ᠵᠣᠨ ᠤ ᠬᠠᠯᠠᠭᠤᠨ ᠳᠤ ᠬᠢᠵᠢᠭ ᠢ ᠶᠠᠭᠠᠬᠢᠵᠤ ᠰᠡᠷᠭᠡᠶᠢᠯᠡᠬᠦ ᠪᠤᠢ︖
ᠨᠡᠶᠢᠲᠡᠯᠡᠭᠰᠡᠨ ᠴᠠᠭ᠄
2020/7/20
     ᠵᠤᠨ ᠤ ᠬᠠᠯᠠᠭᠤᠨ ᠪᠣᠯᠵᠤ᠂ ᠠᠭᠤᠷ ᠠᠮᠢᠰᠬᠤᠯ ᠤᠯᠠᠮ ᠪᠦᠭᠴᠢᠮ ᠪᠣᠯᠵᠤ ᠪᠠᠶᠢᠨ᠎ᠠ᠃ ᠭᠡᠲᠡᠯ᠎ᠡ ᠰᠢᠨ᠎ᠡ ᠺᠣᠷᠣᠨᠠ ᠸᠢᠷᠦ᠋ᠰ ᠤᠨ ᠬᠢᠵᠢᠭ ᠪᠦᠬᠦ ᠳᠡᠯᠡᠬᠡᠢ ᠶᠢᠨ ᠬᠡᠪᠴᠢᠶᠡᠨ ᠳᠤ ᠦᠷᠭᠦᠯᠵᠢᠯᠡᠨ ᠦᠷᠪᠢᠰᠦᠨ ᠳᠡᠯᠭᠡᠷᠡᠵᠦ᠂ ᠬᠥᠮᠥᠰ ᠢ ᠲᠦᠭᠰᠢᠭᠦᠯᠦᠭᠰᠡᠭᠡᠷ ᠪᠠᠶᠢᠨ᠎ᠠ᠃      ᠲᠡᠭᠡᠪᠡᠯ᠂ ᠵᠤᠨ ᠤ ᠬᠠᠯᠠᠭᠤᠨ ᠳᠤ ᠬᠢᠵᠢᠭ ᠠᠴᠠ ᠰᠡᠷᠭᠡᠶᠢᠯᠡᠬᠦ ᠳᠤ ᠠᠮᠠᠪᠴᠢ ᠵᠡᠭᠦᠬᠦ ᠦᠦ︖ ᠪᠣᠯᠢᠬᠤ ᠦᠦ︖      ᠣᠳᠣᠬᠠᠨ ᠳᠤ ᠠᠮᠠᠪᠴᠢ ᠵᠡᠭᠦᠬᠦ ᠪᠣᠯ ᠶᠠᠭᠠᠬᠢᠬᠤ ᠶᠢᠨ ᠠᠷᠭ᠎ᠠ ᠦᠭᠡᠢ ᠰᠢᠨ᠎ᠡ ᠺᠣᠷᠣᠨᠠ ᠸᠢᠷᠦ᠋ᠰ ᠤᠨ ᠬᠢᠵᠢᠭ  ᠲᠤ ᠬᠠᠯᠳᠠᠪᠤᠷᠢᠯᠠᠭᠳᠠᠬᠤ ᠠᠴᠠ ᠰᠡᠷᠭᠡᠶᠢᠯᠡᠬᠦ ᠪᠦᠲᠦᠮᠵᠢᠲᠡᠢ ᠠᠷᠭ᠎ᠠ ᠪᠣᠯᠣᠨ᠎ᠠ᠃ ᠭᠡᠪᠡᠴᠦ ᠵᠤᠨ ᠤ ᠪᠥᠭᠴᠢᠮ ᠬᠠᠯᠠᠭᠤᠨ ᠳᠤ ᠠᠮᠠᠪᠴᠢ ᠵᠡᠭᠦᠬᠦ ᠨᠢ ᠪᠠᠰᠠ ᠠᠮᠢᠰᠬᠤᠭ᠎ᠠ ᠪᠦᠭᠴᠢᠮᠳᠡᠬᠦ᠂ ᠨᠠᠷᠠᠰᠢᠬᠤ ᠵᠡᠷᠭᠡ ᠠᠶᠤᠯᠲᠠᠢ ᠶᠤᠮ᠃ ᠡᠶᠢᠮᠦ ᠠᠴᠠ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠪᠡᠶ᠎ᠡ ᠳᠡᠭᠡᠨ ᠪᠠᠶᠢᠩᠭᠤ ᠠᠮᠠᠪᠴᠢ ᠪᠠᠨ ᠠᠪᠴᠤ ᠶᠠᠪᠤᠬᠤ ᠪᠥᠭᠡᠳ ᠴᠢᠬᠤᠯᠠ ᠲᠠᠢ ᠦᠶ᠎ᠡ ᠳᠤ ᠵᠡᠭᠦᠬᠦ ᠰᠠᠶᠢᠨ ᠵᠤᠷᠰᠢᠯ ᠲᠠᠢ ᠪᠣᠯᠬᠤ ᠶᠢ ᠲᠤᠰᠬᠠᠢ ᠮᠡᠷᠭᠡᠵᠢᠯᠲᠡᠳ ᠰᠠᠨᠠᠭᠤᠯᠵᠤ ᠪᠠᠶᠢᠨ᠎ᠠ᠃      ᠳᠤᠮᠳᠠᠳᠤ ᠤᠯᠤᠰ ᠤᠨ ᠢᠨᠵᠧᠨᠧᠷᠢᠩ ᠤᠨ ᠠᠺᠠᠳᠧᠮᠢ ᠶᠢᠨ ᠠᠺᠠᠳᠧᠮᠢᠴᠢ᠂ ᠳᠤᠮᠳᠠᠳᠤ ᠤᠯᠤᠰ ᠤᠨ ᠠᠨᠠᠭᠠᠬᠤ  ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ ᠸᠠᠩ ᠴᠧᠨ ᠢᠯᠡᠷᠬᠡᠶᠢᠯᠡᠬᠦ ᠳᠡᠭᠡᠨ᠂ ᠠᠭᠤᠳᠠᠮ ᠰᠠᠷᠠᠭᠤᠯ᠂ ᠰᠠᠯᠬᠢ ᠨᠡᠪᠲᠡᠷᠡᠬᠦ᠂ ᠬᠥᠮᠥᠨ ᠬᠠᠷ᠎ᠠ ᠪᠠᠭ᠎ᠠ ᠲᠠᠢ ᠣᠷᠴᠢᠨ ᠳᠤ ᠠᠮᠠᠪᠴᠢ ᠵᠡᠭᠦᠬᠦ ᠦᠭᠡᠢ ᠪᠠᠶᠢᠵᠤ ᠪᠣᠯᠣᠨ᠎ᠠ᠃ ᠬᠠᠷᠢᠨ ᠮᠠᠰᠢᠨ᠂ ᠭᠠᠯᠲᠤ ᠲᠡᠷᠭᠡ᠂ ᠨᠢᠰᠬᠡᠯ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠡᠷᠡᠭᠰᠡᠯ ᠢᠶᠠᠷ  ᠵᠣᠷᠴᠢᠬᠤ᠂ ᠳᠡᠯᠭᠡᠭᠦᠷ ᠬᠤᠳᠠᠯᠳᠤᠭ᠎ᠠ᠂ ᠨᠣᠭᠤᠭ᠎ᠠ ᠴᠠᠭ᠎ᠠ ᠶᠢᠨ ᠵᠠᠬ᠎ᠠ ᠵᠡᠷᠭᠡ ᠪᠠᠷ ᠲᠣᠭᠤᠷᠢᠬᠤ᠂ ᠠᠯᠪᠠᠨ ᠠᠰᠠᠷ ᠲᠤ ᠣᠷᠣᠬᠤ᠂ ᠡᠮᠨᠡᠯᠭᠡ ᠶᠢᠨ ᠬᠤᠷᠢᠶᠠᠨ ᠳᠤ ᠣᠴᠢᠬᠤ ᠵᠡᠷᠭᠡ ᠪᠢᠲᠡᠭᠦᠦ ᠣᠷᠴᠢᠨ ᠳᠤ ᠡᠷᠬᠡᠪᠰᠢ ᠠᠮᠠᠪᠴᠢ ᠵᠡᠭᠦᠬᠦ ᠬᠡᠷᠡᠭᠲᠡᠢ᠃ ᠡᠭᠦᠨ ᠠᠴᠠ ᠭᠠᠳᠠᠨ᠎ᠠ ᠡᠮᠴᠢ ᠰᠤᠪᠢᠯᠠᠭᠴᠢ᠂ ᠪᠢᠲᠡᠭᠦᠦ ᠣᠷᠴᠢᠨ ᠳᠤ ᠠᠵᠢᠯᠯᠠᠵᠤ ᠪᠠᠶᠢᠭ᠎ᠠ ᠬᠥᠮᠥᠰ᠂ ᠠᠷᠬᠠᠭ ᠡᠪᠡᠳᠴᠢᠲᠡᠨ ᠪᠠ ᠨᠠᠰᠤᠲᠠᠶᠢᠴᠤᠳ ᠣᠯᠠᠨ ᠨᠡᠶᠢᠲᠡ ᠶᠢᠨ ᠲᠠᠯᠠᠪᠤᠷ ᠲᠤ ᠡᠷᠬᠡᠪᠰᠢ ᠠᠮᠠᠪᠴᠢ ᠵᠡᠭᠦᠬᠦ ᠬᠡᠷᠡᠭᠲᠡᠢ᠃ ᠢᠯᠠᠩᠭᠤᠶ᠎ᠠ ᠠᠮᠢᠰᠬᠤᠯ ᠤᠨ ᠵᠠᠮ ᠤᠨ ᠡᠪᠡᠳᠴᠢᠲᠡᠨ ᠨᠡᠩ ᠴᠦ ᠤᠬᠠᠮᠰᠠᠷ ᠠᠴᠠ ᠪᠠᠨ ᠠᠮᠠᠪᠴᠢ ᠵᠡᠭᠦᠬᠦ ᠬᠡᠷᠡᠭᠲᠡᠢ ᠭᠡᠵᠡᠢ᠃      ᠠᠭᠠᠷ ᠲᠣᠬᠢᠷᠠᠭᠤᠯᠤᠭᠴᠢ ᠶᠢ ᠬᠡᠷᠡᠭᠯᠡᠬᠦ ᠦᠦ︖ ᠪᠣᠯᠢᠬᠤ ᠦᠦ︖      ᠵᠤᠨ ᠤ ᠪᠥᠭᠴᠢᠮ ᠬᠠᠯᠠᠭᠤᠨ ᠳᠤ ᠬᠡᠯᠡᠯᠭᠡᠨ ᠦᠭᠡᠢ ᠠᠭᠠᠷ ᠲᠣᠬᠢᠷᠠᠭᠤᠯᠤᠭᠴᠢ ᠶᠢ ᠬᠡᠷᠡᠭᠯᠡᠬᠦ ᠦᠭᠡᠢ ᠪᠠᠶᠢᠬᠤ ᠶᠢᠨ ᠠᠷᠭ᠎ᠠ ᠦᠭᠡᠢ ᠶᠤᠮ᠃ ᠰᠢᠨ᠎ᠡ ᠺᠣᠷᠣᠨᠠ ᠸᠢᠷᠦ᠋ᠰ ᠤᠨ ᠬᠢᠵᠢᠭ ᠲᠤ ᠬᠠᠯᠳᠠᠪᠤᠷᠢᠯᠠᠬᠤ ᠠᠴᠠ ᠠᠶᠤᠵᠤ ᠠᠭᠠᠷ ᠲᠣᠬᠢᠷᠠᠭᠤᠯᠤᠭᠴᠢ ᠶᠢ ᠬᠡᠷᠡᠭᠯᠡᠬᠦ ᠶᠢ ᠲᠡᠪᠴᠢᠬᠦ ᠳᠤ ᠬᠦᠷᠪᠡᠯ ᠨᠠᠷᠠᠰᠢᠬᠤ ᠵᠡᠷᠭᠡ ᠡᠷᠡᠭᠦᠯ ᠮᠡᠨᠳᠦ ᠶᠢᠨ ᠲᠠᠭ᠎ᠠ ᠦᠭᠡᠢ ᠪᠠᠶᠢᠳᠠᠯ ᠳᠤ ᠤᠴᠠᠷᠠᠬᠤ ᠪᠣᠯᠣᠨ᠎ᠠ᠂ ᠭᠡᠬᠦ ᠳᠡᠭᠡᠨ ᠠᠭᠠᠷ ᠲᠣᠬᠢᠷᠠᠭᠤᠯᠤᠭᠴᠢ ᠶᠢ ᠠᠮᠠᠭᠠᠢ ᠵᠢᠯᠣᠭᠤ ᠦᠭᠡᠢ ᠬᠡᠷᠡᠭᠯᠡᠪᠡᠯ ᠮᠥᠨ ᠠᠳᠠᠯᠢᠬᠠᠨ ᠳᠠᠷᠬᠠᠯᠠᠭ᠎ᠠ ᠮᠠᠭᠤᠳᠠᠵᠤ ᠠᠮᠠᠷᠬᠠᠨ ᠡᠪᠡᠳᠴᠢᠨ ᠲᠠᠬᠤᠯ ᠳᠤ ᠥᠷᠲᠥᠬᠦ ᠪᠣᠯᠣᠨ᠎ᠠ᠃      ᠡᠶᠢᠮᠦ ᠠᠴᠠ ᠭᠡᠷ ᠲᠡᠭᠡᠨ ᠠᠭᠠᠷ ᠲᠣᠬᠢᠷᠠᠭᠤᠯᠤᠭᠴᠢ ᠶᠢ ᠬᠡᠷᠡᠭᠯᠡᠬᠦ ᠳᠡᠭᠡᠨ ᠰᠠᠶᠢᠨ ᠠᠷᠢᠭᠤᠳᠬᠠᠨ ᠴᠡᠪᠡᠷᠯᠡᠵᠦ᠂ ᠳᠤᠯᠠᠭᠠᠨ ᠤ ᠬᠡᠮᠵᠢᠶ᠎ᠡ ᠶᠢ 26 ᠭᠷᠡᠳᠦ᠋ᠰ ᠠᠴᠠ ᠳᠣᠣᠷ᠎ᠠ ᠪᠣᠯᠭᠠᠬᠤ ᠦᠭᠡᠢ ᠪᠠᠶᠢᠬᠤ ᠶᠢ ᠪᠠᠲᠤᠯᠠᠵᠤ᠂ ᠪᠠᠶᠢᠩᠭᠤ ᠴᠣᠩᠬᠤ ᠪᠠᠨ ᠨᠡᠭᠡᠭᠡᠵᠦ ᠠᠭᠠᠷ ᠨᠡᠪᠲᠡᠷᠡᠭᠦᠯᠬᠦ ᠬᠡᠷᠡᠭᠲᠡᠢ᠃ ᠣᠯᠠᠨ ᠨᠡᠶᠢᠲᠡ ᠶᠢᠨ ᠲᠠᠯᠠᠪᠤᠷ᠂ ᠠᠯᠪᠠᠨ ᠠᠰᠠᠷ ᠲᠤ ᠨᠡᠶᠢᠲᠡ ᠶᠢᠨ ᠠᠭᠠᠷ ᠲᠣᠬᠢᠷᠠᠭᠤᠯᠤᠭᠴᠢ ᠶᠢ ᠬᠡᠷᠡᠭᠯᠡᠬᠦ ᠳᠡᠭᠡᠨ ᠴᠦ ᠰᠠᠯᠬᠢᠨ ᠨᠡᠪᠲᠡᠷᠡᠭᠦᠯᠬᠦ ᠰᠢᠰᠲ᠋ᠧᠮ ᠤᠨ ᠠᠶᠤᠯ ᠦᠭᠡᠢ ᠪᠠᠶᠢᠬᠤ ᠶᠢ ᠪᠠᠲᠤᠯᠠᠵᠤ᠂ ᠬᠢᠵᠢᠭ ᠢ ᠰᠡᠷᠭᠡᠶᠢᠯᠡᠨ ᠳᠠᠷᠤᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠲᠤᠰᠬᠠᠢ ᠮᠡᠷᠭᠡᠵᠢᠯᠲᠡᠨ ᠰᠠᠨᠠᠭᠤᠯᠵᠤ ᠪᠠᠶᠢᠨ᠎ᠠ᠃      ᠰᠢᠮᠠᠭᠤᠯ ᠳᠤ ᠬᠠᠵᠠᠭᠤᠯᠪᠠᠯ ᠬᠢᠵᠢᠭ ᠲᠤ ᠬᠠᠯᠳᠠᠪᠤᠷᠢᠯᠠᠭᠳᠠᠬᠤ ᠦᠦ︖ ᠦᠭᠡᠢ ᠦᠦ︖      ᠵᠤᠨ ᠤ ᠬᠠᠯᠠᠭᠤᠨ ᠪᠣᠯᠵᠤ ᠰᠢᠮᠠᠭᠤᠯ ᠣᠯᠠᠰᠢᠷᠠᠵᠤ᠂ ᠰᠢᠮᠠᠭᠤᠯ ᠳᠤ ᠬᠠᠵᠠᠭᠤᠯᠤᠭᠰᠠᠨ ᠠᠴᠠ ᠪᠣᠯᠵᠤ ᠬᠢᠵᠢᠭ  ᠲᠤ ᠬᠠᠯᠳᠠᠪᠤᠷᠢᠯᠠᠭᠳᠠᠬᠤ ᠠᠴᠠ ᠬᠥᠮᠥᠰ ᠠᠶᠤᠵᠤ ᠡᠮᠢᠶᠡᠬᠦ ᠪᠣᠯᠣᠯ᠎ᠠ᠃ ᠰᠢᠮᠠᠭᠤᠯ ᠳᠤ ᠬᠠᠵᠠᠭᠳᠠᠭᠰᠠᠨ ᠠᠴᠠ ᠪᠣᠯᠵᠤ ᠬᠢᠵᠢᠭ ᠲᠤ ᠬᠠᠯᠳᠠᠪᠤᠷᠢᠯᠠᠭᠳᠠᠬᠤ ᠡᠰᠡᠬᠦ ᠲᠤᠬᠠᠢ ᠪᠡᠭᠡᠵᠢᠩ ᠤᠨ ᠴᠢᠩᠬᠤᠸᠠ ᠴᠠᠩ ᠭᠧᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠰᠠᠯᠠᠭ᠎ᠠ ᠶᠢᠨ ᠡᠷᠬᠢᠯᠡᠭᠴᠢ ᠯᠢᠨ ᠮᠢᠩ ᠭᠦᠢ ᠬᠡᠯᠡᠬᠦ ᠳᠡᠭᠡᠨ᠂ ᠰᠢᠮᠠᠭᠤᠯ ᠳᠤ ᠬᠠᠵᠠᠭᠳᠠᠭᠰᠠᠨ ᠠᠴᠠ ᠪᠣᠯᠵᠤ ᠦᠨᠡᠬᠡᠷ ᠣᠯᠠᠨ ᠵᠦᠢᠯ ᠤᠨ ᠡᠪᠡᠳᠴᠢᠨ ᠬᠠᠯᠳᠠᠪᠤᠷᠢᠯᠠᠳᠠᠭ᠂ ᠭᠡᠪᠡᠴᠦ ᠣᠳᠣᠬᠠᠨ ᠳᠤ ᠰᠢᠨ᠎ᠡ ᠺᠣᠷᠣᠨᠠ ᠸᠢᠷᠦ᠋ᠰ ᠤᠨ ᠬᠢᠵᠢᠭ ᠰᠢᠮᠠᠭᠤᠯ ᠢᠶᠠᠷ ᠳᠠᠮᠵᠢᠵᠤ ᠬᠥᠮᠥᠨ ᠳᠤ ᠬᠠᠯᠳᠠᠪᠤᠷᠢᠯᠠᠬᠤ ᠶᠠᠮᠠᠷ ᠴᠦ ᠭᠡᠷᠡᠴᠢ ᠪᠠᠷᠢᠮᠲᠠ ᠦᠭᠡᠢ ᠶᠤᠮ᠃ ᠡᠶᠢᠮᠦ ᠠᠴᠠ ᠣᠯᠠᠨ ᠲᠦᠮᠡᠨ ᠠᠶᠤᠵᠤ ᠡᠮᠢᠶᠡᠬᠦ ᠱᠠᠭᠠᠷᠳᠠᠯᠭ᠎ᠠ ᠦᠭᠡᠢ᠃ ᠭᠡᠪᠡᠴᠦ ᠣᠷᠣᠨ ᠰᠠᠭᠤᠴᠠ᠂ ᠣᠷᠴᠢᠨ ᠲᠣᠭᠤᠷᠢᠨ ᠤ ᠪᠠᠨ ᠡᠷᠡᠭᠦᠯ ᠬᠠᠮᠠᠭᠠᠯᠠᠯ ᠠᠷᠢᠭᠤᠨ ᠴᠡᠪᠡᠷ ᠢ ᠰᠠᠶᠢᠨ ᠪᠠᠲᠤᠯᠠᠵᠤ᠂ ᠰᠢᠮᠠᠭᠤᠯ ᠦᠭᠡᠢ ᠪᠠᠶᠢᠬᠤ ᠶᠢ ᠡᠷᠬᠡᠪᠰᠢ ᠠᠩᠬᠠᠷᠬᠤ ᠬᠡᠷᠡᠭᠲᠡᠢ᠃ ᠤᠴᠢᠷ ᠨᠢ ᠰᠢᠯᠦᠬᠡᠢ ᠡᠪᠡᠳᠴᠢᠨ᠂ ᠳ᠋ᠧᠩᠭᠦ ᠶᠢᠨ ᠬᠠᠯᠠᠭᠤᠷᠠᠯ᠂ ᠲᠠᠷᠢᠬᠢᠨ ᠤ ᠬᠥᠬᠡᠭᠴᠢᠨ ᠬᠡᠯᠪᠡᠷᠢ ᠶᠢᠨ ᠦᠷᠪᠢᠰᠦᠯ ᠵᠡᠷᠭᠡ ᠨᠢ ᠪᠦᠷ ᠰᠢᠮᠠᠭᠤᠯ ᠢᠶᠠᠷ ᠳᠠᠮᠵᠢᠨ ᠳᠡᠯᠭᠡᠷᠡᠭᠰᠡᠨ ᠶᠤᠮ ᠰᠢᠤ ᠭᠡᠵᠡᠢ᠃
 
ᠢᠷᠡᠯᠲᠡ᠄ ᠳᠣᠮᠳᠠᠳᠣ ᠣᠯᠤᠰ ᠤᠨ ᠮᠣᠩᠭᠤᠯ ᠷᠠᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号