ᠪᠦᠬᠦ ᠬᠤᠰᠢᠭᠤᠨ ᠤ ᠡᠯ᠎ᠡ ᠪᠠᠭ᠎ᠠ ᠰᠤᠷᠭᠠᠭᠤᠯᠢ ᠶᠢᠨ ᠳᠡᠭᠡᠳᠤ ᠠᠩᠭᠢ ︵4—6 ᠤᠨ︶ ᠶᠢᠨ | ᠰᠤᠷᠤᠭᠴᠢᠳ ᠬᠢᠴᠢᠶᠡᠯ ᠢᠶᠠᠨ ᠰᠡᠷᠭᠦᠭᠡᠭᠰᠡᠨ ᠤ ᠳᠠᠷᠠᠭ᠎ᠠ᠂ 6 ᠰᠠᠷ᠎ᠠ ᠶᠢᠨ 2 ᠤᠨ ᠡᠳᠦᠷ᠂ ᠮᠠᠨ ᠤ ᠬᠤᠰᠢᠭᠤᠨ ᠤ | ᠡᠯ᠎ᠡ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠤᠨ ᠤ ᠰᠤᠷᠤᠭᠴᠢᠳ | ᠰᠤᠷᠭᠠᠭᠤᠯᠢ ᠳᠠᠭᠠᠨ ᠪᠤᠴᠠᠵᠤ᠂ ᠬᠢᠴᠢᠶᠡᠯ ᠢᠶᠠᠨ ᠰᠡᠷᠭᠦᠭᠡᠨ᠂ ᠲᠠᠨᠢᠯ ᠲᠠᠰᠤᠯ ᠰᠤᠷᠭᠠᠭᠤᠯᠢ ᠶᠢᠨ ᠬᠦᠷᠢᠶᠡᠨ ᠳᠡᠭᠡᠨ | ᠪᠤᠴᠠᠵᠠᠢ᠃ ᠰᠤᠷᠭᠠᠭᠤᠯᠢ ᠶᠢᠨ ᠲᠠᠯ᠎ᠠ ᠠᠴᠠ ᠠᠳᠠᠯᠢ ᠪᠤᠰᠤ ᠣᠨ ᠤ ᠰᠤᠷᠤᠭᠴᠢᠳ ᠤᠨ ᠰᠤᠷᠭᠠᠭᠤᠯᠢ ᠳᠤ ᠤᠴᠢᠬᠤ | ᠴᠠᠭ ᠢ ᠵᠦᠷᠢᠭᠦᠯᠡᠨ ᠲᠤᠬᠢᠷᠠᠭᠤᠯᠤᠭᠰᠠᠨ ᠠᠴᠠ ᠬᠡᠷ ᠤᠨ ᠠᠬᠠᠮᠠᠳ ᠴᠤ ᠰᠤᠷᠭᠠᠭᠤᠯᠢ ᠶᠢᠨ ᠨᠠᠷᠢᠨ ᠨᠢᠭᠲᠠ | ᠲᠣᠬᠢᠷᠠᠭᠤᠯᠤᠯᠲᠠ ᠳᠤ ᠰᠠᠨᠠᠭ᠎ᠠ ᠠᠮᠠᠷ ᠪᠠᠶᠢᠵᠤ᠂ ᠲᠤᠭᠲᠠᠭᠰᠠᠨ ᠴᠠᠭ ᠲᠠᠭᠠᠨ ᠬᠡᠤᠬᠡᠳ ᠢᠶᠠᠨ ᠰᠤᠷᠭᠠᠭᠤᠯᠢ ᠳᠤ ᠨᠢ | ᠬᠦᠷᠭᠡᠵᠡᠢ᠃ ᠰᠤᠷᠤᠭᠴᠢᠳ ᠰᠤᠷᠭᠠᠭᠤᠯᠢ ᠶᠢᠨ ᠬᠤᠪᠴᠠᠰᠤ ᠪᠠᠨ ᠲᠠᠷᠢ ᠲᠡᠭᠰᠢ ᠡᠮᠦᠰᠴᠦ᠂ ᠠᠮᠠᠪᠴᠢ ᠵᠡᠭᠦᠨ᠂ | ᠪᠣᠭᠴᠣ ᠪᠠᠨ ᠡᠭᠦᠷᠴᠦ᠂ ᠪᠠᠶᠠᠷ ᠬᠦᠷ ᠲᠠᠢ ᠪᠠᠷ ᠰᠤᠷᠭᠠᠭᠤᠯᠢ ᠳᠤ ᠪᠠᠨ ᠪᠤᠴᠠᠵᠤ᠂ ᠰᠢᠨ᠎ᠡ ᠰᠤᠷᠤᠯᠭ᠎ᠠ ᠶᠢᠨ | ᠬᠤᠭᠤᠴᠠᠭ᠎ᠠ ᠪᠠᠨ ᠤᠭᠳᠤᠨ ᠠᠪᠴᠢᠷᠠᠯ᠎ᠠ᠃ | ᠡᠯ᠎ᠡ ᠪᠠᠭ᠎ᠠ ᠰᠤᠷᠭᠠᠭᠤᠯᠢ ᠶᠢᠨ ᠡᠭᠦᠳᠡᠨ ᠡᠮᠦᠨ᠎ᠡ᠂ ᠰᠤᠷᠤᠭᠴᠢᠳ ᠲᠣᠭᠲᠠᠭᠰᠠᠨ ᠴᠠᠭ ᠲᠤ ᠪᠠᠨ ᠢᠷᠡᠵᠦ᠂ | ᠪᠠᠭᠰᠢ ᠨᠠᠷ ᠤᠨ ᠵᠢᠯᠣᠭᠤᠳᠤᠯᠭ᠎ᠠ ᠳᠣᠤᠷ᠎ᠠ 1 ᠮᠧᠲᠷ ᠤᠨ ᠵᠠᠶᠢᠲᠠᠶ ᠳᠡᠰ ᠳᠠᠷᠠᠭ᠎ᠠ ᠲᠠᠢ ᠮᠥᠷᠯᠡᠵᠦ᠂ | ᠰᠤᠷᠭᠠᠭᠤᠯᠢ ᠶᠢᠨ ᠲᠤᠰᠬᠠᠢ ᠲᠤᠭᠲᠠᠭᠠᠭᠰᠠᠨ ᠵᠠᠮ ᠱᠤᠭᠤᠮ ᠢᠶᠠᠷ ᠰᠤᠷᠭᠠᠭᠤᠯᠢ ᠶᠢᠨ ᠬᠦᠷᠢᠶᠡᠨ ᠳᠤ ᠣᠷᠣᠵᠤ᠂ | ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠵᠦ ᠪᠠᠷᠠᠭᠰᠠᠨ ᠤ ᠳᠠᠷᠠᠭ᠎ᠠ ᠲᠤᠭᠲᠠᠭᠰᠠᠨ ᠵᠠᠮ ᠢᠶᠠᠷ ᠬᠢᠴᠢᠶᠡᠯ ᠤᠨ | ᠭᠡᠷ ᠲᠤ ᠪᠠᠨ ᠤᠷᠤᠵᠠᠢ᠃ ᠡᠯ᠎ᠡ ᠠᠵᠢᠯ ᠤᠨ ᠪᠠᠶᠢᠷᠢ ᠶᠢᠨ ᠪᠠᠭᠰᠢ ᠨᠠᠷ ᠲᠤᠰ ᠲᠤᠰ ᠤᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠭᠠᠮᠠᠢ ᠭᠦᠢᠴᠡᠳᠬᠡᠵᠦ᠂ ᠲᠤᠬᠠᠢ ᠶᠢᠨ ᠲᠠᠯᠠᠪᠠᠶ ᠶᠢᠨ ᠠᠵᠢᠯ ᠡᠮᠬᠢ ᠵᠢᠷᠤᠮ ᠲᠠᠢ | ᠶᠠᠪᠤᠭᠳᠠᠬᠤ ᠶᠢ ᠪᠠᠲᠤᠯᠠᠵᠤ᠂ ᠰᠤᠷᠤᠭᠴᠢᠳ ᠤᠨ ᠠᠮᠤᠷ ᠲᠦᠪᠰᠢᠨ ᠰᠤᠷᠭᠠᠭᠤᠯᠢ ᠳᠠᠭᠠᠨ ᠪᠤᠴᠠᠬᠤ ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠴᠡᠶ᠃ | ᠰᠤᠷᠭᠠᠭᠤᠯᠢ ᠡᠬᠢᠯᠡᠭᠰᠡᠨᠨᠢᠭᠡᠳᠦᠭᠡᠷ ᠬᠢᠴᠢᠶᠡᠯ ᠳᠡᠭᠡᠷ᠎ᠡ᠂ ᠪᠠᠭᠰᠢ ᠨᠠᠷ ᠰᠤᠷᠤᠭᠴᠢᠳ ᠲᠤ ᠰᠤᠷᠭᠠᠭᠤᠯᠢ ᠶᠢᠨ | ᠬᠦᠷᠢᠶᠡᠨ ᠳᠣᠲᠣᠷᠠᠬᠢ ᠬᠥᠳᠡᠯᠭᠡᠭᠡᠨ ᠤ ᠲᠣᠭᠤᠷᠢᠭ᠂ ᠠᠩᠬᠠᠷᠬᠤ ᠵᠦᠢᠯᠡᠰ ᠵᠢᠴᠢ ᠠᠮᠤᠷ ᠲᠦᠪᠰᠢᠨ ᠤ ᠮᠡᠳᠡᠯᠭᠡ᠂ | ᠬᠢᠵᠢᠭ ᠢ ᠰᠡᠷᠭᠡᠶᠢᠯᠡᠨ ᠡᠵᠡᠮᠳᠡᠬᠦ ᠶᠡᠷᠦ ᠶᠢᠨ ᠮᠡᠳᠡᠯᠭᠡ ᠵᠡᠷᠭᠡ ᠶᠢ ᠨᠠᠷᠢᠨ ᠲᠠᠶᠢᠯᠪᠤᠷᠢᠯᠠᠨ ᠦᠭᠴᠦ᠂ ᠰᠤᠷᠤᠭᠴᠢᠳ ᠤᠨ | ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠵᠦ᠂ ᠠᠮᠤᠷ ᠲᠦᠪᠰᠢᠨ ᠤ ᠬᠦᠮᠦᠵᠢᠯ ᠬᠦᠷᠲᠡᠭᠡᠭᠰᠡᠨ | ᠪᠠᠶᠢᠨ᠎ᠠ᠃ | ᠣᠶᠢᠯᠠᠭᠠᠭᠰᠠᠨ ᠢᠶᠠᠷ᠂ ᠪᠦᠬᠦ ᠬᠤᠰᠢᠭᠤᠨ ᠤ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ᠂ | ᠭᠤᠷᠪᠠᠳᠤᠭᠠᠷ ᠣᠨ ᠨᠢ ᠰᠤᠷᠭᠠᠭᠤᠯᠢ ᠡᠬᠢᠯᠡᠬᠦ ᠪᠡᠯᠡᠳᠬᠡᠯ ᠠᠵᠢᠯ ᠢ ᠭᠦᠢᠴᠡᠳ ᠬᠢᠵᠦ᠂ ᠥᠨᠥᠳᠦᠷ ᠵᠢᠩᠬᠢᠨᠢ ᠪᠠᠷ | ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠭᠰᠡᠨ ᠢᠶᠠᠷ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ | ᠡᠯ᠎ᠡ ᠤᠨ ᠤ ᠬᠢᠨ ᠪᠦᠬᠦᠨ ᠢᠶᠠᠷ ᠢᠶᠠᠨ ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠵᠡᠢ᠃ ᠪᠠᠭ᠎ᠠ | ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠤᠨ ᠬᠢᠴᠢᠶᠡᠯ ᠡᠬᠢᠯᠡᠭᠰᠡᠨ ᠤ ᠳᠠᠷᠠᠭ᠎ᠠ᠂ ᠤᠨ ᠢᠶᠠᠷ | ᠨᠢᠭᠡᠴᠢ ᠪᠤᠯᠭᠠᠨ ᠰᠤᠷᠤᠭᠴᠢᠳ ᠢ ᠴᠠᠭ ᠵᠦᠷᠢᠭᠦᠯᠡᠨ ᠰᠤᠷᠭᠠᠭᠤᠯᠢ ᠳᠤ ᠢᠷᠡᠵᠦ ᠶᠠᠪᠤᠭᠤᠯᠬᠤ ᠶᠢ ᠪᠠᠷᠢᠮᠲᠠᠯᠠᠵᠤ᠂ | ᠪᠠᠭᠰᠢ ᠰᠤᠷᠤᠭᠴᠢᠳ ᠲᠤ ᠠᠮᠤᠷ ᠲᠦᠪᠰᠢᠨ᠂ ᠰᠠᠨᠠᠭ᠎ᠠ ᠠᠮᠤᠷ ᠰᠤᠷᠤᠯᠴᠠᠬᠤ ᠤᠷᠴᠢᠨ ᠲᠣᠭᠤᠷᠢᠨ ᠢ ᠬᠠᠩᠭᠠᠵᠤ | ᠥᠭᠬᠦ ᠪᠣᠯᠣᠨ᠎ᠠ᠃ |