ᠪᠡᠯᠴᠢᠭᠡᠷᠯᠡᠬᠦᠯᠬᠦ ᠶᠢ ᠴᠠᠭᠠᠵᠠᠯᠠᠬᠤ ᠣᠷᠣᠨ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠣᠷᠣᠨ ᠢ ᠬᠤᠪᠢᠶᠠᠷᠢᠯᠠᠨ ᠲᠣᠭᠳᠠᠭᠠᠬᠤ ᠰᠠᠭᠤᠷᠢ ᠠᠵᠢᠯ ᠢ ᠰᠠᠶᠢᠲᠤᠷ ᠬᠢᠬᠦ ᠲᠤᠬᠠᠶ ᠵᠡᠭᠦᠨ ᠣᠢᠵᠣᠮᠣᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/7/24
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠬᠠᠷᠢᠶ᠎ᠠ ᠬᠤᠯᠪᠣᠭᠳᠠᠯ ᠪᠦᠬᠦᠢ ᠨᠢᠭᠡᠴᠡ ᠳᠤ᠄      ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ︽ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠰᠠᠭᠤᠷᠢ ᠠᠵᠢᠯ ᠢ ᠦᠨᠡᠨᠬᠦ ᠰᠠᠶᠢᠲᠤᠷ ᠬᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠳᠠᠷᠠᠭ᠎ᠠ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ︵ᠮᠠᠯᠴᠢᠳ  ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ︶ ᠶᠢ ᠭᠡᠷᠡᠭᠵᠢᠬᠦᠯᠬᠦ ᠳᠤ ᠰᠠᠭᠤᠷᠢ ᠲᠠᠯᠪᠢᠬᠤ ᠶᠢᠨ ᠲᠦᠯᠦᠬᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠ ᠮᠠᠯ ᠪᠡᠯᠴᠢᠭᠡᠷ ᠤᠨ ᠲᠡᠩᠴᠡᠬᠦᠷᠢ ᠶᠢ ᠪᠠᠳᠣᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠬᠤᠯᠪᠣᠭᠳᠠᠯ ᠪᠦᠬᠦᠢ ᠤᠴᠢᠷ ᠢ ᠣᠳᠣ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠬᠤᠪᠢᠶᠠᠷᠢᠯᠠᠨ ᠲᠣᠭᠳᠠᠭᠠᠬᠤ      ᠡᠯᠡᠰᠦᠷᠬᠡᠭᠵᠢᠭᠰᠡᠨ ᠪᠣᠶᠣ ᠠᠮᠢ ᠠᠬᠤᠶ ᠮᠠᠭᠤᠳᠠᠭᠰᠠᠨ ᠨᠣᠳᠤᠭ ᠪᠡᠯᠴᠢᠭᠡᠷ᠂ ᠴᠢᠬᠤᠯᠠ ᠤᠰᠤᠨ ᠰᠤᠷᠪᠤᠯᠵᠢ  ᠶᠢᠨ ᠭᠠᠵᠠᠷ᠂ ᠭᠤᠤᠯ ᠮᠥᠷᠡᠨ ᠤ ᠰᠠᠪᠠ ᠭᠠᠵᠠᠷ᠂ ᠪᠠᠶᠢᠭᠠᠯᠢᠯᠢᠭ ᠨᠣᠳᠤᠭ ᠪᠡᠯᠴᠢᠭᠡᠷ ᠵᠢᠴᠢ ᠡᠯ᠎ᠡ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠳᠠᠭᠠᠭᠰᠠᠨ ᠪᠡᠯᠴᠢᠭᠡᠷᠯᠡᠭᠦᠯᠬᠦ ᠶᠢ ᠴᠠᠭᠠᠵᠠᠯᠠᠵᠣ ᠬᠠᠮᠠᠭᠠᠯᠠᠬᠤ ᠴᠢᠬᠤᠯᠠ ᠲᠠᠢ ᠪᠤᠰᠤᠳ ᠨᠣᠳᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠣᠷᠣᠭᠤᠯᠬᠤ ᠬᠡᠷᠡᠭᠲᠡᠶ ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠨᠢ ᠭᠠᠴᠠᠭ᠎ᠠ ᠪᠠᠷ ᠦᠨᠳᠦᠰᠦᠨ ᠬᠡᠷᠡᠭᠵᠢᠭᠦᠯᠬᠦ ᠨᠢᠭᠡᠴᠢ ᠪᠣᠯᠭᠠᠵᠤ᠂ ᠲᠦᠪᠯᠡᠷᠡᠬᠦᠯᠦᠨ ᠠᠬᠢᠭᠤᠯᠵᠣ᠂ ᠲᠠᠷᠠᠬᠠᠶ ᠪᠤᠲᠠᠷᠬᠠᠶ ᠬᠡᠷᠡᠭᠵᠢᠬᠦᠯᠬᠦ ᠠᠴᠠ ᠵᠠᠶᠢᠯᠠᠰᠬᠢᠬᠦ ᠶᠢᠨ ᠬᠠᠮᠲᠤ ᠦᠨᠳᠦᠰᠦᠨ ᠱᠠᠲᠤᠨ ᠤ ᠺᠠᠳ᠋ᠷ ᠠᠵᠢᠯᠳᠠᠨ ᠵᠢᠴᠢ ᠮᠠᠯᠴᠢᠳ ᠤᠨ ᠰᠠᠨᠠᠯ ᠰᠠᠨᠠᠭᠤᠯᠭ᠎ᠠ ᠶᠢ ᠭᠦᠢᠴᠡᠳ ᠬᠦᠨᠳᠣᠳᠬᠡᠬᠦ ᠬᠡᠷᠡᠭᠲᠡᠶ᠃      ᠬᠤᠶᠠᠷ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ      ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠠᠴᠠ ᠪᠣᠰᠣᠳ ᠡᠷᠦᠬᠡ ᠳᠤ ᠳᠠᠭᠠᠭᠠᠴᠢᠯᠠᠭᠤᠯᠤᠭᠰᠠᠨ ᠨᠣᠳᠤᠭ ᠪᠡᠯᠴᠢᠭᠡᠷ ᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠣᠷᠣᠨ ᠪᠣᠯᠭᠠᠨ ᠬᠤᠪᠢᠶᠠᠷᠢᠯᠠᠨ ᠲᠣᠭᠲᠠᠭᠠᠵᠤ᠂ ᠨᠢᠭᠡᠨᠳᠡ ᠲᠠᠲᠠᠪᠤᠷᠢᠯᠠᠨ ᠡᠵᠡᠯᠡᠭᠰᠡᠨ ᠨᠣᠳᠤᠭ ᠪᠡᠯᠴᠢᠭᠡᠷ᠂ ︽ᠨᠢᠭᠡ ᠭᠠᠵᠠᠷ ᠬᠤᠶᠠᠷ ᠦᠨᠡᠮᠯᠡᠯ ᠲᠠᠢ︾ ᠣᠶ ᠰᠢᠭᠤᠶ ᠡᠪᠡᠰᠦ ᠪᠡᠯᠴᠢᠭᠡᠷ ᠳᠠᠪᠬᠤᠴᠠᠭᠰᠠᠨ ᠨᠣᠳᠤᠭ ᠪᠡᠯᠴᠢᠭᠡᠷ ᠵᠡᠷᠭᠡ ᠶᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠣᠷᠣᠨ ᠤ ᠬᠡᠪᠴᠢᠶᠡᠨ ᠠᠴᠠ ᠬᠠᠰᠤᠵᠤ ᠬᠠᠶᠠᠬᠤ ᠬᠡᠷᠡᠭᠲᠡᠶ᠃ ᠬᠡᠷᠡᠭᠯᠡᠬᠦ ᠡᠷᠬᠡ ᠶᠢ ᠨᠢ ᠨᠠᠶᠢᠳᠠᠪᠤᠷᠢᠵᠢᠭᠤᠯᠤᠭᠠᠳᠤᠶ ᠤᠯᠤᠰ ᠤᠨ ᠦᠮᠴᠢᠯᠡᠯᠳᠣ ᠬᠠᠳᠤᠯᠠᠩ ᠪᠡᠯᠴᠢᠭᠡᠷ ᠪᠣᠯᠤᠨ ᠡᠵᠡᠩᠨᠡᠬᠦ ᠡᠷᠬᠡ ᠶᠢ ᠨᠢ ᠨᠠᠶᠢᠳᠠᠪᠤᠷᠢᠵᠢᠭᠤᠯᠤᠭᠠᠳᠤᠶ ᠬᠠᠮᠲᠤ ᠶᠢᠨ ᠬᠠᠳᠤᠯᠠᠩ ᠪᠡᠯᠴᠢᠭᠡᠷ ᠢ ᠲᠤᠰᠠᠭᠠᠷ ᠪᠦᠷᠢᠳᠭᠡᠬᠦ ᠬᠡᠷᠡᠭᠲᠡᠶ᠃      ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ       ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠰᠤᠮᠤ ᠪᠠᠯᠭᠠᠰᠤ ︵ᠲᠠᠯᠠᠪᠠᠢ︶ ᠨᠢ ᠡᠨᠡᠬᠦ ᠠᠵᠢᠯ ᠢ ᠳᠡᠭᠡᠳᠣ ᠬᠡᠮᠵᠢᠶ᠎ᠡ ᠪᠠᠷ ᠴᠢᠬᠤᠯᠠᠴᠢᠯᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠤᠢ ᠪᠣᠯᠭᠠᠵᠣ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠣᠯᠤᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠰᠠᠭᠤᠷᠢ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠲᠦᠰᠦᠪᠯᠡᠵᠦ᠂ ᠪᠦᠬᠦ ᠲᠠᠯ᠎ᠠ ᠪᠠᠷ ᠤᠬᠠᠭᠤᠯᠵᠤ᠂ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃      ︵ᠬᠤᠶᠠᠷ︶ ᠬᠠᠷᠢᠭᠤᠴᠠᠯᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠰᠤᠮᠤ ︵ᠲᠠᠯᠠᠪᠠᠢ︶᠂ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠪᠠᠨ ᠴᠢᠩᠭᠠᠳᠬᠠᠵᠤ᠂ ᠦᠪᠡᠷ ᠦᠪᠡᠷ ᠤᠨ ᠴᠢᠳᠠᠪᠬᠢ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠡᠯ᠎ᠡ ᠰᠤᠮᠤ ᠪᠠᠯᠭᠠᠰᠤ ︵ᠲᠠᠯᠠᠪᠠᠢ︶᠂ ᠰᠠᠯᠠᠭ᠎ᠠ ᠮᠥᠴᠢᠷ᠂  ᠭᠠᠴᠠᠭ᠎ᠠ ᠶᠢᠨ ᠬᠤᠭᠤᠷᠤᠨᠳᠤᠬᠢ ᠵᠣᠬᠢᠴᠠᠭᠤᠯᠭ᠎ᠠ ᠶᠢ ᠰᠠᠶᠢᠲᠤᠷ ᠬᠢᠵᠦ᠂ ᠴᠠᠭ ᠲᠤᠬᠠᠢ ᠳᠤᠨᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠤᠷᠤᠨ ᠢ ᠬᠤᠪᠢᠶᠠᠷᠢᠯᠠᠨ ᠲᠤᠭᠲᠠᠭᠠᠬᠤ ᠰᠠᠭᠤᠷᠢ ᠠᠵᠢᠯ ᠢ ᠦᠷᠨᠢᠭᠦᠯᠬᠦ ᠬᠡᠷᠡᠭᠲᠡᠢ᠃      ︵ᠭᠤᠷᠪᠠ︶ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠡᠯ᠎ᠡ ᠰᠤᠮᠤ ᠪᠠᠯᠭᠠᠰᠤ ︵ᠲᠠᠯᠠᠪᠠᠢ︶ ᠨᠢ ᠪᠣᠳᠠᠲᠠᠶ ᠪᠠᠶᠢᠳᠠᠯ  ᠤᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠦᠷᠨᠢᠭᠦᠯᠦᠨ᠂ ᠰᠠᠭᠤᠷᠢ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠤᠳᠠᠯ ᠢᠶᠠᠷ ᠲᠤᠭ᠎ᠠ ᠪᠠᠷᠢᠮᠲᠠ ᠮᠡᠳᠡᠭᠦᠯᠬᠦ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠬᠤᠪᠢᠶᠠᠷᠢᠯᠠᠨ ᠲᠤᠭᠲᠠᠭᠠᠬᠤ ᠰᠠᠭᠤᠷᠢ ᠠᠵᠢᠯ ᠤᠨ ᠦᠨᠡᠨ ᠪᠣᠳᠠᠲᠤ ᠴᠢᠨᠠᠷ  ᠢ ᠪᠠᠲᠤᠯᠠᠬᠤ ᠬᠡᠷᠡᠭᠲᠡᠶ᠃ 6 ᠰᠠᠷ᠎ᠠ ᠶᠢᠨ 20 ᠤ ᠡᠳᠦᠷ ᠠᠴᠠ ᠡᠮᠦᠨ᠎ᠡ ᠠᠩᠬ᠎ᠠ ᠠᠯᠬᠤᠮ ᠤᠨ ᠬᠤᠪᠢᠶᠠᠷᠢᠯᠠᠨ ᠲᠤᠭᠲᠠᠭᠠᠬᠤ ᠰᠠᠨᠠᠯ ᠢᠶᠠᠨ ᠪᠦᠷᠢᠯᠳᠦᠭᠦᠯᠬᠦ ᠶᠢᠨ ᠬᠠᠮᠲᠦ᠂ ᠬᠤᠰᠢᠭᠤ ᠤᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠳᠤ ᠮᠡᠳᠡᠭᠦᠯᠦᠨ ᠬᠦᠷᠭᠡᠬᠦ ᠬᠡᠷᠡᠭᠲᠡᠢ᠃      ᠬᠠᠷᠢᠯᠴᠠᠬᠤ ᠬᠥᠮᠦᠨ᠄ ᠴᠡᠯᠮᠡᠬᠦᠨ   ᠬᠤᠰᠢᠭᠤ ᠤᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ  ᠂ ᠬᠠᠷᠢᠯᠴᠠᠬᠤ ᠤᠲᠠᠰᠤ᠄ 6709694      ᠪᠠᠶᠠᠨᠳᠠᠯᠠᠢ   ᠬᠤᠰᠢᠭᠤ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂  ᠬᠠᠷᠢᠯᠴᠠᠬᠤ ᠤᠲᠠᠰᠤ᠄ 3221221                                                                                                                                              2020 ᠤᠨ ᠤ 5 ᠰᠠᠷ᠎ᠠ ᠶᠢᠨ 28 ᠤ ᠡᠳᠦᠷ
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号