ᠤᠶᠤᠲᠠᠳ ᠲᠤ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠣᠯᠭᠤᠬᠤ ᠮᠡᠳᠡᠭᠳᠡᠯ
ᠨᠡᠶᠢᠲᠡᠯᠡᠭᠰᠡᠨ ᠴᠠᠭ᠄
2020/8/11
      ᠨᠢᠭᠡ᠂ ᠵᠡᠭᠦᠨ ᠦᠵᠦᠮᠦᠴᠢᠨ ᠬᠤᠰᠢᠭᠤᠨ ᠤ ᠰᠤᠷᠤᠯᠭ᠎ᠠ ᠶᠢᠨ ᠲᠡᠳᠬᠦᠮᠵᠢ ᠶᠢᠨ ᠬᠠᠮᠢᠶᠠᠷᠤᠯᠲᠠ ᠶᠢᠨ ᠲᠥᠪ ᠨᠢ 2020 ᠣᠨ ᠤ 7 ᠰᠠᠷ᠎ᠠ ᠶᠢᠨ 27᠎ ᠤ ᠡᠳᠦᠷ ᠠᠴᠠ 9 ᠰᠠᠷ᠎ᠠ ᠶᠢᠨ 15᠎ ᠤ ᠡᠳᠦᠷ ᠮᠠᠨ ᠤ ᠬᠤᠰᠢᠭᠤᠨ ᠎ ᠤ ᠡᠷᠦᠭᠡ ᠠᠮᠠ ᠲᠠᠢ ᠰᠣᠷᠣᠭᠴᠢᠳ ᠲᠤ ᠰᠣᠷᠣᠯᠭ᠎ᠠ ᠶᠢᠨ ᠲᠡᠳᠬᠦᠮᠵᠢ ᠶᠢᠨ ᠵᠢᠭᠡᠯᠡᠯᠭᠡ ᠣᠯᠭᠤᠬᠤ ᠭᠠᠷ ᠭᠦᠢᠴᠡᠳᠭᠡᠯ ᠬᠢᠨ᠎ᠡ ︵ᠦᠷᠭᠦᠯᠵᠢᠯᠡᠨ ᠵᠢᠭᠡᠯᠡᠯᠭᠡ ᠭᠤᠶᠤᠴᠢᠯᠠᠬᠤ ᠣᠶᠣᠳᠠᠳ ᠰᠦᠯᠵᠢᠶ᠎ᠡ ᠪᠠᠷ ᠭᠦᠢᠴᠡᠳᠬᠡᠵᠣ ᠪᠣᠯᠤᠨ᠎ᠠ︶᠎ ᠃      ᠬᠤᠶᠠᠷ᠂ 2020 ᠣᠨ ᠤ 8 ᠰᠠᠷ᠎ᠠ ᠶᠢᠨ 10᠎ ᠤ ᠡᠳᠦᠷ ᠠᠴᠠ ᠡᠬᠢᠯᠡᠨ ᠰᠢᠨ᠎ᠡ ᠪᠠᠷ ᠡᠯᠰᠡᠭᠳᠡᠭᠰᠡᠨ ᠤᠶᠤᠲᠠᠳ ᠪᠠ ᠦᠩᠭᠡᠷᠡᠭᠰᠡᠨ ᠵᠢᠯ ᠳᠤ ᠵᠢᠭᠡᠯᠡᠯᠭᠡ ︵ᠠᠩᠬ᠎ᠠ ᠵᠢᠭᠡᠯᠡᠵᠣ ᠪᠠᠶᠢᠭ᠎ᠠ︶ ᠠᠪᠴᠣ ᠦᠩᠭᠡᠷᠡᠭᠰᠡᠨ ᠦᠭᠡᠢ ᠤᠶᠤᠲᠠᠳ ᠲᠤ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠣᠯᠭᠤᠨ᠎ᠠ᠃      ᠵᠢᠭᠡᠯᠡᠯᠭᠡ ᠡᠷᠡᠮᠡᠯᠵᠡᠯᠡᠬᠦ ᠳᠤ ᠭᠡᠷᠡᠭᠰᠡᠬᠦ ᠮᠠᠲ᠋ᠧᠷᠢᠶᠠᠯ᠄      1. ᠰᠤᠷᠤᠭᠴᠢ ᠶᠢᠨ ᠪᠡᠶ᠎ᠡ ᠶᠢᠨ ᠦᠨᠡᠮᠯᠡᠯ      2. ᠰᠤᠷᠤᠭᠴᠢ ᠶᠢᠨ ᠦᠨᠡᠮᠯᠡᠯ ᠪᠣᠶᠣ ᠰᠣᠷᠭᠠᠭᠤᠯᠢ ᠳᠤ ᠪᠠᠶᠢᠭ᠎ᠠ ᠭᠡᠷᠡᠴᠢ ︵ᠰᠢᠨ᠎ᠡ ᠰᠤᠷᠤᠭᠴᠢ ᠶᠢᠨ ᠰᠣᠷᠭᠠᠭᠤᠯᠢ ᠳᠤ ᠡᠯᠰᠡᠭᠳᠡᠭᠰᠡᠨ ᠮᠡᠳᠡᠭᠳᠠᠯ︶      3.  ᠭᠡᠷ ᠤᠨ ᠠᠬᠠᠮᠠᠳ ᠤᠨ ᠪᠡᠶ᠎ᠡ ᠶᠢᠨ ᠦᠨᠡᠮᠯᠡᠯ      4. ᠰᠣᠷᠣᠭᠴᠢ ᠶᠢᠨ ᠵᠢᠭᠡᠯᠡᠯᠭᠡ ᠡᠷᠡᠮᠡᠯᠵᠡᠯᠡᠬᠦ ᠬᠦᠰᠦᠨᠦᠭ ᠪᠠ ᠭᠡᠷ ᠤᠨ ᠠᠮᠢᠳᠣᠷᠠᠯ ᠨᠢ ᠬᠦᠴᠢᠷᠳᠡᠯᠲᠡᠢ ᠰᠣᠷᠣᠭᠴᠢ ᠪᠠᠷ ᠨᠣᠳᠠᠯᠠᠨ ᠡᠷᠡᠮᠡᠯᠵᠡᠯᠡᠬᠦ ᠬᠦᠰᠦᠨᠦᠭ      ᠭᠤᠷᠪᠠ᠂ ᠵᠡᠭᠦᠨ ᠦᠵᠦᠮᠦᠴᠢᠨ ᠬᠤᠰᠢᠭᠤᠨ ᠤ ᠡᠷᠦᠬᠡ ᠠᠮᠠ ᠶᠢᠨ ᠳᠠᠩᠰᠠ ᠲᠠᠢ᠂ 2018 ᠣᠨ ᠠᠴᠠ 2020᠎ ᠎ ᠳᠤ ᠶᠡᠭᠡ ᠳᠡᠭᠡᠳᠣ ᠰᠤᠷᠭᠠᠭᠤᠯᠢ        ︵ᠲᠤᠰᠬᠠᠶ ᠮᠡᠷᠭᠡᠵᠢᠯ᠂ ᠵᠢᠩᠬᠢᠨᠢ ᠠᠩᠭᠢ︶᠎ ᠳᠤ ᠰᠢᠯᠭᠠᠨ ᠣᠷᠣᠭᠰᠠᠨ ᠨᠠᠭᠠᠳᠤ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ ᠬᠦᠷᠳᠡᠵᠣ ᠪᠠᠶᠢᠭ᠎ᠠ ᠬᠡᠷ ᠪᠦᠯᠢ ᠶᠢᠨ ᠬᠡᠤᠬᠡᠳ᠂ ᠥᠨᠥᠴᠢᠨ ᠬᠡᠤᠬᠡᠳ ︵8 ᠰᠠᠷ᠎ᠠ ᠶᠢᠨ 1᠎ ᠤ ᠡᠳᠦᠷ ᠠᠴᠠ 9 ᠰᠠᠷ᠎ᠠ ᠶᠢᠨ 15᠎ ᠤ ᠡᠳᠦᠷ︶ ᠰᠣᠷᠭᠠᠭᠤᠯᠢ ᠳᠤ ᠡᠯᠰᠡᠭᠳᠡᠭᠰᠡᠨ ᠮᠡᠳᠡᠭᠳᠡᠯ ︵ᠰᠣᠷᠣᠭᠴᠢ ᠶᠢᠨ ᠦᠨᠡᠮᠯᠡᠯ︶᠂ ᠰᠣᠷᠣᠭᠴᠢ ᠶᠢᠨ ᠪᠡᠶ᠎ᠡ ᠶᠢᠨ ᠦᠨᠡᠮᠯᠠᠯ᠂ ᠡᠷᠦᠭᠡ ᠶᠢᠨ ᠡᠵᠡᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠨᠠᠭᠠᠳᠤ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ ᠶᠢᠨ ᠳᠡᠪᠳᠡᠷ ︵ᠲᠠᠩᠰᠠ ᠡᠪᠬᠡᠮᠡᠯ ᠪᠠᠶᠢᠭᠤᠯᠣᠭᠰᠠᠨ ᠶᠠᠳᠠᠭᠤ ᠬᠦᠴᠢᠷᠳᠡᠯᠲᠠᠢ ᠡᠷᠦᠬᠡ ᠶᠢᠨ ᠦᠨᠡᠮᠯᠡᠯ᠂ ᠥᠨᠥᠴᠢᠨ ᠬᠡᠤᠬᠡᠳ ᠤᠨ ᠦᠨᠡᠮᠯᠡᠯ︶᠂ ᠰᠣᠷᠣᠭᠴᠢ ᠶᠢᠨ 1.5 ᠢᠮᠠᠬᠤ ᠶᠢᠨ ᠰᠡᠬᠦᠳᠡᠷ 3 ᠬᠤᠪᠢ᠂ ᠰᠣᠷᠣᠭᠴᠢ ᠶᠢᠨ ᠢᠲᠡᠭᠡᠮᠵᠢ ᠶᠢᠨ ᠬᠤᠷᠰᠢᠶ᠎ᠠ ᠶᠢᠨ ᠪᠠᠩᠬᠢ ᠶᠢᠨ ᠺᠠᠷᠲ ᠵᠡᠷᠭᠡ ᠪᠠᠨ ᠠᠪᠴᠣ ᠮᠠᠨ ᠤ ᠪᠠᠶᠢᠭᠤᠯᠭ᠎ᠠ ᠳᠤ ᠬᠦᠷᠴᠦ ᠳᠡᠳᠬᠦᠮᠵᠢ ᠶᠢᠨ ᠮᠦᠩᠭᠦ ᠡᠷᠡᠮᠡᠯᠵᠡᠯᠡᠭᠡᠷᠡᠢ︕ ᠲᠣᠭᠳᠠᠭᠰᠠᠨ ᠬᠤᠭᠤᠴᠠᠭᠠᠨ ᠠᠴᠠ ᠬᠤᠵᠢᠮᠳᠠᠪᠠᠯ ᠬᠠᠷᠢᠭᠤᠴᠠᠯᠭ᠎ᠠ ᠎ ᠪᠠᠨ ᠦᠪᠡᠷᠳᠡᠭᠡᠨ ᠡᠬᠦᠷᠭᠡᠯᠡᠨ᠎ᠡ᠃      ᠡᠷᠡᠮᠡᠯᠵᠡᠯᠡᠬᠦ ᠭᠠᠵᠠᠷ᠄ ᠵᠡᠭᠦᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠨᠢᠭᠡᠳᠦᠭᠡᠷ ᠳᠠᠪᠬᠤᠷ ᠤᠨ 112 ᠲᠠᠰᠤᠭ      ᠬᠠᠷᠢᠯᠴᠠᠬᠤ ᠣᠳᠠᠰᠣ᠄ 0479 — 3221174              ᠵᠡᠭᠦᠨ ᠦᠵᠦᠮᠦᠴᠢᠨ ᠬᠤᠰᠢᠭᠤᠨ ᠤ ᠰᠤᠷᠤᠯᠭ᠎ᠠ ᠶᠢᠨ ᠲᠡᠳᠬᠦᠮᠵᠢ ᠶᠢᠨ ᠬᠠᠮᠢᠶᠠᠷᠤᠯᠲᠠ ᠶᠢᠨ ᠲᠥᠪ                            2020 ᠣᠨ ᠤ 7 ᠰᠠᠷ᠎ᠠ ᠶᠢᠨ 28᠎ ᠤ ᠡᠳᠦᠷ
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号