ᠣᠷᠣᠢ ᠶᠢᠨ ᠬᠤᠭᠤᠯᠠ ᠪᠠᠨ ᠬᠡᠳᠣ ᠢᠳᠡᠬᠦ ᠶᠢᠨ ᠨᠦᠯᠦᠭᠡ ᠠᠴᠠ ᠣᠯᠠᠨ ᠲᠠᠢ ᠬᠤᠪᠢᠶᠠᠯᠴᠠᠶ᠎ᠠ
ᠨᠡᠶᠢᠲᠡᠯᠡᠭᠰᠡᠨ ᠴᠠᠭ᠄
2020/7/17
    ᠲᠤᠰᠬᠠᠢ ᠮᠡᠷᠭᠡᠵᠢᠯᠲᠡᠨ ᠤ ᠬᠡᠯᠡᠭᠰᠡᠨ ᠢᠶᠠᠷ᠂ ᠤᠷᠤᠢ ᠶᠢᠨ ᠬᠤᠭᠤᠯᠠ ᠶᠢᠨ ᠬᠡᠳᠦ ᠠᠷᠪᠢᠨ ᠢᠳᠡᠬᠦ ᠶᠢᠨ ᠬᠠᠮᠤᠭ ᠰᠢᠭᠤᠳ ᠨᠦᠯᠦᠭᠡ ᠨᠢ ᠮᠠᠷᠢᠶᠠᠯᠠᠭᠤᠯᠤᠨ᠎ᠠ᠃ ᠶᠡᠭᠡ ᠬᠡᠮᠵᠢᠶᠡᠨ ᠤ ᠢᠳᠡᠭᠡᠨ ᠤᠮᠳᠠᠭᠠᠨ ᠨᠢ ᠴᠢᠰᠤᠨ ᠳᠤᠲᠤᠷᠠᠬᠢ ᠰᠢᠬᠢᠷ᠂ ᠦᠭᠡᠬᠦ᠂ ᠰᠢᠪᠲᠤᠷᠲᠤ ᠬᠦᠴᠢᠯ ᠤᠨ ᠠᠭᠤᠯᠤᠭᠳᠠᠴᠠ ᠶᠢ ᠦᠨᠳᠦᠷ ᠪᠤᠯᠭᠠᠵᠤ᠂ ᠬᠦᠮᠦᠰ ᠤᠨ ᠤᠷᠤᠢ ᠶᠢᠨ ᠬᠦᠳᠡᠯᠭᠡᠭᠡᠨ ᠤ ᠬᠡᠮᠵᠢᠶ᠎ᠡ ᠨᠢ ᠪᠠᠭ᠎ᠠ᠂ ᠡᠨᠧᠷᠬᠢ ᠶᠢᠨ ᠬᠤᠷᠤᠭᠳᠠᠯ ᠳᠤᠤᠷ᠎ᠠ ᠪᠤᠯᠬᠤᠷ᠂ ᠢᠯᠡᠭᠦᠴᠡ ᠢᠯᠴᠢ ᠨᠢ ᠦᠭᠡᠬᠦ ᠪᠤᠯᠤᠨ ᠬᠤᠪᠢᠷᠠᠵᠤ᠂ ᠬᠦᠮᠦᠨ ᠤ ᠪᠠᠶ᠎ᠠ ᠶᠢ ᠮᠠᠷᠢᠶᠠᠯᠠᠭᠤᠯᠳᠠᠭ ᠪᠠᠶᠢᠨ᠎ᠠ᠃ ᠮᠦᠨᠴᠦ ᠪᠡᠶ᠎ᠡ ᠶᠢᠨ ᠳᠤᠲᠤᠷᠠᠬᠢ ᠴᠢᠰᠤᠨ ᠰᠢᠬᠢᠷ᠂ ᠰᠢᠪᠲᠤᠷᠲᠤ ᠬᠦᠴᠢᠯ ᠵᠢᠴᠢ ᠦᠭᠡᠬᠦᠨ ᠬᠦᠴᠢᠯ ᠤᠨ ᠦᠳᠭᠡᠴᠡ ᠦᠨᠳᠦᠷᠵᠢᠨ᠂ ᠨᠦᠢᠷ ᠤᠨ ᠪᠤᠯᠴᠢᠷᠬᠠᠢ ᠳᠤ ᠰᠠᠲᠡᠯᠲᠡ ᠦᠭᠴᠦ᠂ ᠰᠢᠬᠢᠷ ᠰᠢᠵᠢᠩ ᠡᠪᠡᠳᠴᠢᠨ ᠤᠯᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠳᠠᠬᠢᠪᠠᠯ᠂ ᠰᠦᠨᠢ ᠬᠦᠮᠦᠨ ᠤ ᠪᠡᠶ᠎ᠡ ᠶᠢᠨ ᠰᠢᠨ᠎ᠡ ᠬᠠᠭᠤᠴᠢᠨ ᠤ ᠰᠤᠯᠢᠯᠴᠠᠭ᠎ᠠ ᠶᠢᠨ ᠨᠤᠷᠮ᠎ᠠ ᠨᠡᠯᠢᠶᠡᠳ ᠳᠤᠤᠷ᠎ᠠ ᠪᠤᠯᠵᠤ᠂ ᠬᠡᠳᠦ ᠴᠠᠳᠲᠠᠯ᠎ᠠ ᠢᠳᠡᠬᠦ᠂ ᠬᠡᠳᠦ ᠤᠷᠤᠢ ᠢᠳᠡᠬᠦ ᠨᠢ ᠪᠦᠷ ᠰᠢᠩᠭᠡᠭᠡᠨ ᠰᠢᠮᠡᠳᠭᠡᠬᠦ ᠳᠤ ᠠᠰᠢᠭ ᠦᠭᠡᠢ ᠪᠠᠶᠢᠵᠤ᠂ ᠬᠤᠳᠤᠭᠤᠲᠤ ᠭᠡᠳᠡᠰᠦ ᠶᠢ ᠠᠯᠪᠠᠳᠠᠯᠭ᠎ᠠ ᠪᠠᠷ ︽ᠡᠭᠡᠯᠵᠢ ᠨᠡᠮᠡᠨ ᠠᠵᠢᠯᠯᠠᠭᠤᠯᠵᠤ︾᠂ ᠮᠦᠨᠴᠦ ᠤᠨᠳᠠᠬᠤ ᠶᠠᠰᠤ ᠴᠢᠨᠠᠷ ᠢ ᠨᠦᠯᠦᠭᠡᠯᠡᠬᠦ ᠪᠤᠯᠤᠨ᠎ᠠ᠃ ᠬᠦᠮᠦᠨ ᠤᠨᠲᠠᠭᠰᠠᠨ ᠪᠠᠶᠢᠳᠠᠯ ᠳᠤᠤᠷ᠎ᠠ᠂ ᠶᠡᠭᠡ ᠲᠠᠷᠢᠬᠢᠨ ᠤ ᠢᠳᠡᠪᠬᠢᠵᠢᠬᠦ  ᠨᠢ ᠨᠦᠢᠷ ᠠᠯᠳᠠᠬᠤ᠂ ᠵᠡᠭᠦᠳᠦ ᠶᠢ ᠠᠷᠪᠢᠳᠠᠭᠤᠯᠬᠤ᠂ ᠨᠦᠢᠷ ᠳᠤᠲᠠᠭᠳᠠᠭᠤᠯᠬᠤ ᠵᠡᠷᠭᠡ ᠪᠤᠯᠭᠠᠵᠤ᠂ ᠡᠳᠦᠷ ᠤᠨ ᠤᠳᠠᠭᠠᠨ ᠳᠠᠭᠠᠨ ᠬᠦᠮᠦᠨ ᠢ ᠴᠤᠭ ᠰᠦᠯᠲᠡ ᠦᠭᠡᠢ ᠪᠤᠯᠭᠠᠨ᠂ ᠴᠢᠨᠠᠭᠰᠢᠯᠠᠪᠠᠯ ᠴᠡᠭᠡᠵᠢᠯᠡᠬᠦ ᠴᠢᠳᠠᠪᠤᠷᠢ ᠶᠢ ᠳᠤᠷᠦ᠋ᠢᠲᠠᠭᠤᠯᠵᠤ᠂ ᠮᠡᠳᠡᠷᠡᠯ ᠢ ᠮᠠᠭᠤᠲᠠᠭᠤᠯᠬᠤ ᠪᠤᠯᠤᠨ᠎ᠠ᠃ ᠪᠠᠰᠠ ᠬᠡᠳᠦ ᠠᠷᠪᠢᠨ ᠢᠳᠡᠭᠡᠨ ᠨᠢ ᠬᠤᠳᠤᠭᠤᠲᠤ ᠭᠡᠳᠡᠰᠦᠨ ᠤ ᠳᠠᠷᠤᠯᠲᠠ ᠶᠢ ᠨᠡᠮᠡᠭᠳᠡᠭᠦᠯᠦᠨ᠂ ᠬᠢᠯᠪᠠᠷᠬᠠᠨ ᠴᠢᠰᠤᠨ ᠳᠠᠷᠤᠯᠲᠠ ᠶᠢ ᠦᠨᠳᠦᠷᠵᠢᠭᠦᠯᠵᠦ᠂ ᠬᠦᠮᠦᠨ ᠤᠨᠲᠠᠵᠤ ᠪᠠᠶᠢᠬᠤ ᠦᠶᠡᠰ ᠴᠢᠰᠤᠨ ᠤ ᠡᠷᠭᠢᠯᠲᠡ ᠶᠢᠨ ᠬᠤᠷᠳᠤᠴᠠ ᠤᠳᠠᠭᠠᠰᠢᠷᠠᠨ᠂ ᠴᠢᠰᠤᠨ ᠤ ᠦᠭᠡᠬᠦ ᠬᠢᠯᠪᠠᠷᠬᠠᠨ ᠴᠢᠰᠤᠨ ᠰᠤᠳᠠᠯ ᠤᠨ ᠬᠠᠨ᠎ᠠ ᠳᠡᠭᠡᠷ᠎ᠡ ᠬᠤᠷᠠᠵᠤ᠂ ᠴᠢᠰᠤᠨ ᠳᠠᠷᠤᠯᠲᠠ ᠦᠨᠳᠦᠷ ᠪᠠ ᠵᠢᠷᠦᠬᠡᠨ ᠲᠢᠳᠢᠮ ᠤᠨ ᠡᠪᠡᠳᠴᠢᠨ ᠵᠡᠷᠭᠡ ᠶᠢ ᠡᠭᠦᠰᠭᠡᠬᠦ ᠪᠤᠯᠤᠨ᠎ᠠ᠃ ᠬᠡᠷᠪᠡ ᠨᠢᠭᠡ ᠬᠦᠮᠦᠨ ᠰᠦᠨᠢ ᠶᠢᠨ ᠬᠤᠭᠤᠯᠠ ᠢᠳᠡᠬᠦ ᠳᠠᠳᠬᠠᠯ ᠲᠠᠢ ᠪᠤᠯᠪᠠᠯ᠂ ᠨᠠᠰᠤ ᠵᠢᠯ ᠤᠨ ᠨᠡᠮᠡᠭᠳᠡᠬᠦ ᠶᠢ ᠳᠠᠭᠠᠯᠳᠤᠨ᠂ ᠬᠠᠷ᠎ᠠ ᠪᠦᠭᠡᠷ᠎ᠡ ᠶᠢᠨ ᠡᠪᠡᠳᠴᠢᠨ ᠵᠡᠷᠭᠡ ᠳᠠᠯᠳᠠ ᠠᠷᠬᠠᠭ ᠭᠡᠮ ᠤᠯᠬᠤ ᠪᠤᠯᠤᠨ᠎ᠠ᠃ ᠡᠶᠢᠮᠦ ᠠᠴᠠ ᠤᠷᠤᠢ ᠶᠢᠨ ᠬᠤᠭᠤᠯᠠ ᠪᠠᠨ ᠵᠦᠢ ᠵᠤᠬᠢᠰᠲᠠᠢ ᠲᠤᠬᠢᠷᠠᠭᠤᠯᠬᠤ ᠪᠤᠯᠪᠠᠤ᠃    
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ ᠤ ᠬᠦᠯᠦᠭ ᠨᠡᠪᠳᠡᠷᠡᠭᠦᠯᠭᠡ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号