6 ᠰᠠᠷ᠎ᠠ ᠶᠢᠨ 24 ᠤ ᠡᠳᠦᠷ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠲᠤᠳᠤᠭᠠᠳᠤ ᠶᠢ | ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭᠠᠨ ᠶᠡᠭᠡ ᠠᠩᠭᠢ ᠶᠢᠨ ᠬᠠᠮᠲᠤᠷᠠᠨ ᠥᠷᠨᠢᠭᠦᠯᠦᠭᠰᠡᠨ ᠰᠤᠷᠭᠠᠭᠤᠯᠢ ᠶᠢᠨ | ᠠᠶᠤᠯ ᠦᠭᠡᠢ ᠶᠢ ᠬᠠᠮᠠᠭᠠᠯᠠᠬᠤ ᠠᠵᠢᠯ ᠤᠨ ᠪᠠᠶᠢᠷᠢ ᠶᠢᠨ ᠡᠬᠢᠯᠡᠯᠲᠡ ᠶᠢᠨ ᠶᠣᠰᠣᠯᠠᠯ ᠵᠢᠴᠢ 2020 ᠣᠨ ᠤ | ᠰᠤᠷᠭᠠᠭᠤᠯᠢ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠤᠨ ᠭᠤᠷᠪᠠᠳᠤᠭᠠᠷ ᠤᠳᠠᠭᠠᠨ ᠤ ᠡᠭᠡᠯᠵᠢᠳᠤ | ᠬᠤᠷᠠᠯ ᠬᠤᠰᠢᠭᠤ ᠰᠤᠷᠭᠠᠨ ᠬᠥᠮᠦᠵᠢᠯ ᠤᠨ ᠲᠣᠪᠴᠢᠶᠠᠨ ᠳᠤ ᠬᠤᠷᠠᠯᠳᠤᠵᠠᠢ᠃ | ᠬᠤᠷᠠᠯ ᠳᠡᠭᠡᠷ᠎ᠡ᠂ ᠬᠤᠰᠢᠭᠤ ᠰᠤᠷᠭᠠᠨ ᠬᠥᠮᠦᠵᠢᠯ ᠤᠨ ᠲᠤᠪᠴᠢᠶᠠᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠠᠴᠠ ᠳᠡᠭᠡᠷ᠎ᠡ ᠬᠠᠭᠠᠰ ᠵᠢᠯ ᠤᠨ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ ᠰᠤᠷᠭᠠᠭᠤᠯᠢ ᠶᠢᠨ | ᠬᠦᠷᠢᠶᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠪᠠ ᠣᠶᠢᠷ᠎ᠠ ᠶᠢᠨ ᠬᠤᠭᠤᠴᠠᠭᠠᠨ ᠤ | ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠥᠷᠨᠢᠭᠰᠡᠨ ᠪᠠᠶᠢᠳᠠᠯ ᠢ ᠮᠡᠳᠡᠭᠳᠡᠵᠡᠶ᠃ | ᠬᠤᠰᠢᠭᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭᠠᠨ ᠶᠡᠭᠡ ᠠᠩᠭᠢ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠠᠴᠠ ᠵᠠᠮ ᠬᠠᠷᠢᠯᠴᠠᠭᠠᠨ ᠤ ᠲᠦᠷᠢᠮ ᠢ ᠵᠢᠷᠤᠮᠯᠠᠨ ᠰᠠᠬᠢᠬᠤ᠂ ᠰᠤᠷᠤᠭᠴᠢᠳ ᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠵᠢᠴᠢ ᠰᠤᠷᠭᠠᠭᠤᠯᠢ ᠶᠢᠨ ᠠᠶᠦᠯ | ᠦᠭᠡᠢ ᠶᠢ ᠬᠠᠮᠠᠭᠠᠯᠠᠬᠤ ᠠᠵᠢᠯ ᠤᠨ ᠪᠠᠶᠢᠷᠢ ᠶᠢ ᠲᠤᠬᠢᠷᠠᠭᠤᠯᠬᠤ ᠴᠢᠬᠤᠯᠠ ᠠᠴᠢ ᠬᠤᠯᠪᠣᠭᠳᠠᠯ ᠵᠡᠷᠭᠡ ᠶᠢ ᠲᠣᠰ ᠲᠣᠰ | ᠨᠠᠷᠢᠨ ᠲᠠᠶᠢᠯᠪᠤᠷᠢᠯᠠᠪᠠ᠃ | ᠬᠤᠷᠠᠯ ᠠᠴᠠ ᠪᠠᠰᠠ ᠮᠠᠨ ᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ | ᠬᠥᠮᠦᠵᠢᠯ ᠤᠨ ᠲᠤᠪᠴᠢᠶ᠎ᠠ ᠠᠴᠠ ᠬᠠᠮᠲᠤᠷᠠᠨ ᠲᠣᠭᠲᠠᠭᠠᠭᠰᠠᠨ ︽ᠰᠤᠷᠭᠠᠭᠤᠯᠢ ᠶᠢᠨ ᠠᠶᠦᠯ ᠦᠭᠡᠢ ᠶᠢ ᠬᠠᠮᠠᠭᠠᠯᠠᠬᠤ | ᠠᠵᠢᠯ ᠤᠨ ᠪᠠᠶᠢᠷᠢ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠶ ᠮᠡᠳᠡᠭᠳᠡᠯ︾ ᠢ ᠤᠩᠰᠢᠨ | ᠨᠡᠶᠢᠲᠡᠯᠡᠭᠰᠡᠨ ᠤ ᠬᠠᠮᠳᠤ᠂ ᠪᠥᠬᠦ ᠬᠤᠰᠢᠭᠤᠨ ᠤ ᠰᠤᠷᠭᠠᠭᠤᠯᠢ ᠶᠢᠨ ᠠᠶᠦᠯ ᠦᠭᠡᠢ ᠶᠢ ᠬᠠᠮᠠᠭᠠᠯᠠᠬᠤ ᠠᠵᠢᠯ ᠤᠨ | ᠪᠠᠶᠢᠷᠢ ᠶᠢᠨ ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠵᠤ᠂ ᠭᠡᠷ ᠤᠨ ᠠᠬᠠᠮᠠᠳ ᠤᠨ ᠵᠥᠪᠯᠡᠯ ᠤᠨ | ᠲᠥᠯᠥᠭᠡᠯᠡᠭᠴᠢᠳ ᠲᠤ ᠰᠤᠷᠭᠠᠭᠤᠯᠢ ᠤᠨ ᠠᠶᠦᠯ ᠦᠭᠡᠢ ᠶᠢ ᠬᠠᠮᠠᠭᠠᠯᠠᠬᠤ ᠠᠵᠢᠯ ᠤᠨ ᠪᠠᠶᠢᠷᠢ ᠶᠢᠨ ᠢᠵᠢ | ᠪᠦᠷᠢᠳᠦᠭᠰᠡᠨ ᠬᠤᠪᠴᠠᠰᠤ ᠭᠠᠷᠳᠠᠭᠤᠯᠵᠠᠢ᠃ | ᠣᠶᠢᠯᠠᠭᠠᠭᠰᠠᠨ ᠢᠶᠠᠷ᠂ ᠰᠤᠷᠭᠠᠭᠤᠯᠢ ᠶᠢᠨ ᠠᠶᠦᠯ ᠦᠭᠡᠢ ᠶᠢ ᠬᠠᠮᠠᠭᠠᠯᠠᠬᠤ ᠠᠵᠢᠯ ᠤᠨ ᠪᠠᠶᠢᠷᠢ ᠶᠢᠨ | ᠲᠣᠬᠢᠷᠠᠭᠤᠯᠤᠯᠲᠠ ᠪᠣᠯᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ᠂ ᠰᠤᠷᠭᠠᠭᠤᠯᠢ ᠶᠢᠨ | ᠠᠮᠤᠷ ᠢ ᠬᠠᠮᠠᠭᠠᠯᠠᠭᠴᠢ ᠪᠣᠯᠤᠨ ᠭᠡᠷ ᠤᠨ ᠠᠬᠠᠮᠠᠳ ᠤᠨ ᠬᠠᠮᠵᠢᠯᠴᠠᠭ᠎ᠠ ᠪᠠᠷ ᠳᠠᠮᠵᠢᠨ ᠰᠤᠷᠭᠠᠭᠤᠯᠢ ᠶᠢᠨ ᠬᠢᠴᠢᠶᠡᠯ | ᠣᠷᠤᠵᠤ ᠬᠢᠴᠢᠶᠡᠯ ᠪᠠᠭᠤᠬᠤ ᠣᠷᠭᠢᠯ ᠬᠤᠭᠤᠴᠠᠭᠠᠨ ᠤ ᠵᠠᠮ ᠬᠠᠷᠢᠯᠴᠠᠭᠠᠨ ᠤ ᠳᠠᠷᠤᠯᠲᠠ ᠶᠢ ᠪᠠᠭᠠᠰᠬᠠᠵᠤ᠂ ᠥᠷᠭᠡᠨ | ᠣᠯᠠᠨ ᠪᠠᠭᠰᠢ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠨ᠂ ᠰᠤᠷᠭᠠᠭᠤᠯᠢ ᠶᠢᠨ | ᠤᠷᠴᠢᠨ ᠲᠤᠭᠤᠷᠢᠨ ᠤ ᠵᠠᠮ ᠬᠠᠷᠢᠯᠴᠠᠭᠠᠨ ᠤ ᠠᠮᠦᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠪᠤᠯᠤᠨ᠎ᠠ᠃ |