵᠡᠭᠦᠯᠦᠭᠰᠡᠨ ᠤ ᠬᠠᠮᠲᠦ᠂ ᠪᠠᠰᠠ ᠰᠦᠯᠵᠢᠶᠡᠨ ᠤ ᠠᠶᠤᠯ ᠲᠦᠭᠰᠢᠭᠦᠷᠢ ᠶᠢ ᠨᠡᠮᠡᠭᠳᠡᠭᠦᠯᠦᠭᠰᠡᠨ ᠪᠠᠶᠢᠨ᠎ᠠ᠂ | ᠢᠯᠠᠩᠭᠤᠶ᠎ᠠ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠠᠮᠤᠷ ᠲᠦᠪᠰᠢᠨ ᠳᠤ ᠮᠠᠰᠢ ᠶᠡᠭᠡ ᠳᠠᠯᠳᠠ ᠭᠡᠮ | ᠠᠪᠴᠢᠷᠪᠠ᠃ ᠨᠠᠰᠤᠨ ᠳᠤ ᠦᠯᠦ ᠬᠦᠷᠦᠭᠰᠡᠳ ᠢ ᠬᠠᠪᠰᠤᠷᠤᠨ ᠰᠦᠯᠵᠢᠶᠡᠨ ᠤ ᠠᠮᠤᠷ ᠲᠦᠪᠰᠢᠨ ᠤ ᠦᠵᠡᠯ | ᠤᠬᠠᠮᠰᠠᠷ ᠢ ᠨᠢ ᠴᠢᠩᠭᠠᠳᠬᠠᠵᠤ᠂ ᠡᠷᠡᠭᠦᠯ ᠡᠩᠬᠡ ᠰᠦᠯᠵᠢᠶᠡᠨ ᠤ ᠣᠷᠴᠢᠨ ᠲᠣᠭᠤᠷᠢᠨ ᠢ ᠪᠤᠢ ᠪᠤᠯᠠᠭᠠᠨ᠂ ︽ᠬᠡᠨ | ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ 6 ᠰᠠᠷ᠎ᠠ ᠶᠢᠨ 17 ᠳᠤ᠂ ᠬᠤᠰᠢᠭᠤ ᠠᠷᠠᠳ ᠤᠨ | ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠠᠴᠠ ᠬᠤᠰᠢᠭᠤ ᠮᠣᠩᠭᠤᠯ ᠦᠨᠳᠦᠰᠦᠲᠡᠨ ᠤ ᠨᠢᠭᠡᠳᠦᠭᠡᠷ ᠪᠠᠭ᠎ᠠ | ᠰᠤᠷᠭᠠᠭᠤᠯᠢ ᠳᠤ ᠬᠦᠷᠴᠦ᠂ ︽ᠲᠣᠣᠷ ᠰᠦᠯᠵᠢᠶ᠎ᠡ ᠶᠢ ᠵᠦᠪ ᠠᠰᠢᠭᠯᠠᠵᠦ᠂ ᠡᠷᠡᠭᠦᠯ ᠴᠢᠬᠢᠷᠠᠭ ᠦᠰᠦᠨ ᠪᠦᠢᠵᠢᠶᠠ︾ | ᠭᠡᠰᠡᠨ ᠭᠤᠤᠯ ᠰᠡᠳᠦᠪ ᠢᠶᠠᠷ ᠬᠠᠤᠯᠢ ᠪᠠᠷ ᠵᠠᠰᠠᠬᠤ ᠰᠤᠷᠭᠠᠨ ᠬᠥᠮᠦᠵᠢᠯ ᠤᠨ ᠬᠢᠴᠢᠶᠡᠯ ᠣᠷᠤᠭᠰᠠᠨ ᠪᠠᠶᠢᠨ᠎ᠠ᠃ | ᠬᠢᠴᠢᠶᠡᠯ ᠳᠡᠭᠡᠷ᠎ᠡ᠂ ᠪᠠᠶᠢᠴᠠᠭᠠᠭᠴᠢ ᠠᠴᠠ ᠰᠤᠷᠤᠭᠴᠢᠳ ᠤᠨ ᠪᠡᠶ᠎ᠡ ᠮᠠᠬᠠᠪᠣᠳ ᠪᠠ ᠰᠡᠳᠬᠢᠴᠡ ᠶᠢᠨ | ᠣᠨᠴᠠᠯᠢᠭ ᠢ ᠦᠨᠳᠦᠰᠦᠯᠡᠨ᠂ ᠳᠥᠭᠦᠮ ᠣᠶᠢᠯᠠᠭᠠᠮᠵᠢᠲᠠᠶ ᠦᠭᠡ ᠬᠡᠯᠡ᠂ ᠳᠥᠭᠦᠮ ᠳᠥᠲᠡ PPT᠂ ᠣᠬᠤᠷ | ᠸᠢᠳᠢᠣ᠋᠂ ᠱᠤᠭ ᠵᠢᠷᠤᠭ ᠺᠢᠨᠣ᠋᠂ ᠲᠣᠭᠯᠠᠭᠠᠮ ᠲᠣᠭᠯᠠᠬᠤ᠂ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠵᠡᠷᠭᠡ ᠣᠯᠠᠨ | ᠵᠦᠢᠯ ᠤᠨ ᠬᠡᠯᠪᠡᠷᠢ ᠪᠠᠷ ᠰᠤᠷᠤᠭᠴᠢᠳ ᠲᠤ ᠬᠠᠤᠯᠢ ᠪᠠᠷ ᠵᠠᠰᠠᠬᠤ ᠮᠡᠳᠡᠯᠭᠡ ᠶᠢ ᠤᠬᠠᠭᠤᠯᠵᠤ᠂ ᠰᠦᠯᠵᠢᠶᠡᠨ ᠤ | ᠶᠠᠯᠠᠲᠤ ᠠᠵᠢᠯᠯᠠᠭ᠎ᠠ ᠶᠢᠨ ᠢᠯᠡᠷᠡᠯ᠂ ᠬᠤᠤᠷ ᠬᠥᠨᠥᠭᠡᠯ ᠵᠢᠴᠢ ᠰᠦᠯᠵᠢᠶᠡᠨ ᠤ ᠶᠠᠯᠠᠲᠤ ᠠᠵᠢᠯᠯᠠᠭ᠎ᠠ ᠶᠢ ᠬᠡᠷᠬᠢᠨ | ᠰᠡᠷᠭᠡᠶᠢᠯᠡᠬᠦ ᠵᠡᠷᠭᠡ ᠶᠢ ᠨᠠᠷᠢᠨ ᠲᠠᠶᠢᠯᠪᠤᠷᠢᠯᠠᠵᠠᠶ᠃ ᠡᠭᠦᠨ ᠤ ᠬᠠᠮᠲᠤ ᠂ ᠦᠢᠷ᠎ᠠ ᠶᠢᠨ ᠵᠢᠯ ᠳᠤ ᠡᠭᠦᠰᠦᠭᠰᠡᠨ | ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠳᠤ ᠰᠢᠨᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ᠂ ᠰᠤᠷᠤᠭᠴᠢᠳ ᠲᠤ ᠡᠳᠦᠷ ᠲᠤᠲᠤᠮ ᠤᠨ ᠰᠤᠷᠤᠯᠴᠠᠯᠭ᠎ᠠ ᠪᠠ ᠠᠮᠢᠳᠤᠷᠠᠯ ᠳᠤᠮᠳᠠ ᠬᠡᠷᠬᠢᠨ ᠬᠠᠤᠯᠢ | ᠰᠠᠬᠢᠯᠭ᠎ᠠ ᠶᠢ ᠵᠢᠷᠤᠮᠯᠠᠨ ᠬᠢᠷᠢ ᠲᠡᠩᠴᠡᠭᠰᠡᠨ ᠰᠦᠯᠵᠢᠶᠡᠨ ᠤ ᠠᠷᠠᠳ ᠪᠣᠯᠬᠤ᠂ ᠶᠠᠯ᠎ᠠ ᠬᠢᠬᠦ ᠶᠢ ᠶᠠᠭᠠᠬᠢᠵᠤ | ᠤᠷᠢᠳᠴᠢᠯᠠᠨ ᠰᠡᠷᠭᠡᠶᠢᠯᠡᠵᠦ᠂ ᠶᠠᠯᠠᠲᠤ ᠡᠲᠡᠭᠡᠳ ᠤᠨ ᠮᠠᠭᠤ ᠥᠳᠥᠭᠡᠯᠭᠡ ᠶᠢ ᠬᠡᠷᠬᠢᠨ ᠢᠯᠭᠠᠨ ᠲᠠᠨᠢᠬᠤ ᠶᠢ ᠬᠡᠯᠡᠵᠦ | ᠥᠭᠭᠦᠨ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠡᠩᠬᠡ᠂ ᠠᠮᠤᠷ ᠲᠦᠪᠰᠢᠨ ᠢᠶᠠᠷ ᠦᠰᠦᠨ ᠪᠤᠶᠢᠵᠢᠬᠤ ᠳᠤ | ᠪᠠᠲᠤᠯᠠᠭ᠎ᠠ ᠬᠠᠩᠭᠠᠭᠰᠠᠨ ᠪᠠᠶᠢᠨ᠎ᠠ᠃ | ᠬᠦᠳᠡᠯᠭᠡᠭᠡᠨ ᠤ ᠡᠴᠦᠰ ᠲᠤ᠂ ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠬᠤᠰᠢᠭᠤ ᠮᠣᠩᠭᠤᠯ | ᠦᠨᠳᠦᠰᠦᠲᠡᠨ ᠤ ᠨᠢᠭᠡᠳᠦᠭᠡᠷ ᠪᠠᠭ᠎ᠠ ᠰᠤᠷᠭᠠᠭᠤᠯᠢ ᠳᠤ ᠨᠠᠰᠤᠨ ᠳᠤ ᠥᠯᠥ ᠬᠦᠷᠦᠭᠰᠡᠳ ᠤᠨ ᠬᠠᠤᠯᠢ ᠴᠠᠭᠠᠵᠠ ᠶᠢᠨ | ᠬᠦᠮᠦᠵᠢᠯ ᠤᠨ ᠵᠢᠱᠢᠶ᠎ᠡ ᠦᠵᠡᠭᠦᠯᠬᠦ ᠰᠣᠷᠭᠠᠭᠤᠯᠢ ᠶᠢᠨ ᠫᠠᠶᠢᠰᠠ ᠣᠯᠭᠤᠵᠤ᠂ 26 ᠨᠡᠷᠡᠰ ᠰᠣᠷᠣᠭᠴᠢ ᠶᠢ | ᠬᠠᠤᠯᠢ ᠪᠠᠷ ᠵᠠᠰᠠᠬᠤ ᠪᠢᠴᠢᠬᠠᠨ ᠤᠬᠠᠭᠤᠯᠤᠭᠴᠢ ᠪᠠᠷ ᠤᠷᠢᠵᠦ᠂ ︽ᠵᠢᠱᠢᠶ᠎ᠡ ᠦᠵᠡᠭᠦᠯᠦᠨ ᠳᠠᠶᠢᠴᠢᠯᠠᠵᠤ᠂ ᠴᠢᠭ ᠢᠶᠠᠷ | ᠨᠡᠶᠢᠳᠡᠮ ᠢ ᠳᠠᠶᠢᠴᠢᠯᠠᠬᠤ︾ ᠶᠢ ᠪᠡᠶᠡᠯᠡᠭᠦᠯᠵᠦ᠂ ᠬᠠᠤᠯᠢ ᠲᠦᠭᠡᠮᠡᠯᠵᠢᠭᠦᠯᠬᠦ ᠪᠣᠳᠠᠲᠤ ᠦᠷ᠎ᠡ ᠪᠦᠲᠦᠮᠵᠢ ᠶᠢᠨ | ᠦᠢᠯᠡᠳᠦᠯ ᠢ ᠯᠠᠪᠳᠠᠭᠤᠨ ᠪᠠᠲᠤᠲᠠᠶ ᠠᠬᠢᠭᠤᠯᠪᠠ᠃ ᠬᠤᠰᠢᠭᠤ ᠮᠣᠩᠭᠤᠯ ᠦᠨᠳᠦᠰᠦᠲᠡᠨ ᠤ ᠨᠢᠭᠡᠳᠦᠭᠡᠷ ᠪᠠᠭ᠎ᠠ | ᠰᠤᠷᠭᠠᠭᠤᠯᠢ ᠨᠢ ᠪᠠᠶᠢᠴᠠᠭᠠᠭᠴᠢ ᠰᠠᠷᠠᠩᠭᠤᠸ᠎ᠠ ᠶᠢ ᠲᠤᠰ ᠰᠤᠷᠭᠠᠭᠤᠯᠢ ᠶᠢᠨ ᠬᠠᠤᠯᠢ ᠪᠠᠷ ᠵᠠᠰᠠᠬᠤ ᠳᠡᠳ᠋ ᠵᠠᠬᠢᠷᠤᠯ ᠢᠶᠠᠷ | ᠤᠷᠢᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠣᠯᠠᠨ ᠪᠦᠲᠦᠮᠵᠢᠲᠡᠶ | ᠠᠵᠢᠯᠯᠠᠭ᠎ᠠ ᠥᠷᠨᠢᠭᠦᠯᠬᠦ ᠪᠠᠷ ᠳᠠᠮᠵᠢᠨ ᠰᠤᠷᠤᠭᠴᠢᠳ ᠤᠨ ᠬᠠᠤᠯᠢ ᠮᠡᠳᠡᠬᠦ᠂ ᠬᠠᠤᠯᠢ ᠶᠢ ᠰᠠᠬᠢᠬᠤ ᠤᠬᠠᠮᠰᠠᠷ ᠢ | ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠶᠢ ᠰᠤᠷᠤᠭᠴᠢ ᠨᠢᠭᠡᠪᠦᠷᠢ ᠶᠢᠨ ᠰᠡᠳᠬᠢᠯ ᠳᠤ ᠦᠨᠳᠦᠰᠦᠯᠡᠭᠦᠯᠵᠦ | ᠰᠣᠶᠣᠭᠠᠯᠠᠭᠤᠯᠣᠨ᠂ ᠨᠠᠰᠤᠨ ᠳᠤ ᠦᠯᠦ ᠬᠦᠷᠦᠭᠰᠡᠳ ᠤᠨ ᠬᠠᠤᠯᠢ ᠪᠠᠷ ᠵᠠᠰᠠᠬᠤ ᠬᠥᠮᠦᠵᠢᠯ ᠤᠨ ᠠᠵᠢᠯ ᠢ ᠪᠦᠬᠦ | ᠬᠦᠴᠦᠨ ᠢᠶᠠᠷ ᠲᠦᠯᠬᠢᠨ ᠠᠬᠢᠭᠤᠯᠪᠠ᠃ | ᠲᠣᠰ ᠤᠳᠠᠭᠠᠨ ᠤ ᠬᠦᠳᠡᠯᠭᠡᠭᠡᠨ ᠢᠶᠠᠷ ᠳᠠᠮᠵᠢᠭᠤᠯᠤᠨ᠂ ᠰᠤᠷᠤᠭᠴᠢᠳ ᠲᠤ ᠰᠦᠯᠵᠢᠶᠡᠨ ᠤ ᠠᠮᠤᠷ | ᠲᠦᠪᠰᠢᠨ ᠤ ᠮᠡᠳᠡᠯᠭᠡ ᠶᠢ ᠵᠢᠭᠠᠵᠤ᠂ ᠲᠡᠳᠡᠨ ᠤ ᠰᠦᠯᠵᠢᠶᠡᠨ ᠤ ᠠᠮᠤᠷ ᠲᠦᠪᠰᠢᠨ ᠤ ᠦᠵᠡᠯ ᠤᠬᠠᠮᠰᠠᠷ ᠢ | ᠳᠡᠭᠡᠭᠰᠢᠯᠡᠭᠦᠯᠵᠦ᠂ ᠡᠭᠦᠨ ᠤ ᠬᠠᠮᠲᠤ ᠰᠤᠷᠤᠭᠴᠢᠳ ᠢ ᠪᠠᠭ᠎ᠠ ᠠᠴᠠ ᠪᠠᠨ ᠵᠥᠪ ᠣᠨᠣᠪᠴᠢᠲᠠᠶ ᠠᠮᠢᠳᠤᠷᠠᠬᠤᠢ ᠶᠢᠨ | ᠦᠵᠡᠯᠲᠡ᠂ ᠥᠷᠲᠡᠭ ᠤᠨ ᠦᠵᠡᠯᠲᠡ ᠶᠢ ᠪᠤᠢ ᠪᠣᠯᠭᠠᠨ᠂ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ | ᠪᠣᠯᠪᠠᠰᠤᠨ ᠤ ᠭᠡᠷ᠎ᠡ ᠶᠢ ᠤᠬᠠᠮᠰᠠᠷ ᠠᠴᠠ ᠪᠠᠨ ᠵᠢᠷᠤᠮᠯᠠᠵᠦ᠂ ᠰᠦᠯᠵᠢᠶᠡᠨ ᠤ ᠮᠡᠳᠡᠭᠡ ᠵᠠᠩᠭᠢ ᠶᠢ ᠠᠮᠤᠷ ᠲᠦᠪᠰᠢᠨ | ᠵᠥᠪ ᠤᠨᠤᠪᠴᠢᠲᠠᠢ ᠬᠡᠷᠡᠭᠯᠡᠨ᠂ ᠡᠷᠡᠭᠦᠯ ᠴᠢᠬᠢᠷᠠᠭ ᠢᠶᠠᠷ ᠦᠰᠦᠨ ᠪᠣᠶᠢᠵᠢᠬᠤ ᠶᠢ ᠬᠥᠲᠥᠯᠥᠨ ᠵᠢᠯᠣᠭᠤᠳᠴᠤ᠂ | ᠡᠭᠦᠨ ᠤ ᠤᠯᠠᠮ ᠢᠶᠠᠷ ᠰᠦᠯᠵᠢᠶᠡᠨ ᠤ ᠣᠷᠣᠨ ᠵᠠᠢ ᠶᠢᠨ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠬᠤ | ᠪᠣᠯᠣᠨ᠎ᠠ᠃ | |