8 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠠᠶᠢᠮᠠᠭ ᠤᠨ ᠪᠣᠭᠤᠮᠲᠠ ᠶᠢᠨ ᠠᠯᠪᠠᠨ ᠬᠡᠷ ᠤᠨ | ᠡᠷᠬᠢᠯᠡᠭᠴᠢ ᠪᠠᠭᠠᠲᠤᠷ ᠨᠠᠷ ᠵᠡᠭᠦᠨ ᠬᠠᠲᠠᠪᠴᠢ ᠪᠣᠭᠤᠮᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ | 4 ᠤ ᠡᠳᠦᠷ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠣᠭᠤᠮᠲᠠ ᠶᠢᠨ ᠬᠠᠮᠲᠤᠷᠠᠨ | ᠪᠠᠶᠢᠴᠠᠭᠠᠬᠤ ᠲᠣᠭᠤᠷᠢᠭ᠂ ᠸᠠᠨ ᠾᠦᠢ ᠢᠨᠵᠧᠨᠧᠷᠢᠩ ᠤᠨ ᠺᠣᠮᠫᠠᠨᠢ᠂ ᠳ᠋ᠠᠴᠢᠩ ᠣᠯᠠᠨ ᠤᠯᠤᠰ ᠤᠨ | ᠢᠨᠵᠧᠨᠧᠷᠢᠩ ᠤᠨ ᠺᠣᠮᠫᠠᠨᠢ᠂ ᠬᠠᠳᠠᠪᠴᠢ ᠪᠣᠭᠤᠮᠲᠠ ᠶᠢᠨ ᠠᠷᠠᠯᠵᠢᠶ᠎ᠠ ᠬᠤᠳᠠᠯᠳᠤᠭᠠᠨ ᠤ ᠲᠡᠭᠡᠭᠡᠪᠦᠷᠢ ᠶᠢᠨ ᠺᠣᠮᠫᠠᠨᠢ | ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠯᠲᠠ ᠬᠢᠵᠦ᠂ ᠪᠣᠭᠤᠮᠲᠠ ᠶᠢᠨ | ᠭᠤᠤᠯᠳᠠᠯᠭ᠎ᠠ ᠲᠠᠢ ᠲᠥᠷᠥᠯ ᠵᠣᠶᠢᠯ ᠢ ᠠᠬᠢᠭᠤᠯᠬᠤ᠂ ᠪᠣᠭᠤᠮᠲᠠ ᠪᠠᠷ ᠨᠡᠪᠳᠡᠷᠡᠬᠦ ᠠᠵᠤ ᠠᠬᠤᠶᠢᠯᠠᠯ ᠤᠨ | ᠦᠢᠯᠡᠳᠪᠦᠷᠢᠯᠡᠯ ᠢᠶᠠᠨ ᠰᠡᠷᠭᠦᠭᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠰᠠᠭᠤᠳᠠᠯ ᠤᠨ | ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠠ᠃ ᠵᠡᠭᠦᠨ ᠦᠵᠦᠮᠦᠴᠢᠨ ᠪᠣᠭᠤᠮᠲᠠ᠂ ᠬᠢᠯᠢ ᠶᠢᠨ ᠪᠠᠶᠢᠴᠠᠭᠠᠯᠲᠠ᠂ | ᠪᠣᠭᠤᠮᠲᠠ ᠶᠢᠨ ᠵᠥᠪᠯᠡᠯ ᠵᠡᠷᠭᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | 5 ᠤ ᠡᠳᠦᠷ ᠤᠨ ᠦᠳᠡ ᠶᠢᠨ ᠡᠮᠦᠨ᠎ᠡ᠂ ᠪᠠᠭᠠᠲᠤᠷ ᠨᠠᠷ ᠵᠡᠭᠦᠨ ᠦᠵᠦᠮᠦᠴᠢᠨ ᠪᠣᠭᠤᠮᠲᠠ᠂ ᠬᠢᠯᠢ ᠶᠢᠨ | ᠪᠠᠶᠢᠴᠠᠭᠠᠯᠲᠠ᠂ ᠪᠣᠭᠤᠮᠲᠠ ᠶᠢᠨ ᠵᠥᠪᠯᠡᠯ ᠵᠡᠷᠬᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠤᠰᠢᠭᠤ | ᠵᠠᠰᠠᠭ ᠤᠨ ᠣᠷᠳᠣᠨ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠢᠯᠢ ᠶᠢᠨ ᠪᠣᠭᠤᠮᠲᠠ ᠶᠢᠨ ᠲᠦᠭᠦᠬᠡᠶ ᠴᠢᠯᠠᠭᠤᠨ | ᠲᠣᠰᠣ ᠶᠢ ᠭᠠᠳᠠᠭᠠᠳᠤ ᠠᠴᠠ ᠣᠷᠣᠭᠤᠯᠬᠤ ᠲᠤᠬᠠᠶᠢᠯᠠᠭᠰᠠᠨ ᠠᠵᠢᠯ ᠤᠨ ᠪᠠᠶᠢᠳᠠᠯ᠂ ᠨᠡᠭᠦᠷᠡᠰᠦ᠂ ᠲᠡᠮᠦᠷ ᠤᠨ | ᠨᠤᠨᠲᠠᠭ ᠢ ᠭᠠᠳᠠᠭᠠᠳᠤ ᠠᠴᠠ ᠣᠷᠣᠭᠤᠯᠬᠤ ᠲᠤᠬᠠᠶᠢᠯᠠᠭᠰᠠᠨ ᠠᠵᠢᠯ ᠤᠨ ᠪᠡᠯᠡᠳᠬᠡᠯ ᠠᠵᠢᠯ ᠥᠷᠨᠢᠭᠦᠯᠦᠭᠰᠡᠨ ᠪᠠᠶᠢᠳᠠᠯ | ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠣᠭᠤᠮᠲᠠ ᠶᠢᠨ ᠰᠠᠭᠤᠷᠢ ᠪᠦᠳᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠬᠠᠮᠲᠤᠪᠠᠷ ᠵᠥᠪᠳᠡᠯᠴᠡᠪᠡ᠃ ᠲᠡᠷᠡᠴᠢᠯᠡᠨ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠢ ᠰᠤᠳᠤᠯᠤᠨ ᠵᠠᠳᠠᠯᠪᠠ᠃ | ᠪᠠᠭᠠᠲᠤᠷ ᠴᠢᠬᠤᠯᠠᠴᠢᠯᠠᠭᠰᠠᠨ ᠨᠢ᠂ ᠨᠢᠭᠡ ᠳᠤ ᠂ ᠪᠣᠭᠤᠮᠲᠠ ᠶᠢᠨ ᠡᠯ᠎ᠡ ᠰᠠᠯᠠᠭ᠎ᠠ ᠮᠥᠴᠢᠷ ᠤᠳ ᠬᠤᠯᠪᠣᠭᠠᠯᠠᠨ | ᠰᠡᠷᠭᠡᠶᠢᠯᠡᠵᠦ ᠡᠵᠡᠮᠳᠡᠬᠦ ᠪᠠᠨ ᠴᠢᠩᠭᠠᠳᠬᠠᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠦᠷᠭᠦᠯᠵᠢᠯᠡᠨ ᠲᠡᠷᠢᠭᠦᠨ ᠴᠢᠬᠤᠯᠠ ᠠᠵᠢᠯ ᠪᠣᠯᠭᠠᠨ ᠠᠳᠬᠤᠵᠣ᠂ ᠪᠣᠭᠤᠮᠲᠠ ᠶᠢᠨ ᠬᠢᠵᠢᠭ ᠤᠨ ᠪᠠᠶᠢᠳᠠᠯ ᠢ ᠦᠨᠡᠯᠡᠨ | ᠵᠢᠱᠢᠬᠦ ᠠᠵᠢᠯ ᠢ ᠰᠠᠶᠢᠲᠤᠷ ᠬᠢᠬᠦ ᠬᠡᠷᠡᠭᠲᠡᠶ︔ ᠬᠤᠶᠠᠷ ᠲᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ | ᠪᠣᠭᠤᠮᠲᠠ ᠪᠠᠷ ᠨᠡᠪᠳᠡᠷᠡᠬᠦ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ | ᠲᠦᠯᠬᠢᠨ ᠠᠬᠢᠭᠤᠯᠵᠤ᠂ ᠶᠡᠭᠡ ᠬᠡᠮᠵᠢᠶᠡᠨ ᠤ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠬᠤ ᠶᠢ ᠠᠬᠢᠭᠤᠯᠵᠤ᠂ | ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢᠨ ᠲᠣᠭᠲᠠᠭᠤᠨ ᠨᠡᠮᠡᠭᠳᠡᠯ ᠵᠡᠷᠭᠡ ᠶᠢ ᠦᠨᠡᠨ ᠬᠦ ᠪᠠᠳᠣᠯᠠᠬᠤ ᠬᠡᠷᠡᠭᠳᠡᠢ︔ | ᠭᠤᠷᠪᠠ ᠳᠤ᠂ ᠡᠯ᠎ᠡ ᠰᠠᠯᠠᠭ᠎ᠠ ᠮᠥᠴᠢᠷ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠴᠠᠭ ᠲᠤᠬᠠᠶ ᠳᠤ ᠨᠢ | ᠳᠡᠭᠡᠭᠰᠢ ᠮᠡᠳᠡᠭᠦᠯᠵᠦ ᠬᠠᠮᠢᠶ᠎ᠠ ᠪᠥᠬᠦᠶ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ ᠭᠡᠪᠡ᠃ |