《ᠵᠠᠬᠦᠠ ᠦᠵᠣᠮᠣᠴᠢᠠ ᠬᠤᠰᠢᠭᠤᠨ ᠤ ᠺᠠᠳ᠋ᠷ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ ᠠᠵᠢᠯ ᠤᠨ ᠬᠡᠷᠡᠭᠵᠢᠬᠦᠯᠬᠦ ᠲᠥᠰᠦᠯ》᠎ ᠢ ᠲᠠᠷᠣᠮᠠᠯᠯᠠᠠ ᠲᠠᠷᠬᠠᠭᠠᠬᠤ ᠲᠣᠬᠠᠢ ᠵᠠᠬᠦᠠ ᠦᠵᠣᠮᠣᠴᠢᠠ ᠬᠤᠰᠢᠭᠤᠠ ᠤ ᠠᠷᠠᠣᠠ ᠤᠨ ᠵᠠᠰᠠᠭ ᠤᠨ ᠤᠷᠳᠣᠠ ᠤ ᠠᠯᠪᠠᠠ ᠬᠡᠷ ᠤᠨ ᠮᠠᠳᠡᠭᠳᠠᠯ
ᠨᠡᠶᠢᠲᠡᠯᠡᠭᠰᠡᠨ ᠴᠠᠭ᠄
2020/8/11
                      ᠵᠠᠬᠦᠠ ᠵᠠᠰᠠᠭ ᠠᠯᠪᠠᠠ ᠲᠠᠷᠬᠠᠭᠠᠠᠠᠰᠠᠠ〔2020〕18 ᠲᠣᠭᠠᠳᠣ《ᠵᠠᠬᠦᠠ ᠦᠵᠣᠮᠣᠴᠢᠠ ᠬᠤᠰᠢᠭᠤᠨ ᠤ ᠺᠠᠳ᠋ᠷ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ ᠠᠵᠢᠯ ᠤᠨ ᠬᠡᠷᠡᠭᠵᠢᠬᠦᠯᠬᠦ ᠲᠥᠰᠦᠯ》᠎ ᠢ ᠲᠠᠷᠣᠮᠠᠯᠯᠠᠠ ᠲᠠᠷᠬᠠᠭᠠᠬᠤ ᠲᠣᠬᠠᠢ ᠵᠠᠬᠦᠠ ᠦᠵᠣᠮᠣᠴᠢᠠ ᠬᠤᠰᠢᠭᠤᠠ ᠤ ᠠᠷᠠᠣᠠ ᠤᠨ ᠵᠠᠰᠠᠭ ᠤᠨ ᠤᠷᠳᠣᠠ ᠤ ᠠᠯᠪᠠᠠ ᠬᠡᠷ ᠤᠨ ᠮᠠᠳᠡᠭᠳᠠᠯᠡᠯ᠎ᠠ ᠰᠣᠮᠣ ᠪᠠᠯᠭᠠᠰᠣ(ᠲᠠᠯᠠᠪᠠᠢ)᠎ ᠶᠢᠨ ᠠᠷᠠᠣᠠ ᠤᠨ ᠵᠠᠰᠠᠭ ᠤᠨ ᠤᠷᠳᠣᠠ᠂ ᠬᠤᠰᠢᠭᠤ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠳᠤ᠄      《ᠵᠠᠬᠦᠠ ᠦᠵᠣᠮᠣᠴᠢᠠ ᠬᠤᠰᠢᠭᠤᠨ ᠤ ᠺᠠᠳ᠋ᠷ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ ᠠᠵᠢᠯ ᠤᠨ ᠬᠡᠷᠡᠭᠵᠢᠬᠦᠯᠬᠦ ᠲᠥᠰᠦᠯ 》᠎ ᠢ 2020 ᠣᠨ ᠤ ᠬᠤᠰᠢᠭᠤ ᠵᠠᠰᠠᠭ ᠤᠨ ᠣᠷᠳᠣᠨ ᠤ ᠨᠢᠭᠡᠳᠦᠭᠡᠷ ᠣᠳᠠᠭᠠᠨ ᠤ ᠪᠠᠶᠢᠩᠭᠤ ᠶᠢᠨ ᠬᠡᠰᠢᠭᠦᠳ ᠤᠨ ᠬᠤᠷᠠᠯ ᠢᠶᠠᠷ ᠶᠠᠷᠢᠯᠴᠠᠨ ᠨᠢᠭᠳᠠᠯᠠᠭᠠᠳ᠂ ᠤᠳᠣ ᠲᠠᠨᠠᠷ ᠲᠤ ᠲᠠᠷᠣᠮᠠᠯᠯᠠᠠ ᠲᠠᠷᠬᠠᠭᠠᠶ᠎ᠠ · ᠪᠣᠳᠠᠳᠠᠢ ᠲᠠᠢ ᠪᠠᠨ ᠤᠶᠠᠯᠳᠣᠭᠤᠯᠣᠠ᠂ ᠨᠠᠷᠢᠠ ᠬᠢᠨᠠᠮᠠᠭᠠᠢ ᠲᠣᠣᠱᠯᠠᠭᠤᠯᠣᠠ ᠨᠠᠶᠢᠳᠠᠪᠦᠷᠢᠵᠢᠭᠤᠯᠬᠤ ᠬᠡᠷᠡᠭᠳᠠᠢ᠃                                                                                         2020 ᠤᠠ ᠤ 6 ᠰᠠᠷ᠎ᠠ ᠶᠢᠨ 8᠎ ᠤ ᠡᠳᠣᠷᠵᠠᠬᠦᠠ ᠦᠵᠣᠮᠣᠴᠢᠠ ᠬᠤᠰᠢᠭᠤᠨ ᠤ ᠺᠠᠳ᠋ᠷ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ ᠠᠵᠢᠯ ᠤᠨ ᠬᠡᠷᠡᠭᠵᠢᠬᠦᠯᠬᠦ ᠲᠥᠰᠦᠯ       ᠨᠠᠮ ᠵᠠᠰᠠᠭ ᠤᠨ ᠪᠠᠶᠢᠭᠤᠯᠭ᠎ᠠ ᠠᠵᠢᠯ ᠦᠢᠯᠡᠰ ᠤᠨ ᠺᠠᠳ᠋ᠷ ᠠᠵᠢᠯᠳᠠᠨ ᠢ ᠤᠯᠠᠮ ᠨᠢᠭᠡ ᠠᠯᠬᠤᠮ ᠬᠠᠯᠠᠮᠵᠢᠯᠠᠨ ᠬᠠᠶᠢᠷᠠᠯᠠᠵᠣ᠂ ᠺᠠᠳ᠋ᠷ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠳᠦᠷᠢᠮ ᠢ ᠪᠠᠶᠢᠭᠤᠯᠣᠨ ᠲᠡᠭᠦᠯᠳᠡᠷᠵᠢᠭᠦᠯᠵᠦ᠂ ᠺᠠᠳ᠋ᠷ ᠠᠵᠢᠯᠲᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠡᠪᠡᠳᠴᠢᠨ ᠡᠮᠭᠡᠭ ᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ᠺᠠᠳ᠋ᠷ ᠠᠵᠢᠯᠲᠠᠨ ᠤ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠬᠦᠯᠬᠦ ᠶᠢᠨ ᠲᠦᠯᠦᠭᠡ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠳᠣ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠣᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠤᠤᠱᠯᠠᠭᠤᠯᠣᠨ ᠨᠠᠶᠢᠳᠠᠪᠤᠷᠢᠵᠢᠭᠤᠯᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠴᠢᠭᠯᠡᠯᠲᠡ ᠶᠢ ᠪᠠᠷᠢᠮᠲᠠᠯᠠᠵᠤ᠂ ᠨᠠᠮ ᠵᠠᠰᠠᠭ ᠤᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠤ ᠡᠷᠡᠭᠦᠯ ᠮᠡᠨᠳᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠪᠠᠷ ᠳᠠᠮᠵᠢᠨ᠂ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠪᠣᠯᠤᠨ ᠠᠮᠢᠳᠤᠷᠠᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠨ᠎ᠠ᠃      ᠬᠤᠶᠠᠷ᠂ ᠠᠵᠢᠯ ᠤᠨ ᠬᠠᠷᠠᠯᠲᠠ      ᠶᠡᠷᠦᠩᠬᠡᠶᠢᠯᠡᠭᠰᠡᠨ ᠪᠦᠬᠦ ᠲᠠᠯ᠎ᠠ ᠶᠢᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠦᠷᠨᠢᠬᠦᠯᠬᠦ ᠪᠠᠷ ᠳᠠᠮᠵᠢᠭᠤᠯᠤᠨ᠂ ᠺᠠᠳ᠋ᠷ ᠠᠵᠢᠯᠲᠠᠨ ᠤ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠦᠨᠡᠨ ᠪᠣᠳᠠᠲᠠᠶ ᠪᠠᠷ ᠲᠤᠰᠬᠠᠵᠤ᠂ ᠡᠪᠡᠳᠴᠢᠨ ᠲᠠᠢ ᠪᠣᠯ ᠡᠷᠲᠡ ᠢᠯᠡᠷᠡᠭᠦᠯᠵᠦ᠂ ᠡᠷᠲᠡ ᠡᠮᠨᠡᠨ ᠵᠠᠰᠠᠵᠤ᠂ ᠡᠪᠡᠳᠴᠢᠨ ᠦᠭᠡᠢ ᠪᠣᠯ ᠡᠷᠲᠡ ᠰᠡᠷᠭᠡᠶᠢᠯᠡᠵᠦ᠂ ᠡᠷᠲᠡ ᠡᠷᠡᠭᠦᠯᠵᠢᠵᠦ᠂ ᠺᠠᠳ᠋ᠷ ᠠᠵᠢᠯᠲᠠᠨ ᠤ ᠠᠵᠢᠯ ᠤᠨ ᠡᠭᠦᠷᠭᠡ ᠬᠦᠨᠳᠦ᠂ ᠳᠠᠷᠤᠯᠲᠠ ᠨᠡᠯᠢᠶᠡᠳ ᠶᠡᠭᠡ ᠵᠡᠷᠭᠡ ᠬᠦᠴᠦᠨ ᠵᠦᠢᠯ ᠠᠴᠠ ᠪᠣᠯᠤᠭᠰᠠᠨ ᠡᠯ᠎ᠡ ᠵᠦᠢᠯ ᠤᠨ ᠡᠪᠡᠳᠴᠢᠨ ᠡᠮᠭᠡᠭ ᠢ ᠪᠠᠭᠠᠰᠬᠠᠵᠤ᠂ ᠺᠠᠳ᠋ᠷ ᠠᠵᠢᠯᠲᠠᠨ ᠤ ᠭᠡᠨᠡᠳᠲᠡ ᠡᠭᠦᠰᠬᠦ ᠡᠪᠡᠳᠴᠢᠨ ᠡᠮᠭᠡᠭ ᠢ ᠰᠡᠷᠭᠡᠶᠢᠯᠡᠬᠦ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠳᠤ ᠴᠢᠩᠭ᠎ᠠ ᠬᠦᠴᠦᠲᠡᠶ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃ ᠡᠭᠦᠨ ᠤ ᠬᠠᠮᠲᠤ᠂ ᠬᠠᠨᠳᠤᠯᠭᠠᠲᠤ ᠴᠢᠨᠠᠷᠲᠠᠶ ᠪᠠᠷ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠺᠠᠳ᠋ᠷ ᠠᠵᠢᠯᠳᠠᠨ ᠢ ᠡᠷᠡᠭᠦᠯ ᠮᠡᠨᠳᠤ ᠶᠢᠨ ᠲᠤᠬᠠᠶ ᠵᠥᠪ ᠦᠵᠡᠯᠲᠡ ᠲᠠᠢ ᠪᠣᠯᠭᠠᠵᠤ᠂ ᠥᠪᠡᠷ ᠤᠨ ᠢᠶᠠᠨ ᠡᠷᠡᠬᠦᠯ ᠮᠡᠨᠳᠤ ᠶᠢ ᠬᠠᠮᠠᠭᠠᠯᠠᠬᠤ ᠤᠬᠠᠮᠰᠠᠷ ᠢ ᠨᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ      ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠺᠠᠳ᠋ᠷ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠳᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠣ᠂ ᠺᠠᠳ᠋ᠷ ᠠᠵᠢᠯᠳᠠᠨ ᠤ ᠡᠷᠡᠭᠦᠯ ᠮᠡᠨᠳᠤ ᠶᠢᠨ ᠪᠡᠶ᠎ᠡ ᠶᠢᠨ ᠪᠠᠶᠢᠴᠠᠭᠠᠯᠳᠠ ᠶᠢ ᠵᠣᠬᠢᠶᠠᠨ ᠪᠠᠶᠢᠭᠤᠯᠤᠨ ᠪᠠᠶᠢᠷᠢᠯᠠᠭᠤᠯᠬᠤ᠂ ᠵᠣᠬᠢᠴᠠᠭᠤᠯᠤᠨ ᠬᠠᠷᠢᠯᠴᠠᠬᠤ᠂ ᠠᠬᠢᠴᠠ ᠶᠢ ᠱᠠᠭᠠᠷᠳᠠᠬᠤ᠂ ᠬᠤᠷᠢᠶᠠᠩᠭᠤᠶᠢᠯᠠᠨ ᠳ᠋ᠦᠩᠨᠡᠬᠦ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠨᠢᠭᠡᠳᠦᠯᠲᠡᠶ  ᠳᠦᠰᠦᠪᠯᠡᠨ᠎ᠡ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢ ᠳᠣᠤᠷᠠᠬᠢ ᠮᠡᠲᠦ᠄      ᠳᠤᠭᠤᠶᠢᠯᠠᠩ ᠤᠨ ᠳᠠᠷᠤᠭ᠎ᠠ ᠶᠣᠣ ᠬᠠᠶ ᠰᠢᠶᠠ  ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄   ᠱᠤ᠋ ᠭᠤᠸᠠᠩ  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ     ᠲᠠᠷᠬᠠᠨᠬᠦᠦ  ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠰᠢᠶᠤᠤ ᠮᠢᠩ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ     ᠪᠦᠷᠭᠦᠳ  ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ    ᠬᠠᠰᠴᠢᠯᠠᠭᠤ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ      ᠪᠦᠷᠢᠯᠳᠦᠬᠦᠨ᠄ ᠪᠥᠬᠦ ᠬᠤᠰᠢᠭᠤᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠬᠤᠪᠢᠳᠠᠨ ᠬᠠᠮᠢᠶᠠᠷᠬᠤ ᠣᠳᠣᠷᠢᠳᠣᠯᠭ᠎ᠠ ᠲᠣᠰ ᠲᠣᠰ 1 ᠬᠥᠮᠦᠨ      ᠤᠳᠤᠷᠢᠳᠬᠤ ᠳᠤᠭᠤᠶᠢᠯᠠᠩ ᠤᠨ ᠳᠣᠣᠷ᠎ᠠ ᠪᠠᠨ ᠠᠯᠪᠠᠨ ᠭᠡᠷ ᠲᠣᠬᠢᠷᠠᠭᠤᠯᠵᠣ᠂ ᠠᠯᠪᠠᠨ ᠭᠡᠷ ᠢ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠪᠠᠶᠢᠭᠤᠯᠵᠤ᠂ ᠬᠠᠰᠴᠢᠯᠠᠭᠤ ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠣᠷᠭᠠᠨ ᠬᠠᠷᠢᠭᠤᠴᠠᠨ᠎ᠠ᠃      ᠲᠥᠷᠪᠡ᠂ ᠠᠵᠢᠯ ᠤᠨ ᠠᠭᠤᠯᠭ᠎ᠠ       ︵ᠨᠢᠭᠡ︶ ᠪᠡᠶ᠎ᠡ ᠶᠢᠨ ᠪᠠᠶᠢᠴᠠᠭᠠᠯᠲᠠ ᠬᠢᠬᠦ ᠨᠢᠭᠤᠷᠯᠠᠯ      ᠪᠦᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ︵ᠠᠵᠢᠯᠯᠠᠵᠣ ᠪᠠᠶᠢᠭ᠎ᠠ ᠺᠠᠳ᠋ᠷ᠂ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ᠂ ᠠᠵᠢᠯ ᠠᠴᠠ ᠪᠠᠨ ᠠᠮᠠᠷᠠᠭᠰᠠᠳ᠂ ᠠᠵᠢᠯᠯᠠᠵᠤ ᠪᠠᠶᠢᠭ᠎ᠠ ︽ᠭᠤᠷᠪᠠ ᠶᠢ ᠳᠠᠮᠵᠢᠵᠤ ᠨᠢᠭᠡ ᠶᠢ ᠲᠡᠳᠬᠦᠬᠦ︾ ᠬᠥᠮᠦᠰ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠣᠷᠠᠴᠤᠤᠯ ᠵᠢᠴᠢ ᠠᠵᠢᠯᠲᠠᠨ ᠤ ᠶᠠᠪᠤᠳᠠᠯ ᠤᠨ ᠵᠣᠬᠢᠶᠠᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠨᠦᠬᠦᠪᠦᠷᠢ ᠶᠢ ᠬᠢᠨᠠᠨ ᠵᠥᠪᠰᠢᠶᠡᠷᠡᠵᠦ ᠡᠯᠰᠡᠨ ᠬᠡᠷᠡᠭᠯᠡᠭᠰᠡᠨ   ᠠᠵᠢᠯᠲᠠᠨ ᠪᠠᠭᠲᠠᠨ᠎ᠠ)᠂ ᠡᠯ᠎ᠡ ᠨᠢᠭᠡᠴᠡ ᠶᠢᠨ ᠥᠪᠡᠷ ᠢᠶᠠᠨ ᠤᠷᠢᠨ ᠬᠡᠷᠡᠭᠯᠡᠬᠦ ᠠᠵᠢᠯᠲᠠᠨ ᠪᠠ ᠬᠠᠷᠢᠶ᠎ᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠪᠠᠭᠲᠠᠬᠤ ᠦᠭᠡᠢ᠃        (ᠬᠤᠶᠠᠷ)ᠬᠡᠷᠡᠭᠵᠢᠭᠦᠯᠬᠦ ᠪᠠᠶᠢᠭᠤᠯᠤᠮᠵᠢ      ᠬᠤᠰᠢᠭᠤ ᠡᠮᠨᠡᠯᠭᠡ ᠶᠢᠨ ᠬᠤᠷᠢᠶ᠎ᠠ ᠶᠢ ᠲᠣᠭᠲᠠᠭᠰᠠᠨ ᠴᠢᠭ ᠪᠦᠬᠦᠢ ᠪᠡᠶ᠎ᠡ ᠶᠢᠨ ᠪᠠᠶᠢᠴᠠᠭᠠᠯᠲᠠ ᠶᠢᠨ ᠡᠮᠨᠡᠯᠭᠡ ᠎ ᠶᠢᠨ ᠬᠤᠷᠢᠶ᠎ᠠ ᠪᠣᠯᠭᠠᠨ ᠲᠣᠭᠲᠠᠭᠠᠵᠤ᠂ ᠪᠦᠬᠦ ᠪᠠᠶᠢᠴᠠᠭᠠᠯᠲᠠ ᠳᠤ ᠣᠷᠣᠯᠴᠠᠭᠰᠠᠨ ᠬᠥᠮᠦᠰ ᠤᠨ ᠪᠡᠶ᠎ᠡ ᠶᠢᠨ ᠪᠠᠶᠢᠴᠠᠭᠠᠯᠳᠠ ᠶᠢᠨ ᠠᠵᠢᠯ ᠢ ᠬᠠᠷᠢᠭᠤᠴᠠᠭᠤᠯᠬᠤ ᠬᠡᠷᠡᠭᠲᠡᠶ᠃       ︵ᠭᠤᠷᠪᠠ︶  ᠪᠡᠶ᠎ᠡ ᠶᠢᠨ ᠪᠠᠶᠢᠴᠠᠭᠠᠯᠲᠠ ᠶᠢᠨ ᠴᠠᠭ      ᠺᠠᠳ᠋ᠷ ᠠᠵᠢᠯᠳᠠᠨ ᠨᠢᠭᠡᠪᠦᠷᠢ ᠵᠢᠯ ᠪᠦᠷᠢ ᠨᠢᠭᠡ ᠤᠳᠠᠭ᠎ᠠ ᠪᠡᠶ᠎ᠡ ᠶᠢᠨ ᠪᠠᠶᠢᠴᠠᠭᠠᠯᠲᠠ ᠬᠢᠨ᠎ᠠ᠃ ᠪᠡᠶ᠎ᠡ ᠶᠢᠨ ᠪᠠᠶᠢᠴᠠᠭᠠᠯᠲᠠ ᠬᠢᠬᠦ ᠴᠠᠭ ᠢ ᠡᠯ᠎ᠡ ᠨᠠᠮ ᠵᠠᠰᠠᠭ ᠤᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠵᠢᠯ ᠤᠨ ᠡᠬᠢᠨ ᠳᠤ ᠬᠤᠰᠢᠭᠤ ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠭᠡᠷ ᠲᠤ ᠲᠣᠰ ᠵᠢᠯ ᠤᠨ ᠪᠠᠶᠢᠴᠠᠭᠠᠯᠳᠠ ᠳᠤ ᠣᠷᠣᠯᠴᠠᠬᠤ ᠬᠥᠮᠦᠰ ᠤᠨ ᠨᠡᠷᠡᠰ ᠢ ᠮᠡᠳᠡᠭᠦᠯᠦᠨ ᠬᠦᠷᠭᠡᠭᠰᠡᠨ ᠤ ᠳᠠᠷᠠᠭ᠎ᠠ᠂ ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠭᠡᠷ ᠨᠢ ᠨᠢᠭᠡᠳᠦᠯᠳᠡᠢ ᠲᠣᠬᠢᠷᠠᠭᠤᠯᠣᠨ᠎ᠠ᠃ ᠠᠵᠢᠯ ᠪᠤᠶᠤ ᠪᠣᠳᠠᠲᠠᠶ ᠰᠢᠯᠲᠠᠭᠠᠨ ᠠᠴᠠ ᠪᠣᠯᠵᠤ ᠲᠣᠭᠳᠠᠭᠰᠠᠨ ᠴᠠᠭ ᠬᠤᠭᠤᠴᠠᠭᠠᠨ ᠳᠣᠲᠣᠷ᠎ᠠ ᠪᠡᠶ᠎ᠡ ᠶᠢᠨ ᠪᠠᠶᠢᠴᠠᠭᠠᠯᠲᠠ ᠬᠢᠵᠦ ᠴᠢᠳᠠᠭᠰᠠᠨ ᠦᠭᠡᠢ ᠪᠣᠯ᠂ ᠠᠵᠢᠯᠯᠠᠵᠤ ᠪᠠᠶᠢᠭ᠎ᠠ ᠨᠢᠭᠡᠴᠡ ᠪᠣᠯᠤᠨ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠠᠴᠠ ᠥᠭᠡᠷ᠎ᠡ ᠨᠥᠬᠦᠵᠦ ᠪᠠᠶᠢᠴᠠᠭᠠᠬᠤ ᠴᠠᠭ ᠲᠣᠬᠢᠷᠠᠭᠤᠯᠣᠨ᠎ᠠ᠃ ᠲᠣᠭᠲᠠᠭᠰᠠᠨ ᠨᠥᠬᠦᠵᠦ ᠪᠠᠶᠢᠴᠠᠭᠠᠬᠤ ᠴᠠᠭ ᠤᠨ ᠳᠣᠲᠣᠷ᠎ᠠ ᠪᠡᠶ᠎ᠡ ᠶᠢᠨ ᠪᠠᠶᠢᠴᠠᠭᠠᠯᠳᠠ ᠬᠢᠵᠦ ᠳᠡᠶᠢᠯᠦᠭᠰᠡᠨ ᠦᠭᠡᠶ ᠪᠠᠶᠢᠪᠠᠯ᠂ ᠲᠤᠰ ᠵᠢᠯ ᠤᠨ ᠪᠡᠶ᠎ᠡ ᠶᠢᠨ ᠪᠠᠶᠢᠴᠠᠭᠠᠯᠲᠠ ᠶᠢᠨ ᠵᠠᠪᠰᠢᠶᠠᠨ ᠢ ᠲᠠᠶᠠᠭᠳᠠᠭᠰᠠᠨ ᠭᠡᠵᠦ ᠦᠵᠡᠵᠦ᠂ ᠪᠡᠶ᠎ᠡ ᠶᠢᠨ ᠪᠠᠶᠢᠴᠠᠭᠠᠯᠳᠠ ᠬᠢᠬᠦ ᠵᠠᠪᠰᠢᠶᠠᠨ ᠢ ᠪᠤᠰᠤᠳ ᠲᠤ ᠳᠠᠮᠵᠢᠭᠤᠯᠵᠤ ᠪᠣᠯᠬᠤ ᠦᠭᠡᠢ᠃      ︵ᠳᠥᠷᠪᠡ︶  ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ      ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠨᠢ ᠬᠦᠮᠦᠨ ᠪᠦᠷᠢ ᠵᠢᠯ ᠪᠦᠷᠢ ᠳᠤ 500 ᠲᠥᠭᠦᠷᠢᠭ᠃ ᠪᠠᠶᠢᠴᠠᠭᠠᠯᠳᠠ ᠳᠤ ᠣᠷᠣᠯᠴᠠᠬᠤ ᠬᠥᠮᠦᠰ ᠥᠪᠡᠷ ᠤᠨ ᠪᠠᠶᠢᠳᠠᠯ ᠲᠠᠢ ᠪᠠᠨ ᠤᠶᠠᠯᠳᠤᠭᠤᠯᠤᠨ᠂ ᠬᠤᠰᠢᠭᠤ ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠬᠡᠷ ᠤᠨ ︽ᠺᠠᠳ᠋ᠷ ᠠᠵᠢᠯᠲᠠᠨ ᠤ ᠪᠡᠶ᠎ᠡ ᠶᠢᠨ ᠪᠠᠶᠢᠴᠠᠭᠠᠯᠳᠠ ᠶᠢᠨ ᠣᠨ ᠤ ᠠᠵᠢᠯ ᠤᠨ ᠲᠥᠰᠦᠯ︾᠎ ᠎ ᠢ ᠦᠨᠳᠦᠰᠦᠯᠡᠨ᠂ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠢ ᠰᠣᠩᠭᠤᠨ᠎ᠠ᠃ ᠵᠠᠷᠤᠳᠠᠯ ᠤᠨ ᠶᠡᠷᠦᠩᠬᠡᠶ ᠲᠤᠭ᠎ᠠ ᠨᠢ 500 ᠲᠥᠭᠦᠷᠢᠭ ᠠᠴᠠ ᠬᠡᠲᠦᠷᠡᠭᠰᠡᠨ ᠬᠡᠰᠡᠭ ᠢ ᠪᠠᠶᠢᠴᠠᠭᠠᠯᠲᠠ ᠳᠤ ᠣᠷᠣᠯᠴᠠᠭᠰᠠᠨ ᠬᠥᠮᠦᠰ ᠥᠪᠡᠷᠲᠡᠭᠡᠨ ᠡᠭᠦᠷᠭᠡᠯᠡᠨ᠎ᠡ᠂ 500 ᠲᠥᠭᠦᠷᠢᠭ ᠲᠤ ᠬᠦᠷᠬᠦ ᠦᠭᠡᠢ ᠪᠣᠯ ᠬᠤᠪᠢ ᠬᠦᠮᠦᠨ ᠳᠤ ᠪᠣᠴᠠᠭᠠᠬᠤ ᠦᠭᠡᠢ᠃      ᠲᠠᠪᠤ᠂ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ      ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠥᠴᠢᠷ ᠵᠢᠯ ᠪᠦᠷᠢ ᠶᠢᠨ ᠪᠡᠶ᠎ᠡ ᠶᠢᠨ ᠪᠠᠶᠢᠴᠠᠭᠠᠯᠲᠠ ᠶᠢᠨ ᠵᠠᠷᠣᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠴᠠᠭ ᠲᠤᠬᠠᠶ ᠳᠤᠨᠢ ᠰᠠᠯᠭᠠᠨ ᠥᠭᠭᠦᠨ᠎ᠡ  ᠃      ᠵᠢᠷᠭᠤᠭ᠎ᠠ᠂ ᠪᠡᠶ᠎ᠡ ᠶᠢᠨ ᠪᠠᠶᠢᠴᠠᠭᠠᠯᠲᠠ ᠶᠢᠨ ᠲᠠᠰ ᠳᠠᠷᠠᠭᠠᠯᠠᠯ      ︵ᠨᠢᠭᠡ︶ ᠠᠵᠢᠯ ᠡᠬᠢᠯᠡᠬᠦᠯᠬᠦ ᠱᠠᠲᠤ᠃ ᠬᠤᠰᠢᠭᠤ ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠭᠡᠷ ᠠᠴᠠ ︽ᠺᠠᠳ᠋ᠷ ᠠᠵᠢᠯᠲᠠᠨ ᠤ ᠪᠡᠶ᠎ᠡ ᠶᠢᠨ ᠪᠠᠶᠢᠴᠠᠭᠠᠯᠲᠠ ᠶᠢᠨ ᠣᠨ ᠤ ᠠᠵᠢᠯ ᠤᠨ ᠲᠥᠰᠦᠯ︾᠂ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠪᠦᠷᠢᠳᠬᠡᠭᠰᠡᠨ ᠲᠣᠰ ᠨᠢᠭᠡᠴᠡ ᠶᠢᠨ ᠣᠨ ᠤ ᠪᠠᠶᠢᠴᠠᠭᠠᠯᠲᠠ ᠳᠤ ᠣᠷᠣᠯᠴᠠᠭᠰᠠᠳ ᠤᠨ ᠨᠡᠷᠡᠰ ᠤᠨ ᠪᠦᠷᠢᠳᠬᠡᠯ ᠨᠢ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ᠂ ᠬᠤᠰᠢᠭᠤ ᠵᠣᠬᠢᠶᠠᠨ ᠪᠠᠶᠢᠭᠤᠯᠬᠤ᠂ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠪᠡᠶ᠎ᠡ ᠶᠢᠨ ᠪᠠᠶᠢᠴᠠᠭᠠᠯᠳᠠ ᠶᠢᠨ ᠠᠵᠢᠯᠲᠠᠨ ᠤ ᠬᠢᠷᠢ ᠬᠡᠮ ᠢ ᠨᠤᠲᠠᠯᠠᠭᠰᠠᠨ ᠤ ᠳᠠᠷᠠᠭ᠎ᠠ᠂ ᠬᠤᠰᠢᠭᠤ ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠭᠡᠷ ᠲᠤ ᠮᠡᠳᠡᠬᠦᠯᠦᠨ᠎ᠡ᠃  ᠡᠯ᠎ᠡ ᠪᠠᠶᠢᠴᠠᠭᠠᠯᠳᠠ ᠳᠤ ᠣᠷᠣᠯᠴᠠᠬᠤ ᠪᠠᠶᠢᠭᠤᠯᠭ᠎ᠠ ᠶᠢᠨ ᠲᠣᠭᠳᠠᠭᠠᠭᠰᠠᠨ ᠲᠣᠰᠬᠠᠢ ᠬᠦᠮᠦᠨ ᠨᠢ ᠪᠡᠶ᠎ᠡ ᠶᠢᠨ ᠪᠠᠶᠢᠴᠠᠭᠠᠯᠳᠠ ᠶᠢᠨ ᠵᠣᠬᠢᠴᠠᠭᠤᠯᠣᠨ ᠬᠠᠷᠢᠯᠴᠠᠬᠤ ᠠᠵᠢᠯ ᠢ ᠬᠠᠷᠢᠭᠤᠴᠠᠨ᠎ᠠ᠃      ︵ᠬᠤᠶᠠᠷ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠠᠲᠤ᠃ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠨᠢ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠬᠤ ᠳᠤᠭᠤᠶᠢᠯᠠᠩ ᠢ ᠪᠠᠶᠢᠭᠤᠯᠵᠣ᠂ ᠬᠤᠷᠢᠶᠠᠨ ᠳᠠᠷᠤᠭ᠎ᠠ ᠪᠤᠶᠤ ᠳᠡᠳ᠋ ᠬᠤᠷᠢᠶᠠᠨ ᠳᠠᠷᠤᠭ᠎ᠠ ᠠᠴᠠ ᠳᠤᠭᠤᠶᠢᠯᠠᠩ ᠤᠨ ᠳᠠᠷᠤᠭ᠎ᠠ ᠪᠣᠯᠵᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠠᠵᠢᠯ ᠳᠠᠭᠠᠨ ᠬᠢᠨᠠᠮᠠᠭᠠᠶ ᠬᠠᠷᠢᠭᠤᠴᠠᠯᠭ᠎ᠠ ᠲᠠᠢ᠂ ᠲᠥᠪ ᠴᠢᠩᠭ᠎ᠠ ᠯᠠᠪᠳᠠᠭᠤᠨ ᠪᠠᠲᠤᠲᠠᠶ ᠡᠮᠨᠡᠯᠭᠡ ᠶᠢᠨ ᠠᠵᠢᠯᠲᠠᠨ ᠢ ᠲᠣᠬᠢᠷᠠᠭᠤᠯᠵᠣ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠤ ᠣᠷᠣᠯᠴᠠᠭᠤᠯᠵᠣ᠂ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠤᠨ ᠠᠵᠢᠯᠯᠠᠬᠤ ᠴᠤᠪᠤᠷᠠᠯ ᠢ ᠵᠦᠢ ᠵᠣᠬᠢᠰᠳᠡᠢ ᠲᠣᠬᠢᠷᠠᠭᠤᠯᠣᠨ᠎ᠠ᠃ ᠬᠤᠰᠢᠭᠤ ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠬᠡᠷ ᠨᠢ ᠲᠣᠭᠲᠠᠭᠰᠠᠨ ᠴᠢᠭ ᠤᠨ ᠡᠮᠨᠡᠯᠭᠡ ᠶᠢᠨ ᠬᠤᠷᠢᠶ᠎ᠠ ᠶᠢᠨ ᠡᠳᠦᠷ ᠪᠦᠷᠢ ᠶᠢᠨ ᠪᠡᠶ᠎ᠡ ᠶᠢᠨ ᠪᠠᠶᠢᠴᠠᠭᠠᠯᠲᠠ ᠶᠢᠨ ᠬᠥᠮᠦᠨ ᠤ ᠲᠤᠭ᠎ᠠ ᠶᠢ ᠦᠨᠳᠦᠰᠦᠯᠡᠨ ᠪᠣᠳᠠᠲᠠᠶ ᠡᠭᠦᠷᠭᠡᠯᠡᠬᠦ ᠴᠢᠳᠠᠪᠤᠷᠢ ᠶᠢ ᠵᠦᠶ ᠵᠣᠬᠢᠰᠲᠠᠶ ᠲᠣᠬᠢᠷᠠᠭᠤᠯᠵᠤ᠂ ᠺᠠᠳ᠋ᠷ ᠠᠵᠢᠯᠲᠠᠨ ᠤ ᠪᠡᠶ᠎ᠡ ᠶᠢᠨ ᠪᠠᠶᠢᠴᠠᠭᠠᠯᠲᠠ ᠶᠢᠨ ᠴᠠᠭ ᠢ ᠵᠦᠶ ᠵᠣᠬᠢᠰᠲᠠᠶ ᠲᠣᠬᠢᠷᠠᠭᠤᠯᠬᠤ ᠶᠢᠨ ᠬᠠᠮᠲᠤ᠂ ᠬᠤᠯᠪᠣᠭᠳᠠᠯ ᠪᠦᠬᠦᠢ ᠨᠢᠭᠡᠴᠡ ᠳᠤ ᠮᠡᠳᠡᠭᠳᠡᠵᠦ᠂ ᠡᠯ᠎ᠡ ᠨᠢᠭᠡᠴᠡ ᠮᠡᠳᠡᠭᠳᠡᠯ ᠢ ᠣᠯᠤᠭᠰᠠᠨ ᠤ ᠳᠠᠷᠠᠭ᠎ᠠ᠂ ᠪᠠᠶᠢᠴᠠᠭᠠᠯᠲᠠ ᠳᠤ ᠣᠷᠣᠯᠴᠠᠬᠤ ᠬᠥᠮᠦᠰ ᠢ ᠵᠣᠬᠢᠶᠠᠨ ᠪᠠᠶᠢᠭᠤᠯᠵᠤ ᠲᠣᠭᠲᠠᠭᠰᠠᠨ ᠴᠠᠭ ᠤᠨ ᠳᠣᠲᠣᠷ᠎ᠠ ᠲᠣᠭᠲᠠᠭᠰᠠᠨ  ᠡᠮᠨᠡᠯᠭᠡ ᠶᠢᠨ ᠬᠤᠷᠢᠶᠠᠨ ᠳᠤ ᠬᠦᠷᠴᠦ ᠪᠡᠶ᠎ᠡ ᠶᠢᠨ ᠪᠠᠶᠢᠴᠠᠭᠠᠯᠲᠠ ᠬᠢᠯᠭᠡᠨ᠎ᠡ᠃      ︵ᠭᠤᠷᠪᠠ︶ ᠳ᠋ᠦᠩᠨᠡᠯᠲᠡ ᠬᠢᠵᠦ ᠬᠤᠷᠢᠶᠠᠩᠭᠤᠶᠢᠯᠠᠬᠤ ᠱᠠᠲᠤ᠃ ᠲᠣᠭᠲᠠᠮᠠᠯ ᠴᠢᠭ ᠤᠨ ᠡᠮᠨᠡᠯᠭᠡ ᠶᠢᠨ ᠬᠤᠷᠢᠶ᠎ᠠ ᠴᠠᠭ ᠲᠤᠬᠠᠶ ᠳᠤᠨᠢ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠪᠦᠷᠢᠳᠬᠡᠨ ᠬᠤᠷᠢᠶᠠᠩᠭᠤᠶᠢᠯᠠᠵᠤ᠂ ᠡᠭᠦᠨ ᠤ ᠬᠠᠮᠲᠤ ︽ᠨᠢᠭᠡ ᠬᠥᠮᠦᠨ ᠨᠢᠭᠡ ᠲᠠᠩᠰᠠ ᠡᠪᠬᠡᠮᠡᠯ ᠪᠠᠶᠢᠬᠤ︾ ᠶᠣᠰᠣᠭᠠᠷ ᠺᠠᠳ᠋ᠷ ᠠᠵᠢᠯᠲᠠᠨ ᠤ ᠬᠤᠪᠢ ᠬᠦᠮᠦᠨ ᠤ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠪᠠᠶᠢᠭᠤᠯᠵᠤ᠂ ᠲᠠᠩᠰᠠ ᠡᠪᠬᠡᠮᠡᠯ ᠳᠤ ᠡᠷᠡᠭᠦᠯ ᠮᠡᠨᠳᠦ ᠶᠢᠨ ᠪᠠᠶᠢᠴᠠᠭᠠᠯᠳᠠ ᠶᠢᠨ ᠶᠡᠷᠦᠩᠬᠡᠶᠢᠯᠡᠭᠰᠡᠨ ᠦᠨᠡᠯᠡᠯᠲᠡ ᠵᠢᠴᠢ ᠪᠡᠶ᠎ᠡ ᠶᠢᠨ ᠪᠠᠶᠢᠴᠠᠭᠠᠯᠲᠠ ᠪᠠᠷ ᠢᠯᠡᠷᠡᠭᠦᠯᠦᠭᠰᠡᠨ ᠡᠪᠡᠳᠴᠢᠨ ᠡᠮᠭᠡᠭ ᠲᠤ ᠴᠢᠭᠯᠡᠭᠦᠯᠦᠨ ᠳᠤᠷᠠᠳᠤᠭᠰᠠᠨ ᠠᠷᠭ᠎ᠠ ᠬᠡᠮᠵᠢᠶ᠎ᠡ ᠶᠢ ᠪᠠᠭᠲᠠᠭᠠᠨ᠎ᠠ᠃ ᠡᠮᠨᠡᠯᠭᠡ ᠶᠢᠨ ᠬᠤᠷᠢᠶ᠎ᠠ ᠨᠢ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠠᠭᠤᠰᠤᠭᠰᠠᠨ ᠤ ᠳᠠᠷᠠᠭ᠎ᠠ 15 ᠠᠵᠢᠯ ᠤᠨ ᠡᠳᠦᠷ ᠤᠨ ᠳᠣᠲᠣᠷ᠎ᠠ(ᠬᠡᠰᠡᠭ ᠡᠪᠡᠳᠴᠢᠨ ᠤ ᠪᠠᠶᠢᠴᠠᠭᠠᠯᠲᠠ ᠶᠢᠨ ᠲᠥᠷᠥᠯ ᠵᠦᠢᠯ ᠢ ᠵᠣᠬᠢᠰᠲᠠᠶ ᠬᠤᠶᠢᠰᠢᠯᠠᠭᠤᠯᠬᠤ︶ ᠪᠡᠶ᠎ᠡ ᠶᠢᠨ ᠪᠠᠶᠢᠴᠠᠭᠠᠯᠲᠠ ᠶᠢᠨ ᠳᠠᠩᠰᠠ ᠡᠪᠬᠡᠮᠡᠯ ᠢᠶᠠᠨ ᠡᠯ᠎ᠡ ᠪᠠᠶᠢᠴᠠᠭᠠᠯᠲᠠ ᠳᠤ ᠣᠷᠣᠯᠴᠠᠭᠰᠠᠨ ᠨᠢᠭᠡᠴᠡ ᠳᠤ ᠬᠠᠷᠢᠭᠤ ᠳᠣᠰᠬᠠᠵᠣ᠂ ᠪᠠᠶᠢᠴᠠᠭᠠᠯᠲᠠ ᠳᠤ ᠣᠷᠣᠯᠴᠠᠭᠰᠠᠨ ᠨᠢᠭᠡᠴᠡ ᠲᠣᠰ ᠬᠥᠮᠦᠨ ᠳᠤᠨᠢ ᠳᠠᠬᠢᠨ ᠬᠠᠷᠢᠭᠤ ᠲᠤᠰᠬᠠᠨ᠎ᠠ᠃      ᠪᠡᠶ᠎ᠡ ᠶᠢᠨ ᠪᠠᠶᠢᠴᠠᠭᠠᠯᠲᠠ ᠶᠢᠨ ᠪᠦᠬᠦ ᠠᠵᠢᠯ ᠳᠠᠭᠤᠰᠤᠭᠰᠠᠨ ᠤ ᠳᠠᠷᠠᠭ᠎ᠠ᠂ ᠬᠤᠰᠢᠭᠤ ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠭᠡᠷ ᠨᠢ ᠮᠠᠨ ᠤ ᠬᠤᠰᠢᠭᠤᠨ ᠤ ᠺᠠᠳ᠋ᠷ ᠠᠵᠢᠯᠲᠠᠨ ᠤ ᠪᠡᠶ᠎ᠡ ᠶᠢᠨ ᠪᠠᠶᠢᠴᠠᠭᠠᠯᠲᠠ ᠶᠢᠨ ᠶᠡᠷᠦᠩᠬᠡᠶ ᠪᠠᠶᠢᠳᠠᠯ ᠢ ᠦᠨᠳᠦᠰᠦᠯᠡᠨ᠂ ᠣᠨ ᠤ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠳᠠᠯ ᠤᠨ ᠲᠤᠰᠬᠠᠶ ᠮᠡᠳᠡᠭᠦᠯᠦᠯᠲᠡ ᠶᠢ ᠪᠦᠷᠢᠯᠳᠦᠭᠦᠯᠵᠣ᠂ ᠲᠠᠪᠤᠨ ᠵᠢᠯ ᠪᠤᠶᠤ ᠠᠷᠪᠠᠨ ᠵᠢᠯ ᠳᠤ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠳᠠᠯ ᠤᠨ ᠬᠦᠭᠵᠢᠯᠳᠡ ᠶᠢᠨ ᠵᠠᠳᠠᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ ᠬᠤᠰᠢᠭᠤ ᠵᠠᠰᠠᠭ ᠤᠨ ᠣᠷᠳᠣᠨ ᠳᠤ ᠮᠡᠳᠡᠭᠦᠯᠵᠦ᠂ ᠮᠠᠨ ᠤ ᠬᠤᠰᠢᠭᠤᠨ ᠤ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠬᠤ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠨ᠎ᠠ᠃      ᠳᠣᠯᠤᠭ᠎ᠠ᠂ ᠠᠵᠢᠯ ᠤᠨ ᠱᠠᠭᠠᠷᠳᠠᠯᠭ᠎ᠠ      ︵ᠨᠢᠭᠡ︶ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤ ︵ᠲᠠᠯᠠᠪᠠᠢ︶᠂ ᠡᠯ᠎ᠡ ᠰᠠᠯᠠᠭ᠎ᠠ ᠮᠥᠴᠢᠷ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠰᠬᠠᠶ ᠬᠥᠮᠦᠨ ᠲᠤᠬᠢᠷᠠᠭᠤᠯᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠬᠠᠷᠢᠭᠤᠴᠠᠭᠤᠯᠵᠤ᠂ ᠡᠳᠦᠷ ᠲᠤᠲᠤᠮ ᠤᠨ ᠠᠵᠢᠯ ᠬᠢᠭᠡᠳ ᠪᠡᠶ᠎ᠡ ᠶᠢᠨ ᠪᠠᠶᠢᠴᠠᠭᠠᠯᠲᠠ ᠬᠤᠶᠠᠷ ᠢ ᠰᠠᠭᠠᠲᠠᠭᠠᠵᠤ ᠪᠣᠯᠬᠤ ᠥᠬᠡᠶ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠺᠠᠳ᠋ᠷ ᠠᠵᠢᠯᠲᠠᠨ ᠤ ᠪᠠᠶᠢᠴᠠᠭᠠᠯᠲᠠ ᠳᠤ ᠣᠷᠣᠯᠴᠠᠭᠰᠠᠨ ᠪᠠᠶᠢᠳᠠᠯ ᠢ ᠡᠯ᠎ᠡ ᠰᠤᠮᠤ ᠪᠠᠯᠭᠠᠰᠤ ︵ᠲᠠᠯᠠᠪᠠᠶ︶᠂ ᠡᠯ᠎ᠡ ᠨᠢᠭᠡᠴᠡ ᠶᠢᠨ ︽ᠡᠷᠡᠭᠦᠯ ᠡᠩᠬᠡ ᠵᠡᠭᠦᠨ ᠦᠵᠦᠮᠦᠴᠢᠨ ᠬᠤᠰᠢᠭᠤ︾᠎ ᠶᠢᠨ ᠪᠥᠲᠥᠭᠡᠨ ᠪᠠᠶᠢᠭᠤᠯᠤᠯᠲᠠ ᠪᠠ ᠵᠢᠯ ᠤᠨ ᠡᠴᠦᠰ ᠤᠨ ᠬᠢᠨᠠᠨ ᠰᠢᠯᠭᠠᠷᠠᠭᠤᠯᠣᠯᠳᠠ ᠶᠢ ᠨᠠᠶᠢᠳᠠᠪᠤᠷᠢᠵᠢᠭᠤᠯᠬᠤ ᠴᠢᠬᠤᠯᠠ ᠦᠨᠳᠦᠰᠦᠯᠡᠯ ᠪᠣᠯᠭᠠᠨ᠎ᠠ᠃ ᠬᠤᠰᠢᠭᠤ ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠭᠡᠷ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠰᠠᠶᠢᠳᠤᠷ ᠬᠢᠵᠦ᠂ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ ᠦᠷᠨᠢᠬᠦᠯᠵᠦ᠂ ᠴᠠᠭ ᠲᠠᠭᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ︵ᠬᠤᠶᠠᠷ︶ ᠬᠠᠮᠢᠶᠠᠷᠤᠯᠲᠠ ᠪᠠᠨ ᠴᠢᠩᠭᠠᠳᠬᠠᠵᠤ᠂ ᠲᠣᠬᠢᠲᠠᠶ ᠬᠠᠳᠠᠭᠠᠯᠠᠬᠤ ᠬᠡᠷᠡᠭᠲᠡᠶ᠃ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠨᠢ ᠺᠠᠳ᠋ᠷ ᠤᠨ ᠪᠡᠶ᠎ᠡ ᠶᠢᠨ ᠪᠠᠶᠢᠴᠠᠭᠠᠯᠲᠠ ᠶᠢᠨ ᠳᠦᠷᠢᠮ ᠪᠠ ᠠᠵᠢᠯ ᠤᠨ ᠨᠢᠭᠤᠴᠠ ᠶᠢ ᠬᠠᠮᠠᠭᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠺᠠᠳ᠋ᠷ ᠠᠵᠢᠯᠳᠠᠨ ᠤ ᠡᠷᠡᠭᠦᠯ ᠮᠡᠨᠳᠦ ᠪᠡᠶ᠎ᠡ ᠶᠢᠨ ᠪᠠᠶᠢᠴᠠᠭᠠᠯᠲᠠ ᠶᠢᠨ  ᠳᠠᠩᠰᠠ ᠡᠪᠬᠡᠮᠡᠯ ᠢ ᠲᠣᠬᠢᠲᠠᠶ ᠬᠠᠮᠢᠶᠠᠷᠴᠣ᠂  ᠪᠡᠶ᠎ᠡ ᠶᠢᠨ ᠪᠠᠶᠢᠴᠠᠭᠠᠯᠳᠠ ᠶᠢᠨ ᠠᠭᠤᠯᠭ᠎ᠠ ᠶᠢ ᠭᠠᠳᠠᠭᠰᠢ ᠵᠠᠳᠠᠷᠠᠭᠤᠯᠵᠣ ᠪᠣᠯᠬᠤ ᠦᠭᠡᠢ᠃              ᠵᠡᠬᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                           2020  ᠣᠨ ᠤ 6 ᠰᠠᠷ᠎ᠠ ᠶᠢᠨ 8᠎ ᠤ ᠡᠳᠦᠷ ᠲᠠᠷᠣᠮᠠᠯᠯᠠᠨ ᠳᠠᠷᠬᠠᠭᠠᠪᠠ
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号