ᠳᠤᠮᠳᠠᠳᠤ ᠤᠯᠤᠰ ᠤᠨ ᠡᠪ ᠬᠠᠮᠳᠤ ᠨᠠᠮ ᠤᠨ ᠤᠯᠢᠶᠠᠰᠤᠲᠠᠢ ᠪᠠᠯᠭᠠᠰᠤᠨ ᠤ ᠭᠤᠷᠪᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠬᠤᠷᠠᠯᠳᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2020/6/29
      6 ᠰᠠᠷ᠎ᠠ ᠶᠢᠨ18 ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠯᠢᠶᠠᠰᠤᠲᠠᠢ ᠪᠠᠯᠭᠠᠰᠤᠨ ᠤ ᠭᠤᠷᠪᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠠᠮᠵᠢᠯᠲᠠᠲᠠᠢ ᠬᠤᠷᠠᠯᠳᠤᠵᠤ᠂ ᠤᠯᠢᠶᠠᠰᠤᠲᠠᠢ ᠪᠠᠯᠭᠠᠰᠤᠨ ᠤ ᠤᠳᠤᠷᠢᠳᠬᠤ ᠪᠠᠭ ᠵᠢᠴᠢ 67 ᠨᠠᠮ ᠤᠨ ᠬᠡᠰᠢᠭᠦᠨ ᠤ ᠲᠥᠯᠦᠭᠡᠯᠡᠭᠴᠢ ᠬᠤᠷᠠᠯ ᠳᠤ ᠤᠷᠤᠯᠴᠠᠵᠠᠢ᠃      ᠬᠤᠷᠠᠯ ᠠᠴᠠ᠂ ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠮᠡᠳᠡᠭᠦᠯᠦᠯᠲᠡ ᠪᠤᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠦ᠂ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠤᠯᠢᠶᠠᠰᠤᠲᠠᠢ ᠪᠠᠯᠭᠠᠰᠤᠨ ᠤ ᠭᠤᠷᠪᠠᠳᠤᠭᠠᠷ ᠤᠳᠠᠭᠠᠨ ᠤ ᠬᠤᠷᠢᠶ᠎ᠠ ᠶᠢᠨ 2020 ᠤᠨ ᠤ ᠠᠵᠢᠯ ᠤᠨ ᠮᠡᠳᠡᠭᠦᠯᠦᠯᠲᠡ ᠶᠢᠨ ᠰᠢᠢᠳᠪᠤᠷᠢ︾ ᠪᠤᠯᠤᠨ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠤᠯᠢᠶᠠᠰᠤᠲᠠᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ 2020 ᠤᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ︾ ᠶᠢ ᠪᠠᠲᠤᠯᠠᠵᠠᠢ᠃ ᠬᠤᠷᠠᠯ ᠠᠴᠠ ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶ᠎ᠠ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠢᠴᠢ ᠨᠠᠮ ᠤᠨ ᠬᠤᠷᠢᠶᠠᠨ ᠤ ᠬᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠡᠰᠢᠭᠦᠨ ᠢ ᠠᠷᠠᠳᠴᠢᠯᠠᠯ ᠢᠶᠠᠷ ᠦᠨᠡᠯᠡᠪᠡ᠃      ᠬᠤᠷᠠᠯ ᠠᠴᠠ ᠵᠢᠭᠠᠬᠤ ᠳᠠᠭᠠᠨ᠂ 2020 ᠤᠨ ᠪᠤᠯ ︽ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠰᠢᠢᠳᠪᠤᠷᠢᠳᠤ ᠢᠯᠠᠯᠲᠠ ᠶᠢ ᠤᠯᠬᠤ ᠰᠢᠢᠳᠪᠦᠷᠢᠳᠤ ᠵᠢᠯ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠢᠭᠡᠳᠦᠭᠡᠷ ᠵᠠᠭᠤᠨ ᠵᠢᠯ ᠤᠨ ᠬᠠᠷᠠᠯᠲᠠ ᠶᠢ ᠪᠡᠶᠡᠯᠡᠭᠦᠯᠬᠦ ᠰᠢᠯᠭᠠᠯᠲᠠ ᠳᠤ ᠤᠷᠤᠯᠴᠠᠬᠤ ᠵᠢᠯ ᠪᠤᠯᠤᠨ᠎ᠠ︾᠃ 2020 ᠤᠨ ᠤ ᠠᠵᠢᠯ ᠢ ᠰᠠᠶᠢᠲᠤᠷ ᠬᠢᠬᠦ ᠶᠢᠨ ᠠᠴᠢ ᠬᠤᠯᠪᠤᠭᠳᠠᠯ ᠭᠦᠨ ᠭᠦᠨᠵᠡᠭᠡᠢ᠂ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠪᠠᠶᠢᠭ᠎ᠠ ᠪᠤᠯᠬᠤᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ︽ᠳᠦᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠨ᠂ ︽ᠳᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠪᠠ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠲᠠᠪᠤᠨ ᠶᠡᠭᠡ ᠬᠦᠭᠵᠢᠯᠲᠡ ᠶᠢᠨ ᠤᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠦᠭᠵᠢᠯᠲᠡ ᠶᠢ ᠪᠠᠷᠢᠮᠲᠠᠯᠠᠨ᠂ ᠪᠦᠯᠬᠦᠮᠳᠡᠨ ᠬᠠᠮᠵᠢᠯᠴᠠᠵᠤ᠂  ᠪᠤᠳᠠᠳᠠᠢ ᠶᠢ ᠡᠷᠬᠢᠮᠯᠡᠨ ᠡᠷᠡᠯᠬᠡᠭᠯᠡᠨ ᠲᠡᠮᠡᠴᠡᠵᠦ᠂ ᠨᠠᠮ ᠤᠨ ᠪᠠᠶᠢᠭᠤᠯᠤᠯᠲᠠ ᠶᠢ ᠢᠳᠡᠪᠬᠢᠲᠡᠢ ᠴᠤᠭᠴᠠᠯᠠᠨ ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ ᠬᠦᠳᠡᠭᠡ ᠲᠤᠰᠬᠤᠨ ᠮᠠᠯᠵᠢᠬᠤ ᠤᠷᠤᠨ ᠢ ᠬᠦᠭᠵᠢᠭᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠰᠢᠢᠳᠪᠦᠷᠢᠳᠤ ᠳᠠᠶᠢᠯᠠᠯᠳᠤᠭᠠᠨ ᠬᠢᠵᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠳᠤ ᠢᠯᠡᠯᠲᠡ ᠶᠢ ᠤᠯᠵᠤ᠂ ᠪᠦᠬᠦ ᠪᠠᠯᠭᠠᠰᠤᠨ ᠤ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ᠂ ᠠᠵᠤ ᠠᠬᠤᠢ᠂ ᠤᠯᠤᠰ ᠲᠦᠷᠦ᠂ ᠰᠤᠶᠤᠯ᠂ ᠨᠡᠶᠢᠬᠡᠮ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠯᠡᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠤᠨ ᠳᠠᠷᠠᠭ᠎ᠠ᠂ ᠤᠯᠢᠶᠠᠰᠤᠲᠠᠢ ᠪᠠᠯᠭᠠᠰᠤᠨ ᠤ ᠨᠠᠮ ᠤᠨ ᠬᠤᠷᠢᠶ᠎ᠠ ᠠᠴᠠ ᠨᠠᠮ ᠤᠨ ᠬᠡᠰᠢᠭᠦᠨ ᠲᠦᠯᠦᠭᠡᠯᠡᠭᠴᠢᠳ ᠢ ᠵᠣᠬᠢᠶᠠᠨ ᠪᠠᠶᠢᠭᠤᠯᠤᠨ᠂ ᠬᠤᠰᠢᠭᠤ ᠴᠢᠭᠡᠴᠢ ᠵᠠᠰᠠᠭ ᠤᠨ ᠬᠦᠮᠦᠵᠢᠯ ᠤᠨ ᠰᠠᠭᠤᠷᠢᠨ ᠭᠠᠵᠠᠷ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠢ ᠲᠤᠭᠤᠷᠢᠨ ᠰᠤᠷᠤᠯᠴᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号