2019 ᠣᠨ ᠤ 12 ᠳ᠋ᠤᠭᠠᠷ ᠰᠠᠷ᠎ᠠ ᠶᠢᠨ 6 ᠤ ᠡᠳᠦᠷ᠂ ᠲᠣᠮᠳᠠᠳᠣ ᠣᠯᠣᠰ ᠤᠨ ᠲᠠᠷᠢᠶᠠᠯᠠᠩ ᠤᠨ | ᠰᠢᠨᠵᠢᠯᠡᠬᠦ ᠣᠬᠠᠭᠠᠨ ᠤ ᠬᠦᠷᠢᠶᠡᠯᠡᠩ ᠤᠨ ᠯᠠᠨᠵᠸᠣ ᠳᠠᠬᠢ ᠮᠠᠯ ᠤᠨ ᠡᠮᠨᠡᠯᠬᠡ ᠶᠢᠨ ᠰᠣᠳᠣᠯᠭᠠᠨ ᠤ ᠭᠠᠵᠠᠷ ᠠᠴᠠ | ᠮᠡᠳᠡᠬᠡᠯᠡᠯ ᠨᠡᠶᠢᠳᠡᠯᠡᠵᠦ ᠲᠡᠮᠳᠡᠭᠯᠡᠬᠦ ᠳᠡᠭᠡᠨ᠂ 11 ᠳ᠋ᠦ᠋ᠭᠡᠷ ᠰᠠᠷ᠎ᠠ ᠶᠢᠨ 28 ᠠᠴᠠ 29 ᠤ ᠡᠳᠦᠷ ᠪᠣᠯᠳᠠᠯ᠎ᠠ᠂ ᠲᠣᠰ | ᠰᠣᠳᠣᠯᠭᠠᠨ ᠤ ᠭᠠᠵᠠᠷ ᠤᠨ ᠱᠦᠯᠬᠦᠭᠡ ᠡᠪᠡᠳᠴᠢᠨ ᠢ ᠰᠡᠷᠬᠡᠶᠢᠯᠡᠨ ᠬᠤᠷᠢᠭᠯᠠᠬᠤ ᠮᠡᠷᠬᠡᠵᠢᠯ ᠤᠨ ᠪᠦᠯᠬᠦᠮ ᠤᠨ ᠬᠢᠨ | ᠣᠷᠢᠳ ᠬᠤᠵᠢᠳ 4 ᠰᠣᠷᠣᠭᠴᠢ ᠶᠢᠨ ᠴᠢᠰᠦᠨ ᠤ ᠢᠯᠳᠠᠰᠣᠨ ᠳᠤ ᠪᠷᠦ᠋ᠼᠧᠯ ᠤᠨ ᠪᠠᠺᠲ᠋ᠧᠷᠢ ᠶᠢᠨ ᠡᠶᠡᠷᠬᠦ | ᠣᠷᠪᠠᠯ ᠲᠠᠢ ᠪᠠᠶᠢᠭᠰᠠᠨ ᠢ ᠲᠣᠳᠣᠯᠠᠯᠠ ᠬᠡᠵᠡᠢ᠃ ᠣᠳᠣ ᠪᠣᠯᠳᠠᠯ᠎ᠠ ᠲᠣᠰ ᠰᠣᠳᠣᠯᠭᠠᠨ ᠤ ᠭᠠᠵᠠᠷ ᠨᠡᠶᠢᠳᠡ 263 | ᠬᠦᠮᠦᠨ ᠳᠤ ᠪᠠᠶᠢᠴᠠᠭᠠᠯᠲᠠ ᠬᠢᠵᠦ᠂ ᠭᠠᠨᠰᠣ ᠮᠣᠵᠢ ᠶᠢᠨ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ | ᠤᠨ ᠬᠢ ᠪᠠᠷ ᠲᠣᠳᠣᠯᠠᠭᠤᠯᠤᠭᠰᠠᠨ ᠤ ᠳ᠋ᠦᠩ ᠳᠤ 65 ᠬᠥᠮᠥᠨ ᠨᠢ ᠪᠷᠦ᠋ᠼᠧᠯ ᠤᠨ ᠪᠠᠺᠲ᠋ᠧᠷᠢ ᠶᠢᠨ ᠡᠶᠡᠷᠬᠦ ᠣᠷᠪᠠᠯ | ᠲᠠᠢ ᠬᠡᠵᠦ ᠨᠣᠳᠠᠯᠠᠭᠳᠠᠭᠰᠠᠨ ᠪᠠᠶᠢᠨ᠎ᠠ᠃ ᠡᠳᠡᠭᠡᠷ ᠬᠥᠮᠥᠨ ᠤ ᠳᠣᠲᠣᠷ᠎ᠠ᠂ ᠵᠠᠷᠢᠮ ᠣᠨᠴᠠᠭᠠᠢ ᠬᠡᠳᠦᠨ ᠬᠦᠮᠦᠨ ᠤ | ᠪᠡᠶ᠎ᠡ ᠳᠤ ᠡᠪ ᠦᠭᠡᠢ ᠪᠠᠶᠢᠳᠠᠯ ᠭᠠᠷᠣᠭᠰᠠᠨ ᠠᠴᠠ ᠭᠠᠳᠠᠨ᠎ᠠ ᠪᠣᠰᠣᠳ ᠬᠦᠮᠦᠰ ᠤᠨ ᠪᠡᠶ᠎ᠡ ᠲᠡᠭᠡᠷ᠎ᠡ ᠣᠨᠴᠠᠭᠠᠢ | ᠡᠪᠡᠳᠴᠢᠨ ᠤ ᠢᠯᠡᠷᠡᠯ ᠦᠬᠡᠢ᠃ | ᠪᠷᠦ᠋ᠼᠧᠯ ᠡᠪᠡᠳᠴᠢᠨ ᠬᠡᠳᠡᠭ ᠨᠢ ᠶᠠᠮᠠᠷ ᠡᠪᠡᠳᠴᠢᠨ ᠪᠣᠢ︖ | ᠪᠷᠦ᠋ᠼᠧᠯ ᠡᠪᠡᠳᠴᠢᠨ ᠪᠣᠯ ᠪᠷᠦ᠋ᠼᠧᠯ ᠤᠨ ᠪᠠᠺᠲ᠋ᠧᠷᠢ ᠠᠴᠠ ᠡᠬᠦᠰᠦᠯᠳᠠᠢ ᠬᠦᠮᠦᠨ ᠮᠠᠯ ᠳᠤ ᠵᠡᠷᠬᠡᠪᠡᠷ | ᠬᠠᠯᠳᠠᠪᠣᠷᠢᠯᠠᠳᠠᠭ ᠬᠠᠯᠳᠠᠪᠣᠷᠢᠳᠣ ᠡᠪᠡᠳᠴᠢᠨ ᠪᠣᠯᠣᠨ᠎ᠠ᠃ ᠡᠨᠡ ᠡᠪᠡᠳᠴᠢᠨ ᠢ ︽ᠬᠠᠯᠳᠠᠪᠣᠷᠢᠳᠣ ᠡᠪᠡᠳᠴᠢᠨ ᠢ | ᠰᠡᠷᠬᠡᠶᠢᠯᠡᠨ ᠵᠠᠰᠠᠬᠤ ᠬᠠᠣᠯᠢ︾ ᠳᠤ ᠬᠦᠬᠡᠭᠴᠢᠨ ᠲᠦᠷᠦᠯ ᠤᠨ ᠬᠠᠯᠳᠠᠪᠣᠷᠢᠳᠣ ᠡᠪᠡᠳᠴᠢᠨ ᠢᠶᠠᠷ ᠲᠣᠭᠳᠠᠭᠠᠭᠰᠠᠨ | ᠪᠠᠶᠢᠳᠠᠭ᠃ ᠬᠠᠯᠳᠠᠪᠣᠷᠢᠯᠠᠬᠤ ᠡᠬᠢ ᠡᠬᠦᠰᠦᠯ ᠪᠣᠯ ᠬᠤᠨᠢ᠂ ᠦᠬᠡᠷ᠂ ᠭᠠᠭ᠋ᠠᠢ᠂ ᠨᠣᠬᠠᠢ ᠵᠡᠷᠬᠡ ᠬᠡᠷ ᠤᠨ ᠲᠡᠵᠢᠬᠡᠪᠣᠷᠢ | ᠪᠣᠯᠣᠨ᠎ᠠ᠃ ᠡᠨᠡ ᠡᠪᠡᠳᠴᠢᠨ ᠪᠦᠬᠦ ᠲᠡᠯᠡᠬᠡᠢ ᠶᠢᠨ 170 ᠭᠠᠷᠣᠢ ᠣᠯᠣᠰ ᠲᠤ ᠲᠠᠷᠬᠠᠵᠦ ᠪᠠᠶᠢᠬᠤ ᠪᠣᠯᠪᠠᠴᠣ | ᠬᠦᠭᠵᠢᠭᠰᠡᠨ ᠣᠯᠣᠰ ᠨᠢᠬᠡᠨᠳᠡ ᠡᠵᠡᠮᠳᠡᠵᠦ ᠴᠢᠳᠠᠭᠰᠠᠨ ᠪᠠᠶᠢᠨ᠎ᠠ᠃ ᠣᠳᠣ ᠡᠨᠡ ᠡᠪᠡᠳᠴᠢᠨ ᠳᠤᠮᠳᠠᠳᠤ ᠳᠣᠷᠣᠨᠠᠲᠤ | ᠣᠷᠣᠨ᠂ ᠠᠽᠢᠶ᠎ᠠ ᠲᠢᠪ᠂ ᠠᠹᠷᠢᠺᠠ ᠲᠢᠪ᠂ ᠯᠠᠲ᠋ᠢᠨ ᠠᠮᠧᠷᠢᠺᠠ ᠲᠢᠪ ᠤᠨ ᠳᠤᠮᠳᠠ ᠪᠡᠶ᠎ᠡ ᠪᠣᠯᠣᠨ ᠡᠮᠦᠨᠡᠳᠣ ᠪᠡᠶ᠎ᠡ᠂ | ᠭᠠᠵᠠᠷ ᠤᠨ ᠲᠣᠮᠳᠠᠳᠣ ᠲᠠᠩᠬᠢᠰ ᠤᠨ ᠬᠤᠲᠣᠭᠤᠷ ᠪᠣᠯᠣᠨ ᠺᠠᠷᠢᠪ ᠤᠨ ᠲᠠᠩᠬᠢᠰ ᠤᠨ ᠭᠠᠵᠠᠷ ᠣᠷᠣᠨ ᠢᠶᠠᠷ ᠪᠠᠶᠢᠩᠭᠤ | ᠬᠠᠷᠠᠭᠳᠠᠵᠦ ᠪᠠᠶᠢᠨ᠎ᠠ᠃ | ᠪᠷᠦ᠋ᠼᠧᠯ ᠡᠪᠡᠳᠴᠢᠨ 1960 ᠣᠨ ᠠᠴᠠ 1970 ᠣᠨ ᠤ ᠬᠤᠭᠤᠷᠣᠨᠳᠣ ᠮᠠᠨ ᠤ ᠣᠯᠣᠰ ᠲᠤ | ᠬᠠᠯᠳᠠᠪᠣᠷᠢᠯᠠᠭᠰᠠᠨ ᠪᠣᠯᠪᠠᠴᠣ ᠰᠡᠬᠦᠯᠡᠷ ᠨᠢ ᠡᠵᠡᠮᠳᠡᠵᠦ ᠴᠢᠳᠠᠭᠰᠠᠨ ᠶᠣᠮ᠃ | ᠪᠷᠦ᠋ᠼᠧᠯ ᠡᠪᠡᠳᠴᠢᠨ ᠤ ᠬᠠᠯᠳᠠᠪᠤᠷᠢᠯᠠᠬᠤ ᠵᠠᠮ | 1. ᠠᠷᠠᠰᠣ᠂ ᠰᠠᠯᠢᠰᠣᠨ ᠪᠦᠷᠬᠦᠪᠴᠢ ᠪᠠᠷ ᠲᠠᠮᠵᠢᠨ ᠬᠦᠮᠦᠨ ᠤ ᠪᠡᠶ᠎ᠡ ᠳᠤ ᠬᠠᠯᠳᠠᠪᠣᠷᠢᠯᠠᠳᠠᠭ᠃ | 2. ᠪᠷᠦ᠋ᠼᠧᠯ ᠤᠨ ᠪᠠᠺᠲ᠋ᠧᠷᠢ ᠶᠢᠨ ᠬᠠᠯᠳᠠᠪᠤᠷᠢ ᠶᠢ ᠡᠬᠦᠰᠬᠡᠳᠡᠭ ᠠᠮᠢᠳᠠᠨ ᠪᠣᠯ ᠭᠤᠣᠯᠳᠠᠭᠤ ᠬᠤᠨᠢ᠂ ᠦᠬᠡᠷ | ᠂ ᠭᠠᠭ᠋ᠠᠢ ᠵᠡᠷᠬᠡ ᠬᠡᠷ ᠤᠨ ᠲᠡᠵᠢᠬᠡᠪᠣᠷᠢ ᠪᠣᠯᠣᠨ᠎ᠠ᠂ ᠡᠳᠡᠭᠡᠷ ᠠᠮᠢᠳᠠᠨ ᠲᠠᠢ ᠰᠢᠭᠤᠳ ᠣᠶᠢᠷᠠᠳᠣᠬᠤ ᠪᠣᠶᠣ | ᠲᠡᠳᠡᠭᠡᠷ ᠤᠨ ᠢᠯᠭᠠᠳᠠᠰᠤ ᠪᠠᠷ ᠨᠢ ᠲᠠᠮᠵᠢᠵᠦ ᠬᠦᠮᠦᠨ ᠳᠤ ᠬᠠᠯᠳᠠᠪᠣᠷᠢᠯᠠᠳᠠᠭ᠃ ᠪᠠᠰᠨ ᠬᠡᠬᠡᠯ ᠬᠠᠶᠠᠭᠰᠠᠨ ᠮᠠᠯ ᠤᠨ | ᠬᠡᠬᠡᠯ ᠠᠴᠠ ᠬᠠᠯᠳᠠᠪᠣᠷᠢᠯᠠᠳᠠᠭ᠃ ᠡᠶᠢᠮᠦ ᠠᠴᠠ᠂ ᠮᠠᠯ ᠲᠡᠵᠢᠬᠡᠬᠦ᠂ ᠰᠦ ᠰᠠᠭᠠᠬᠤ᠂ ᠨᠣᠣᠰᠣ ᠬᠠᠶᠢᠴᠢᠯᠠᠬᠤ᠂ ᠮᠠᠯ | ᠨᠢᠳᠣᠯᠬᠤ᠂ ᠠᠷᠠᠰᠣ ᠨᠣᠣᠰᠣ ᠪᠣᠯᠣᠨ ᠮᠢᠬ᠎ᠠ ᠶᠠᠰᠣ ᠶᠢ ᠨᠢ ᠪᠣᠯᠪᠠᠰᠤᠷᠠᠭᠤᠯᠬᠤ ᠦᠶᠡᠰ ᠰᠠᠶᠢᠨ ᠰᠡᠷᠭᠡᠶᠢᠯᠡᠬᠦ ᠦᠬᠡᠢ | ᠶᠤᠮ ᠪᠣᠯ ᠠᠷᠠᠰᠣ ᠪᠣᠶᠣ ᠰᠠᠯᠢᠰᠦᠨ ᠪᠦᠷᠬᠦᠪᠴᠢ ᠪᠠᠷ ᠲᠠᠮᠵᠢᠨ ᠬᠦᠮᠦᠨ ᠳᠤ ᠬᠠᠯᠳᠠᠪᠣᠷᠢᠯᠠᠳᠠᠭ᠃ ᠪᠠᠰᠨ | ᠡᠪᠡᠳᠴᠢᠨ ᠲᠠᠢ ᠮᠠᠯ ᠪᠣᠯᠣᠨ ᠲᠡᠬᠦᠨ ᠤ ᠣᠷᠴᠢᠨ ᠲᠣᠭᠤᠷᠢᠨ ᠳᠤ ᠪᠠᠶᠢᠭ᠎ᠠ ᠪᠣᠳᠠᠰ ᠠᠴᠠ ᠴᠣ᠋ ᠬᠠᠯᠳᠠᠪᠣᠷᠢᠯᠠᠳᠠᠭ᠃ | 3. ᠰᠢᠩᠬᠡᠬᠡᠯᠳᠡ ᠶᠢᠨ ᠰᠢᠰᠲ᠋ᠧᠮ ᠢᠶᠠᠷ ᠬᠠᠯᠳᠠᠪᠣᠷᠢᠯᠠᠨ᠎ᠠ᠃ ᠪᠷᠦ᠋ᠼᠧᠯ ᠤᠨ ᠪᠠᠺᠲ᠋ᠧᠷᠢ ᠠᠭᠤᠯᠣᠭ᠊ᠳᠠᠭᠰᠠᠨ | ᠴᠢᠨᠠᠵᠦ ᠪᠣᠯᠭᠤᠭᠠᠭᠰᠠᠨ ᠦᠬᠡᠢ ᠮᠢᠬ᠎ᠠ᠂ ᠰᠦ ᠢᠳᠡᠵᠦ ᠣᠣᠭᠤᠪᠠᠯ ᠠᠮᠠᠷᠬᠠᠨ ᠬᠠᠯᠳᠠᠪᠣᠷᠢᠯᠠᠨ᠎ᠠ᠃ | 4. ᠠᠮᠢᠰᠬᠤᠯ ᠤᠨ ᠵᠠᠮ ᠢᠶᠠᠷ ᠬᠠᠯᠳᠠᠪᠣᠷᠢᠯᠠᠳᠠᠭ᠃ ᠭᠤᠣᠯᠳᠠᠭᠤ ᠪᠷᠦ᠋ᠼᠧᠯ ᠤᠨ ᠪᠠᠺᠲ᠋ᠧᠷᠢ ᠲᠠᠢ ᠬᠤᠮᠠᠬᠢ | ᠲᠣᠭᠤᠰᠣ ᠶᠢ ᠠᠮᠢᠰᠬᠤᠪᠠᠯ ᠲᠣᠰ ᠡᠪᠡᠳᠴᠢᠨ ᠬᠠᠯᠳᠠᠪᠤᠷᠢᠯᠠᠭᠳᠠᠳᠠᠭ᠃ ᠠᠷᠠᠰᠣ ᠨᠣᠣᠰᠣᠨ ᠤ ᠣᠶᠢᠯᠡᠳᠪᠣᠷᠢ ᠶᠢᠨ | ᠠᠵᠢᠯᠴᠢᠨ᠂ ᠪᠷᠦ᠋ᠼᠧᠯ ᠤᠨ ᠪᠠᠺᠲ᠋ᠧᠷᠢ ᠶᠢᠨ ᠲᠣᠷᠰᠢᠯᠳᠠ ᠶᠢᠨ ᠦᠷᠦᠬᠡᠨ ᠳᠠᠬᠢ ᠬᠦᠮᠦᠰ ᠨᠡᠩ ᠠᠮᠠᠷᠬᠨ | ᠬᠠᠯᠳᠠᠪᠤᠷᠢᠯᠠᠭᠳᠠᠳᠠᠭ᠃ | ᠲᠣᠰ ᠡᠪᠡᠳᠴᠢᠨ ᠢ ᠡᠷᠳᠡ ᠣᠨᠣᠰᠢᠯᠠᠬᠤ ᠳᠤ ᠬᠦᠴᠢᠷ ᠲᠠᠢ ᠪᠠᠶᠢᠳᠠᠭ ᠤᠨ ᠰᠢᠯᠳᠠᠭᠠᠨ᠄ | 1. ᠪᠷᠦ᠋ᠼᠧᠯ ᠡᠪᠡᠳᠴᠢᠨ ᠳᠤ ᠨᠡᠷᠪᠡᠭᠳᠡᠭᠰᠡᠳ ᠭᠤᠣᠯᠳᠠᠭᠤ ᠬᠠᠯᠠᠭᠤᠷᠠᠬᠤ᠂ ᠲᠠᠮᠢᠷᠳᠠᠬᠤ᠂ ᠬᠦᠯᠦᠰᠦ | ᠭᠠᠷᠬᠤ ᠦᠶ᠎ᠡ ᠬᠡᠰᠢᠬᠦᠦ ᠡᠪᠡᠳᠬᠦ ᠵᠡᠷᠬᠡ ᠡᠪᠡᠳᠴᠢᠨ ᠤ ᠢᠯᠡᠷᠡᠯ ᠲᠠᠢ ᠪᠠᠶᠢᠳᠠᠭ᠂ ᠪᠣᠰᠣᠳ ᠣᠯᠠᠨ ᠲᠦᠷᠦᠯ ᠤᠨ | ᠡᠪᠡᠳᠴᠢᠨ ᠲᠠᠢ ᠠᠳᠠᠯᠢᠬᠠᠨ ᠢᠶᠠᠷ ᠣᠨᠴᠠᠭᠠᠢ ᠢᠯᠡᠷᠡᠯ ᠦᠬᠡᠢ ᠮᠦᠷᠳᠡᠬᠡᠨ ᠢᠯᠡᠷᠡᠯ ᠨᠢ ᠬᠠᠷᠢᠴᠠᠩᠭᠤᠢ ᠪᠠᠷ ᠬᠦᠩᠬᠡᠨ | ᠪᠠᠶᠢᠳᠠᠭ ᠲᠤᠯᠠ ᠡᠪᠡᠳᠴᠢᠳᠡᠳ ᠶᠡᠷᠦ ᠳᠡᠭᠡᠨ ᠡᠮᠨᠡᠯᠬᠡ ᠳᠤ ᠣᠴᠢᠵᠦ ᠪᠠᠶᠢᠴᠠᠭᠠᠯᠭᠠᠳᠠᠭ ᠦᠬᠡᠢ᠃ | 2. ᠡᠮᠴᠢ ᠨᠠᠷ᠂ ᠣᠨᠴᠠᠭᠠᠶᠢᠯᠠᠨ ᠮᠠᠯᠵᠢᠬᠤ ᠣᠷᠣᠨ ᠤ ᠪᠣᠰᠣ ᠡᠮᠨᠡᠯᠬᠡ ᠶᠢᠨ ᠠᠵᠢᠯᠳᠠᠳ ᠲᠤ ᠡᠨᠡ ᠬᠦ | ᠡᠪᠡᠳᠴᠢᠨ ᠤ ᠲᠤᠬᠠᠢ ᠲᠠᠨᠢᠯᠳᠠ ᠲᠣᠳᠠᠮᠠᠭ ᠪᠠᠶᠢᠳᠠᠭ᠃ ᠲᠠᠩᠳᠠ ᠰᠢᠯᠳᠠᠭᠠᠨ ᠦᠬᠡᠢ ᠪᠠᠷ ᠬᠠᠯᠠᠭᠤᠷᠠᠬᠤ᠂ | ᠰᠢᠯᠳᠠᠭᠠᠨ ᠦᠬᠡᠢ ᠪᠠᠷ ᠦᠶ᠎ᠡ ᠬᠡᠰᠢᠬᠦᠦ ᠡᠪᠡᠳᠬᠦ ᠵᠡᠷᠬᠡ ᠪᠠᠷ ᠲᠣᠳᠣᠯᠠᠵᠦ᠂ ᠰᠦᠷᠢᠶ᠎ᠠ ᠡᠪᠡᠳᠴᠢᠨ᠂ ᠬᠡᠷᠡᠬᠦ | ᠴᠢᠨᠠᠷᠳᠠᠢ ᠲᠠᠷᠬᠠᠯᠠᠭ᠎ᠠ ᠶᠢᠨ ᠡᠪᠡᠳᠴᠢᠨ᠂ ᠴᠢᠰᠣᠨ ᠰᠢᠰᠲ᠋ᠧᠮ ᠤᠨ ᠡᠪᠡᠳᠴᠢᠨ ᠵᠡᠷᠬᠡ ᠲᠠᠯ᠎ᠠ ᠪᠠᠷ ᠣᠴᠢᠵᠦ | ᠡᠪᠡᠳᠴᠢᠨ ᠤ ᠰᠢᠯᠳᠠᠭᠠᠨ ᠢ ᠪᠣᠳᠣᠯᠬᠢᠯᠠᠳᠠᠭ ᠠᠴᠠ ᠪᠢᠰᠢ᠂ ᠬᠠᠷᠢᠨ ᠪᠷᠦ᠋ᠼᠧᠯ ᠤᠨ ᠡᠪᠡᠳᠴᠢᠨ ᠬᠡᠰᠡᠨ ᠢ ᠪᠣᠳᠣᠵᠦ | ᠣᠯᠳᠠᠭ ᠦᠬᠡᠢ ᠶᠤᠮ᠃ | 3. ᠪᠷᠦ᠋ᠼᠧᠯ ᠡᠪᠡᠳᠴᠢᠨ ᠢ ᠲᠣᠳᠣᠯᠠᠨ ᠡᠮᠴᠢᠯᠡᠬᠦ ᠴᠢᠰᠦᠨ ᠴᠠᠶᠢᠪᠠᠩ ᠤᠨ ᠰᠣᠳᠣᠯᠣᠯ ᠢ ᠣᠯᠠᠩᠬᠢ | ᠡᠮᠨᠡᠯᠬᠡ ᠶᠢᠨ ᠬᠤᠷᠢᠶᠠᠨ ᠳᠤ ᠬᠢᠵᠦ ᠴᠢᠳᠠᠳᠠᠭ ᠦᠬᠡᠢ᠃ ᠪᠠᠰᠨ ᠴᠢᠰᠦ ᠦᠷᠡᠵᠢᠭᠦᠯᠬᠦ ᠳᠤ ᠨᠡᠯᠢᠶᠡᠳ ᠣᠷᠳᠣ | ᠬᠤᠭᠤᠴᠠᠭ᠎ᠠ ︵ᠬᠡᠪ ᠤᠨ ᠪᠠᠶᠢᠳᠠᠯ ᠳᠤ 7~8 ᠬᠤᠨᠤᠭ ᠬᠡᠷᠡᠭᠯᠡᠨ᠎ᠡ︶ ᠱᠠᠭᠠᠷᠳᠠᠳᠠᠭ ᠮᠦᠷᠳᠡᠬᠡᠨ ᠡᠶᠡᠷᠬᠦ | ᠣᠷᠪᠠᠯ ᠨᠢ ᠬᠠᠷᠢᠴᠠᠩᠭᠤᠢ ᠲᠣᠣᠷ᠎ᠠ ᠪᠠᠶᠢᠳᠠᠭ ᠵᠡᠷᠭᠡ ᠨᠢ ᠪᠷᠦ᠋ᠼᠧᠯ ᠡᠪᠡᠳᠴᠢᠨ ᠢ ᠡᠷᠳᠡ ᠲᠣᠳᠣᠯᠠᠬᠤ ᠶᠢ | ᠨᠦᠯᠦᠬᠡᠯᠡᠳᠡᠭ᠃ | ᠡᠷᠳᠡ ᠠᠴᠠ ᠣᠨᠣᠰᠢᠯᠠᠵᠤ ᠡᠮᠴᠢᠯᠡᠬᠦᠯᠪᠡᠯ 90% ᠶᠢᠨ ᠡᠪᠡᠳᠴᠢᠳᠡᠨ ᠡᠳᠡᠬᠡᠷᠡᠬᠦ ᠪᠣᠯᠣᠮᠵᠢᠳᠠᠢ᠃ ᠪᠷᠦ᠋ᠼᠧᠯ | ᠡᠪᠡᠳᠴᠢᠨ ᠣᠯᠣᠭᠰᠨᠨ ᠤ ᠲᠠᠷᠠᠭ᠎ᠠ ᠡᠷᠳᠡ ᠠᠴᠠ ᠲᠣᠳᠣᠯᠠᠵᠦ ᠡᠮᠴᠢᠯᠡᠬᠦᠯᠪᠡᠯ 90% ᠠᠴᠠ ᠲᠡᠭᠡᠭᠰᠢᠬᠢ | ᠡᠪᠡᠳᠴᠢᠳᠡᠨ ᠡᠳᠡᠬᠡᠷᠡᠬᠦ ᠪᠣᠯᠣᠮᠵᠢᠳᠠᠢ᠃ ᠨᠢᠭᠤᠬᠳᠠᠮᠠᠯ ᠴᠢᠨᠠᠷᠳᠠᠢ ᠬᠠᠯᠳᠠᠪᠣᠷᠢᠯᠠᠯ ᠪᠣᠯ ᠠᠶᠣᠵᠦ ᠪᠠᠴᠢᠮᠳᠠᠬᠤ ᠬᠡᠷᠡᠭ | ᠦᠬᠡᠢ᠃ ᠶᠠᠮᠠᠷ ᠴᠣ᠋ ᠡᠪᠡᠳᠴᠢᠨ ᠤ ᠢᠯᠡᠷᠡᠯ ᠦᠬᠡᠢ ᠪᠠᠶᠢᠪᠠᠯ ᠪᠡᠶ᠎ᠡ ᠲᠣᠳᠣᠷᠠᠬᠢ ᠡᠪᠡᠳᠴᠢᠨ ᠤ ᠪᠠᠺᠲ᠋ᠧᠷᠢ ᠦᠬᠡᠢ | ᠪᠣᠯᠣᠭᠰᠠᠨ ᠭᠡᠳᠡᠭ ᠢ ᠬᠠᠷᠠᠭᠤᠯᠵᠤ ᠪᠠᠶᠢᠨ᠎ᠠ᠃ ᠡᠨᠡ ᠦᠶᠡᠰ ᠡᠮᠴᠢᠯᠡᠬᠦᠯᠬᠦ ᠬᠡᠷᠡᠭ ᠦᠬᠡᠢ ᠮᠦᠷᠳᠡᠬᠡᠨ ᠪᠣᠰᠣᠳ | ᠬᠦᠮᠦᠨ ᠳᠤ ᠴᠣ᠋ ᠬᠠᠯᠳᠠᠪᠣᠷᠢᠯᠠᠬᠤ ᠦᠬᠡᠢ ᠶᠣᠮ᠃ | ᠪᠷᠦ᠋ᠼᠧᠯ ᠡᠪᠡᠳᠴᠢᠨ ᠢ ᠰᠡᠷᠬᠡᠶᠢᠯᠡᠬᠦ ᠳᠤ ᠦᠪᠡᠷ ᠢ ᠪᠠᠨ ᠰᠠᠶᠢᠨ ᠬᠠᠮᠠᠭᠠᠯᠬᠤ ᠬᠡᠷᠡᠭᠳᠠᠢ᠃ | ᠲᠣᠰ ᠡᠪᠡᠳᠴᠢᠨ ᠪᠣᠯ ᠠᠮᠢᠳᠠᠨ ᠠᠴᠠ ᠡᠬᠦᠰᠦᠯᠳᠠᠢ ᠬᠠᠯᠳᠠᠪᠣᠷᠢᠳᠣ ᠡᠪᠡᠳᠴᠢᠨ ᠪᠣᠯᠬᠤᠷ ᠰᠡᠷᠬᠡᠶᠢᠯᠡᠨ | ᠬᠤᠷᠢᠭᠯᠠᠵᠤ ᠪᠣᠯᠳᠠᠭ ᠶᠣᠮ᠃ ᠨᠢᠬᠡ ᠳᠤ᠂ ᠬᠡᠷ ᠤᠨ ᠲᠡᠵᠢᠬᠡᠪᠣᠷᠢ ᠳᠡᠭᠡᠨ ᠰᠡᠷᠭᠡᠶᠢᠯᠡᠯᠲᠡ ᠶᠢᠨ ᠵᠡᠬᠦᠦ ᠲᠠᠷᠢᠬᠤ | ᠬᠡᠷᠡᠭᠳᠠᠢ︔ ᠬᠤᠶᠠᠷ ᠲᠤ᠂ ᠡᠳᠦᠷ ᠳᠣᠳᠥᠮ ᠬᠡᠷ ᠤᠨ ᠲᠡᠵᠢᠬᠡᠪᠣᠷᠢ ᠳᠡᠭᠡᠨ ᠪᠠᠶᠢᠴᠠᠭᠠᠯᠳᠠ ᠬᠢᠵᠦ᠂ ᠡᠪᠡᠳᠴᠢᠨ ᠲᠠᠢ | ᠮᠠᠯ ᠢᠯᠡᠷᠡᠪᠡᠯ ᠲᠣᠰᠠᠭᠠᠷᠯᠠᠵᠦ ᠬᠤᠷᠢᠬᠤ ᠪᠣᠶᠣ ᠪᠣᠰᠣᠳ ᠠᠷᠭ᠎ᠠ ᠪᠠᠷ ᠰᠢᠢᠳᠪᠣᠷᠢᠯᠡᠨ᠎ᠡ᠃ | |