ᠵᠠᠬᠦᠠ ᠵᠠᠰᠠᠭ ᠠᠯᠪᠠᠠ ᠲᠠᠷᠬᠠᠭᠠᠠᠠᠰᠠᠠ〔2020〕18 ᠲᠣᠭᠠᠳᠣ | 《ᠵᠠᠬᠦᠠ ᠦᠵᠣᠮᠣᠴᠢᠠ ᠬᠤᠰᠢᠭᠤᠨ ᠤ ᠺᠠᠳ᠋ᠷ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠡᠷᠡᠭᠦᠯ ᠮᠡᠨᠳᠦ ᠶᠢᠨ | ᠪᠡᠶ᠎ᠡ ᠶᠢᠨ ᠪᠠᠶᠢᠴᠠᠭᠠᠯᠲᠠ ᠬᠢᠬᠦ ᠠᠵᠢᠯ ᠤᠨ ᠬᠡᠷᠡᠭᠵᠢᠬᠦᠯᠬᠦ ᠲᠥᠰᠦᠯ》 ᠢ ᠲᠠᠷᠣᠮᠠᠯᠯᠠᠠ ᠲᠠᠷᠬᠠᠭᠠᠬᠤ ᠲᠣᠬᠠᠢ ᠵᠠᠬᠦᠠ | ᠦᠵᠣᠮᠣᠴᠢᠠ ᠬᠤᠰᠢᠭᠤᠠ ᠤ ᠠᠷᠠᠣᠠ ᠤᠨ ᠵᠠᠰᠠᠭ ᠤᠨ ᠤᠷᠳᠣᠠ ᠤ ᠠᠯᠪᠠᠠ ᠬᠡᠷ ᠤᠨ ᠮᠠᠳᠡᠭᠳᠠᠯ | | ᠡᠯ᠎ᠠ ᠰᠣᠮᠣ ᠪᠠᠯᠭᠠᠰᠣ(ᠲᠠᠯᠠᠪᠠᠢ) ᠶᠢᠨ ᠠᠷᠠᠣᠠ ᠤᠨ ᠵᠠᠰᠠᠭ ᠤᠨ ᠤᠷᠳᠣᠠ᠂ ᠬᠤᠰᠢᠭᠤ ᠬᠠᠷᠢᠶ᠎ᠠ ᠬᠠᠮᠢᠶ᠎ᠠ ᠪᠦᠬᠦᠢ | ᠪᠠᠶᠢᠭᠤᠯᠭ᠎ᠠ ᠳᠤ᠄ | 《ᠵᠠᠬᠦᠠ ᠦᠵᠣᠮᠣᠴᠢᠠ ᠬᠤᠰᠢᠭᠤᠨ ᠤ ᠺᠠᠳ᠋ᠷ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠡᠷᠡᠭᠦᠯ | ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ ᠠᠵᠢᠯ ᠤᠨ ᠬᠡᠷᠡᠭᠵᠢᠬᠦᠯᠬᠦ ᠲᠥᠰᠦᠯ 》 ᠢ 2020 ᠣᠨ ᠤ ᠬᠤᠰᠢᠭᠤ | ᠵᠠᠰᠠᠭ ᠤᠨ ᠣᠷᠳᠣᠨ ᠤ ᠨᠢᠭᠡᠳᠦᠭᠡᠷ ᠣᠳᠠᠭᠠᠨ ᠤ ᠪᠠᠶᠢᠩᠭᠤ ᠶᠢᠨ ᠬᠡᠰᠢᠭᠦᠳ ᠤᠨ ᠬᠤᠷᠠᠯ ᠢᠶᠠᠷ ᠶᠠᠷᠢᠯᠴᠠᠨ | ᠨᠢᠭᠳᠠᠯᠠᠭᠠᠳ᠂ ᠤᠳᠣ ᠲᠠᠨᠠᠷ ᠲᠤ ᠲᠠᠷᠣᠮᠠᠯᠯᠠᠠ ᠲᠠᠷᠬᠠᠭᠠᠶ᠎ᠠ · ᠪᠣᠳᠠᠳᠠᠢ ᠲᠠᠢ ᠪᠠᠨ ᠤᠶᠠᠯᠳᠣᠭᠤᠯᠣᠠ᠂ ᠨᠠᠷᠢᠠ | ᠬᠢᠨᠠᠮᠠᠭᠠᠢ ᠲᠣᠣᠱᠯᠠᠭᠤᠯᠣᠠ ᠨᠠᠶᠢᠳᠠᠪᠦᠷᠢᠵᠢᠭᠤᠯᠬᠤ ᠬᠡᠷᠡᠭᠳᠠᠢ᠃ | | | 2020 ᠤᠠ ᠤ 6 ᠰᠠᠷ᠎ᠠ ᠶᠢᠨ 8 ᠤ ᠡᠳᠣᠷ | | | | ᠵᠠᠬᠦᠠ ᠦᠵᠣᠮᠣᠴᠢᠠ ᠬᠤᠰᠢᠭᠤᠨ ᠤ ᠺᠠᠳ᠋ᠷ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠡᠷᠡᠭᠦᠯ ᠮᠡᠨᠳᠦ ᠶᠢᠨ | ᠪᠡᠶ᠎ᠡ ᠶᠢᠨ ᠪᠠᠶᠢᠴᠠᠭᠠᠯᠲᠠ ᠬᠢᠬᠦ ᠠᠵᠢᠯ ᠤᠨ ᠬᠡᠷᠡᠭᠵᠢᠬᠦᠯᠬᠦ ᠲᠥᠰᠦᠯ | ᠨᠠᠮ ᠵᠠᠰᠠᠭ ᠤᠨ ᠪᠠᠶᠢᠭᠤᠯᠭ᠎ᠠ ᠠᠵᠢᠯ ᠦᠢᠯᠡᠰ ᠤᠨ ᠺᠠᠳ᠋ᠷ ᠠᠵᠢᠯᠳᠠᠨ ᠢ ᠤᠯᠠᠮ ᠨᠢᠭᠡ ᠠᠯᠬᠤᠮ ᠬᠠᠯᠠᠮᠵᠢᠯᠠᠨ | ᠬᠠᠶᠢᠷᠠᠯᠠᠵᠣ᠂ ᠺᠠᠳ᠋ᠷ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠡᠷᠡᠭᠦᠯ ᠮᠡᠨᠳᠦ ᠶᠢᠨ ᠪᠠᠶᠢᠴᠠᠭᠠᠯᠲᠠ ᠶᠢᠨ | ᠳᠦᠷᠢᠮ ᠢ ᠪᠠᠶᠢᠭᠤᠯᠣᠨ ᠲᠡᠭᠦᠯᠳᠡᠷᠵᠢᠭᠦᠯᠵᠦ᠂ ᠺᠠᠳ᠋ᠷ ᠠᠵᠢᠯᠲᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ | ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠡᠪᠡᠳᠴᠢᠨ ᠡᠮᠭᠡᠭ ᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ | ᠺᠠᠳ᠋ᠷ ᠠᠵᠢᠯᠲᠠᠨ ᠤ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠬᠦᠯᠬᠦ ᠶᠢᠨ ᠲᠦᠯᠦᠭᠡ᠂ ᠮᠠᠨ ᠤ ᠬᠤᠰᠢᠭᠤᠨ ᠤ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠳᠣ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠣᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠤᠤᠱᠯᠠᠭᠤᠯᠣᠨ ᠨᠠᠶᠢᠳᠠᠪᠤᠷᠢᠵᠢᠭᠤᠯᠵᠤ᠂ ᠡᠷᠡᠭᠦᠯ ᠡᠩᠬᠡ ᠳᠤᠮᠳᠠᠳᠤ | ᠤᠯᠤᠰ ᠤᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠤᠷᠢᠳᠴᠢᠯᠠᠨ ᠰᠡᠷᠭᠡᠶᠢᠯᠡᠬᠦ ᠪᠠᠷ | ᠭᠤᠤᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠴᠢᠭᠯᠡᠯᠲᠡ ᠶᠢ ᠪᠠᠷᠢᠮᠲᠠᠯᠠᠵᠤ᠂ ᠨᠠᠮ ᠵᠠᠰᠠᠭ ᠤᠨ | ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠤ ᠡᠷᠡᠭᠦᠯ ᠮᠡᠨᠳᠦ ᠪᠡᠶ᠎ᠡ ᠶᠢᠨ | ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠪᠠᠷ ᠳᠠᠮᠵᠢᠨ᠂ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠬᠢᠷᠢ ᠲᠦᠪᠰᠢᠨ | ᠪᠣᠯᠤᠨ ᠠᠮᠢᠳᠤᠷᠠᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠺᠠᠳ᠋ᠷ ᠠᠵᠢᠯᠲᠠᠨ ᠤ ᠡᠷᠡᠭᠦᠯ | ᠮᠡᠨᠳᠦ ᠶᠢᠨ ᠡᠷᠬᠡ ᠠᠰᠢᠭ ᠢ ᠪᠠᠲᠤᠯᠠᠨ᠎ᠠ᠃ | ᠬᠤᠶᠠᠷ᠂ ᠠᠵᠢᠯ ᠤᠨ ᠬᠠᠷᠠᠯᠲᠠ | ᠶᠡᠷᠦᠩᠬᠡᠶᠢᠯᠡᠭᠰᠡᠨ ᠪᠦᠬᠦ ᠲᠠᠯ᠎ᠠ ᠶᠢᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ | ᠦᠷᠨᠢᠬᠦᠯᠬᠦ ᠪᠠᠷ ᠳᠠᠮᠵᠢᠭᠤᠯᠤᠨ᠂ ᠺᠠᠳ᠋ᠷ ᠠᠵᠢᠯᠲᠠᠨ ᠤ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠦᠨᠡᠨ | ᠪᠣᠳᠠᠲᠠᠶ ᠪᠠᠷ ᠲᠤᠰᠬᠠᠵᠤ᠂ ᠡᠪᠡᠳᠴᠢᠨ ᠲᠠᠢ ᠪᠣᠯ ᠡᠷᠲᠡ ᠢᠯᠡᠷᠡᠭᠦᠯᠵᠦ᠂ ᠡᠷᠲᠡ ᠡᠮᠨᠡᠨ ᠵᠠᠰᠠᠵᠤ᠂ ᠡᠪᠡᠳᠴᠢᠨ | ᠦᠭᠡᠢ ᠪᠣᠯ ᠡᠷᠲᠡ ᠰᠡᠷᠭᠡᠶᠢᠯᠡᠵᠦ᠂ ᠡᠷᠲᠡ ᠡᠷᠡᠭᠦᠯᠵᠢᠵᠦ᠂ ᠺᠠᠳ᠋ᠷ ᠠᠵᠢᠯᠲᠠᠨ ᠤ ᠠᠵᠢᠯ ᠤᠨ ᠡᠭᠦᠷᠭᠡ ᠬᠦᠨᠳᠦ᠂ | ᠳᠠᠷᠤᠯᠲᠠ ᠨᠡᠯᠢᠶᠡᠳ ᠶᠡᠭᠡ ᠵᠡᠷᠭᠡ ᠬᠦᠴᠦᠨ ᠵᠦᠢᠯ ᠠᠴᠠ ᠪᠣᠯᠤᠭᠰᠠᠨ ᠡᠯ᠎ᠡ ᠵᠦᠢᠯ ᠤᠨ ᠡᠪᠡᠳᠴᠢᠨ ᠡᠮᠭᠡᠭ ᠢ | ᠪᠠᠭᠠᠰᠬᠠᠵᠤ᠂ ᠺᠠᠳ᠋ᠷ ᠠᠵᠢᠯᠲᠠᠨ ᠤ ᠭᠡᠨᠡᠳᠲᠡ ᠡᠭᠦᠰᠬᠦ ᠡᠪᠡᠳᠴᠢᠨ ᠡᠮᠭᠡᠭ ᠢ ᠰᠡᠷᠭᠡᠶᠢᠯᠡᠬᠦ᠂ ᠠᠵᠢᠯ ᠤᠨ ᠨᠥᠯᠥᠭᠡᠨ ᠤ | ᠡᠪᠡᠳᠴᠢᠨ ᠢ ᠰᠡᠷᠭᠡᠶᠢᠯᠡᠨ ᠵᠠᠰᠠᠬᠤ ᠳᠤ ᠴᠢᠩᠭ᠎ᠠ ᠬᠦᠴᠦᠲᠡᠶ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃ | ᠡᠭᠦᠨ ᠤ ᠬᠠᠮᠲᠤ᠂ ᠬᠠᠨᠳᠤᠯᠭᠠᠲᠤ ᠴᠢᠨᠠᠷᠲᠠᠶ ᠪᠠᠷ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢ ᠠᠬᠢᠭᠤᠯᠬᠤ | ᠠᠵᠢᠯᠯᠠᠭ᠎ᠠ ᠶᠢ ᠥᠷᠨᠢᠭᠦᠯᠵᠦ᠂ ᠺᠠᠳ᠋ᠷ ᠠᠵᠢᠯᠳᠠᠨ ᠢ ᠡᠷᠡᠭᠦᠯ ᠮᠡᠨᠳᠤ ᠶᠢᠨ ᠲᠤᠬᠠᠶ ᠵᠥᠪ ᠦᠵᠡᠯᠲᠡ ᠲᠠᠢ ᠪᠣᠯᠭᠠᠵᠤ᠂ | ᠥᠪᠡᠷ ᠤᠨ ᠢᠶᠠᠨ ᠡᠷᠡᠬᠦᠯ ᠮᠡᠨᠳᠤ ᠶᠢ ᠬᠠᠮᠠᠭᠠᠯᠠᠬᠤ ᠤᠬᠠᠮᠰᠠᠷ ᠢ ᠨᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ | ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠵᠡᠭᠦᠨ | ᠦᠵᠦᠮᠦᠴᠢᠨ ᠬᠤᠰᠢᠭᠤᠨ ᠤ ᠺᠠᠳ᠋ᠷ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠡᠷᠡᠭᠦᠯ ᠮᠡᠨᠳᠦ ᠶᠢᠨ ᠪᠡᠶ᠎ᠡ ᠶᠢᠨ | ᠪᠠᠶᠢᠴᠠᠭᠠᠯᠳᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠣ᠂ ᠺᠠᠳ᠋ᠷ ᠠᠵᠢᠯᠳᠠᠨ ᠤ ᠡᠷᠡᠭᠦᠯ | ᠮᠡᠨᠳᠤ ᠶᠢᠨ ᠪᠡᠶ᠎ᠡ ᠶᠢᠨ ᠪᠠᠶᠢᠴᠠᠭᠠᠯᠳᠠ ᠶᠢ ᠵᠣᠬᠢᠶᠠᠨ ᠪᠠᠶᠢᠭᠤᠯᠤᠨ ᠪᠠᠶᠢᠷᠢᠯᠠᠭᠤᠯᠬᠤ᠂ ᠵᠣᠬᠢᠴᠠᠭᠤᠯᠤᠨ ᠬᠠᠷᠢᠯᠴᠠᠬᠤ᠂ | ᠠᠬᠢᠴᠠ ᠶᠢ ᠱᠠᠭᠠᠷᠳᠠᠬᠤ᠂ ᠬᠤᠷᠢᠶᠠᠩᠭᠤᠶᠢᠯᠠᠨ ᠳ᠋ᠦᠩᠨᠡᠬᠦ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ | ᠠᠵᠢᠯ ᠢ ᠨᠢᠭᠡᠳᠦᠯᠲᠡᠶ ᠳᠦᠰᠦᠪᠯᠡᠨᠡ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢ ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ ᠶᠣᠣ ᠬᠠᠶ ᠰᠢᠶᠠ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠱᠤ᠋ ᠭᠤᠸᠠᠩ ᠬᠤᠰᠢᠭᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ | ᠲᠠᠷᠬᠠᠨᠬᠦᠦ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠰᠢᠶᠤᠤ ᠮᠢᠩ ᠬᠤᠰᠢᠭᠤ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ | ᠪᠦᠷᠭᠦᠳ ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠲᠣᠪᠴᠢᠶᠠᠨ ᠳᠠᠷᠤᠭ᠎ᠠ | ᠬᠠᠰᠴᠢᠯᠠᠭᠤ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠪᠦᠷᠢᠯᠳᠦᠬᠦᠨ᠄ ᠪᠥᠬᠦ ᠬᠤᠰᠢᠭᠤᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠬᠤᠪᠢᠳᠠᠨ | ᠬᠠᠮᠢᠶᠠᠷᠬᠤ ᠣᠳᠣᠷᠢᠳᠣᠯᠭ᠎ᠠ ᠲᠣᠰ ᠲᠣᠰ 1 ᠬᠥᠮᠦᠨ | ᠤᠳᠤᠷᠢᠳᠬᠤ ᠳᠤᠭᠤᠶᠢᠯᠠᠩ ᠤᠨ ᠳᠣᠣᠷ᠎ᠠ ᠪᠠᠨ ᠠᠯᠪᠠᠨ ᠭᠡᠷ ᠲᠣᠬᠢᠷᠠᠭᠤᠯᠵᠣ᠂ ᠠᠯᠪᠠᠨ ᠭᠡᠷ ᠢ ᠬᠤᠰᠢᠭᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠪᠠᠶᠢᠭᠤᠯᠵᠤ᠂ ᠬᠠᠰᠴᠢᠯᠠᠭᠤ ᠪᠡᠶ᠎ᠡ ᠶᠢᠨ ᠪᠠᠶᠢᠴᠠᠭᠠᠯᠲᠠ ᠶᠢᠨ | ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠣᠷᠭᠠᠨ ᠬᠠᠷᠢᠭᠤᠴᠠᠨ᠎ᠠ᠃ | ᠲᠥᠷᠪᠡ᠂ ᠠᠵᠢᠯ ᠤᠨ ᠠᠭᠤᠯᠭ᠎ᠠ | ︵ᠨᠢᠭᠡ︶ ᠪᠡᠶ᠎ᠡ ᠶᠢᠨ ᠪᠠᠶᠢᠴᠠᠭᠠᠯᠲᠠ ᠬᠢᠬᠦ ᠨᠢᠭᠤᠷᠯᠠᠯ | ᠪᠦᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ︵ | ᠠᠵᠢᠯᠯᠠᠵᠣ ᠪᠠᠶᠢᠭ᠎ᠠ ᠺᠠᠳ᠋ᠷ᠂ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ᠂ ᠠᠵᠢᠯ ᠠᠴᠠ ᠪᠠᠨ ᠠᠮᠠᠷᠠᠭᠰᠠᠳ᠂ ᠠᠵᠢᠯᠯᠠᠵᠤ | ᠪᠠᠶᠢᠭ᠎ᠠ ︽ᠭᠤᠷᠪᠠ ᠶᠢ ᠳᠠᠮᠵᠢᠵᠤ ᠨᠢᠭᠡ ᠶᠢ ᠲᠡᠳᠬᠦᠬᠦ︾ ᠬᠥᠮᠦᠰ ᠪᠠ ᠨᠡᠶᠢᠭᠡᠮ ᠲᠣᠭᠤᠷᠢᠭ ᠤᠨ ᠠᠷᠠᠳ ᠤᠨ | ᠠᠮᠢᠳᠤᠷᠠᠯ ᠤᠨ ᠰᠠᠶᠢᠨ ᠳᠣᠷᠠᠴᠤᠤᠯ ᠵᠢᠴᠢ ᠠᠵᠢᠯᠲᠠᠨ ᠤ ᠶᠠᠪᠤᠳᠠᠯ ᠤᠨ ᠵᠣᠬᠢᠶᠠᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠠᠴᠠ ᠡᠳ᠋ ᠤᠨ ᠵᠠᠰᠠᠭ ᠤᠨ ᠨᠦᠬᠦᠪᠦᠷᠢ ᠶᠢ ᠬᠢᠨᠠᠨ ᠵᠥᠪᠰᠢᠶᠡᠷᠡᠵᠦ ᠡᠯᠰᠡᠨ ᠬᠡᠷᠡᠭᠯᠡᠭᠰᠡᠨ | ᠠᠵᠢᠯᠲᠠᠨ ᠪᠠᠭᠲᠠᠨ᠎ᠠ)᠂ ᠡᠯ᠎ᠡ ᠨᠢᠭᠡᠴᠡ ᠶᠢᠨ ᠥᠪᠡᠷ ᠢᠶᠠᠨ ᠤᠷᠢᠨ ᠬᠡᠷᠡᠭᠯᠡᠬᠦ ᠠᠵᠢᠯᠲᠠᠨ ᠪᠠ ᠬᠠᠷᠢᠶ᠎ᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠪᠠᠭᠲᠠᠬᠤ ᠦᠭᠡᠢ᠃ | (ᠬᠤᠶᠠᠷ)ᠬᠡᠷᠡᠭᠵᠢᠭᠦᠯᠬᠦ ᠪᠠᠶᠢᠭᠤᠯᠤᠮᠵᠢ | ᠬᠤᠰᠢᠭᠤ ᠡᠮᠨᠡᠯᠭᠡ ᠶᠢᠨ ᠬᠤᠷᠢᠶ᠎ᠠ ᠶᠢ ᠲᠣᠭᠲᠠᠭᠰᠠᠨ ᠴᠢᠭ ᠪᠦᠬᠦᠢ ᠪᠡᠶ᠎ᠡ ᠶᠢᠨ ᠪᠠᠶᠢᠴᠠᠭᠠᠯᠲᠠ ᠶᠢᠨ ᠡᠮᠨᠡᠯᠭᠡ | ᠶᠢᠨ ᠬᠤᠷᠢᠶ᠎ᠠ ᠪᠣᠯᠭᠠᠨ ᠲᠣᠭᠲᠠᠭᠠᠵᠤ᠂ ᠪᠦᠬᠦ ᠪᠠᠶᠢᠴᠠᠭᠠᠯᠲᠠ ᠳᠤ ᠣᠷᠣᠯᠴᠠᠭᠰᠠᠨ ᠬᠥᠮᠦᠰ ᠤᠨ ᠪᠡᠶ᠎ᠡ ᠶᠢᠨ | ᠪᠠᠶᠢᠴᠠᠭᠠᠯᠳᠠ ᠶᠢᠨ ᠠᠵᠢᠯ ᠢ ᠬᠠᠷᠢᠭᠤᠴᠠᠭᠤᠯᠬᠤ ᠬᠡᠷᠡᠭᠲᠡᠶ᠃ | ︵ᠭᠤᠷᠪᠠ︶ ᠪᠡᠶ᠎ᠡ ᠶᠢᠨ ᠪᠠᠶᠢᠴᠠᠭᠠᠯᠲᠠ ᠶᠢᠨ ᠴᠠᠭ | ᠺᠠᠳ᠋ᠷ ᠠᠵᠢᠯᠳᠠᠨ ᠨᠢᠭᠡᠪᠦᠷᠢ ᠵᠢᠯ ᠪᠦᠷᠢ ᠨᠢᠭᠡ ᠤᠳᠠᠭ᠎ᠠ ᠪᠡᠶ᠎ᠡ ᠶᠢᠨ ᠪᠠᠶᠢᠴᠠᠭᠠᠯᠲᠠ ᠬᠢᠨ᠎ᠠ᠃ ᠪᠡᠶ᠎ᠡ ᠶᠢᠨ | ᠪᠠᠶᠢᠴᠠᠭᠠᠯᠲᠠ ᠬᠢᠬᠦ ᠴᠠᠭ ᠢ ᠡᠯ᠎ᠡ ᠨᠠᠮ ᠵᠠᠰᠠᠭ ᠤᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠵᠢᠯ ᠤᠨ | ᠡᠬᠢᠨ ᠳᠤ ᠬᠤᠰᠢᠭᠤ ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠭᠡᠷ ᠲᠤ ᠲᠣᠰ ᠵᠢᠯ ᠤᠨ ᠪᠠᠶᠢᠴᠠᠭᠠᠯᠳᠠ ᠳᠤ | ᠣᠷᠣᠯᠴᠠᠬᠤ ᠬᠥᠮᠦᠰ ᠤᠨ ᠨᠡᠷᠡᠰ ᠢ ᠮᠡᠳᠡᠭᠦᠯᠦᠨ ᠬᠦᠷᠭᠡᠭᠰᠡᠨ ᠤ ᠳᠠᠷᠠᠭ᠎ᠠ᠂ ᠪᠡᠶ᠎ᠡ ᠶᠢᠨ ᠪᠠᠶᠢᠴᠠᠭᠠᠯᠲᠠ ᠶᠢᠨ ᠠᠯᠪᠠᠨ | ᠭᠡᠷ ᠨᠢ ᠨᠢᠭᠡᠳᠦᠯᠳᠡᠢ ᠲᠣᠬᠢᠷᠠᠭᠤᠯᠣᠨ᠎ᠠ᠃ ᠠᠵᠢᠯ ᠪᠤᠶᠤ ᠪᠣᠳᠠᠲᠠᠶ ᠰᠢᠯᠲᠠᠭᠠᠨ ᠠᠴᠠ ᠪᠣᠯᠵᠤ ᠲᠣᠭᠳᠠᠭᠰᠠᠨ ᠴᠠᠭ | ᠬᠤᠭᠤᠴᠠᠭᠠᠨ ᠳᠣᠲᠣᠷ᠎ᠠ ᠪᠡᠶ᠎ᠡ ᠶᠢᠨ ᠪᠠᠶᠢᠴᠠᠭᠠᠯᠲᠠ ᠬᠢᠵᠦ ᠴᠢᠳᠠᠭᠰᠠᠨ ᠦᠭᠡᠢ ᠪᠣᠯ᠂ ᠠᠵᠢᠯᠯᠠᠵᠤ ᠪᠠᠶᠢᠭ᠎ᠠ ᠨᠢᠭᠡᠴᠡ | ᠪᠣᠯᠤᠨ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠠᠴᠠ ᠥᠭᠡᠷ᠎ᠡ ᠨᠥᠬᠦᠵᠦ ᠪᠠᠶᠢᠴᠠᠭᠠᠬᠤ ᠴᠠᠭ | ᠲᠣᠬᠢᠷᠠᠭᠤᠯᠣᠨ᠎ᠠ᠃ ᠲᠣᠭᠲᠠᠭᠰᠠᠨ ᠨᠥᠬᠦᠵᠦ ᠪᠠᠶᠢᠴᠠᠭᠠᠬᠤ ᠴᠠᠭ ᠤᠨ ᠳᠣᠲᠣᠷ᠎ᠠ ᠪᠡᠶ᠎ᠡ ᠶᠢᠨ ᠪᠠᠶᠢᠴᠠᠭᠠᠯᠳᠠ ᠬᠢᠵᠦ | ᠳᠡᠶᠢᠯᠦᠭᠰᠡᠨ ᠦᠭᠡᠶ ᠪᠠᠶᠢᠪᠠᠯ᠂ ᠲᠤᠰ ᠵᠢᠯ ᠤᠨ ᠪᠡᠶ᠎ᠡ ᠶᠢᠨ ᠪᠠᠶᠢᠴᠠᠭᠠᠯᠲᠠ ᠶᠢᠨ ᠵᠠᠪᠰᠢᠶᠠᠨ ᠢ ᠲᠠᠶᠠᠭᠳᠠᠭᠰᠠᠨ ᠭᠡᠵᠦ | ᠦᠵᠡᠵᠦ᠂ ᠪᠡᠶ᠎ᠡ ᠶᠢᠨ ᠪᠠᠶᠢᠴᠠᠭᠠᠯᠳᠠ ᠬᠢᠬᠦ ᠵᠠᠪᠰᠢᠶᠠᠨ ᠢ ᠪᠤᠰᠤᠳ ᠲᠤ ᠳᠠᠮᠵᠢᠭᠤᠯᠵᠤ ᠪᠣᠯᠬᠤ ᠦᠭᠡᠢ᠃ | ︵ᠳᠥᠷᠪᠡ︶ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ | ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠨᠢ ᠬᠦᠮᠦᠨ ᠪᠦᠷᠢ ᠵᠢᠯ ᠪᠦᠷᠢ ᠳᠤ 500 ᠲᠥᠭᠦᠷᠢᠭ᠃ | ᠪᠠᠶᠢᠴᠠᠭᠠᠯᠳᠠ ᠳᠤ ᠣᠷᠣᠯᠴᠠᠬᠤ ᠬᠥᠮᠦᠰ ᠥᠪᠡᠷ ᠤᠨ ᠪᠠᠶᠢᠳᠠᠯ ᠲᠠᠢ ᠪᠠᠨ ᠤᠶᠠᠯᠳᠤᠭᠤᠯᠤᠨ᠂ ᠬᠤᠰᠢᠭᠤ ᠪᠡᠶ᠎ᠡ ᠶᠢᠨ | ᠪᠠᠶᠢᠴᠠᠭᠠᠯᠲᠠ ᠶᠢᠨ ᠠᠯᠪᠠᠨ ᠬᠡᠷ ᠤᠨ ︽ᠺᠠᠳ᠋ᠷ ᠠᠵᠢᠯᠲᠠᠨ ᠤ ᠪᠡᠶ᠎ᠡ ᠶᠢᠨ ᠪᠠᠶᠢᠴᠠᠭᠠᠯᠳᠠ ᠶᠢᠨ ᠣᠨ ᠤ ᠠᠵᠢᠯ ᠤᠨ | ᠲᠥᠰᠦᠯ︾ ᠢ ᠦᠨᠳᠦᠰᠦᠯᠡᠨ᠂ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠢ ᠰᠣᠩᠭᠤᠨ᠎ᠠ᠃ ᠵᠠᠷᠤᠳᠠᠯ ᠤᠨ | ᠶᠡᠷᠦᠩᠬᠡᠶ ᠲᠤᠭ᠎ᠠ ᠨᠢ 500 ᠲᠥᠭᠦᠷᠢᠭ ᠠᠴᠠ ᠬᠡᠲᠦᠷᠡᠭᠰᠡᠨ ᠬᠡᠰᠡᠭ ᠢ ᠪᠠᠶᠢᠴᠠᠭᠠᠯᠲᠠ ᠳᠤ ᠣᠷᠣᠯᠴᠠᠭᠰᠠᠨ ᠬᠥᠮᠦᠰ | ᠥᠪᠡᠷᠲᠡᠭᠡᠨ ᠡᠭᠦᠷᠭᠡᠯᠡᠨ᠎ᠡ᠂ 500 ᠲᠥᠭᠦᠷᠢᠭ ᠲᠤ ᠬᠦᠷᠬᠦ ᠦᠭᠡᠢ ᠪᠣᠯ ᠬᠤᠪᠢ ᠬᠦᠮᠦᠨ ᠳᠤ ᠪᠣᠴᠠᠭᠠᠬᠤ ᠦᠭᠡᠢ᠃ | ᠲᠠᠪᠤ᠂ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ | ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠥᠴᠢᠷ ᠵᠢᠯ ᠪᠦᠷᠢ ᠶᠢᠨ ᠪᠡᠶ᠎ᠡ ᠶᠢᠨ ᠪᠠᠶᠢᠴᠠᠭᠠᠯᠲᠠ ᠶᠢᠨ | ᠵᠠᠷᠣᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠴᠠᠭ ᠲᠤᠬᠠᠶ ᠳᠤᠨᠢ ᠰᠠᠯᠭᠠᠨ ᠥᠭᠭᠦᠨ᠎ᠡ ᠃ | ᠵᠢᠷᠭᠤᠭ᠎ᠠ᠂ ᠪᠡᠶ᠎ᠡ ᠶᠢᠨ ᠪᠠᠶᠢᠴᠠᠭᠠᠯᠲᠠ ᠶᠢᠨ ᠲᠠᠰ ᠳᠠᠷᠠᠭᠠᠯᠠᠯ | ︵ᠨᠢᠭᠡ︶ ᠠᠵᠢᠯ ᠡᠬᠢᠯᠡᠬᠦᠯᠬᠦ ᠱᠠᠲᠤ᠃ ᠬᠤᠰᠢᠭᠤ ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠭᠡᠷ ᠠᠴᠠ ︽ | ᠺᠠᠳ᠋ᠷ ᠠᠵᠢᠯᠲᠠᠨ ᠤ ᠪᠡᠶ᠎ᠡ ᠶᠢᠨ ᠪᠠᠶᠢᠴᠠᠭᠠᠯᠲᠠ ᠶᠢᠨ ᠣᠨ ᠤ ᠠᠵᠢᠯ ᠤᠨ ᠲᠥᠰᠦᠯ︾᠂ ᠡᠯ᠎ᠡ ᠨᠠᠮ ᠵᠠᠰᠠᠭ ᠤᠨ | ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠪᠦᠷᠢᠳᠬᠡᠭᠰᠡᠨ ᠲᠣᠰ ᠨᠢᠭᠡᠴᠡ ᠶᠢᠨ ᠣᠨ ᠤ ᠪᠠᠶᠢᠴᠠᠭᠠᠯᠲᠠ ᠳᠤ | ᠣᠷᠣᠯᠴᠠᠭᠰᠠᠳ ᠤᠨ ᠨᠡᠷᠡᠰ ᠤᠨ ᠪᠦᠷᠢᠳᠬᠡᠯ ᠨᠢ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ | ᠶᠣᠰᠣᠭᠠᠷ᠂ ᠬᠤᠰᠢᠭᠤ ᠵᠣᠬᠢᠶᠠᠨ ᠪᠠᠶᠢᠭᠤᠯᠬᠤ᠂ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠪᠡᠶ᠎ᠡ ᠶᠢᠨ | ᠪᠠᠶᠢᠴᠠᠭᠠᠯᠳᠠ ᠶᠢᠨ ᠠᠵᠢᠯᠲᠠᠨ ᠤ ᠬᠢᠷᠢ ᠬᠡᠮ ᠢ ᠨᠤᠲᠠᠯᠠᠭᠰᠠᠨ ᠤ ᠳᠠᠷᠠᠭ᠎ᠠ᠂ ᠬᠤᠰᠢᠭᠤ ᠪᠡᠶ᠎ᠡ ᠶᠢᠨ ᠪᠠᠶᠢᠴᠠᠭᠠᠯᠲᠠ ᠶᠢᠨ | ᠠᠯᠪᠠᠨ ᠭᠡᠷ ᠲᠤ ᠮᠡᠳᠡᠬᠦᠯᠦᠨ᠎ᠡ᠃ ᠡᠯ᠎ᠡ ᠪᠠᠶᠢᠴᠠᠭᠠᠯᠳᠠ ᠳᠤ ᠣᠷᠣᠯᠴᠠᠬᠤ ᠪᠠᠶᠢᠭᠤᠯᠭ᠎ᠠ ᠶᠢᠨ ᠲᠣᠭᠳᠠᠭᠠᠭᠰᠠᠨ | ᠲᠣᠰᠬᠠᠢ ᠬᠦᠮᠦᠨ ᠨᠢ ᠪᠡᠶ᠎ᠡ ᠶᠢᠨ ᠪᠠᠶᠢᠴᠠᠭᠠᠯᠳᠠ ᠶᠢᠨ ᠵᠣᠬᠢᠴᠠᠭᠤᠯᠣᠨ ᠬᠠᠷᠢᠯᠴᠠᠬᠤ ᠠᠵᠢᠯ ᠢ ᠬᠠᠷᠢᠭᠤᠴᠠᠨ᠎ᠠ᠃ | ︵ᠬᠤᠶᠠᠷ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠱᠠᠲᠤ᠃ ᠲᠣᠭᠲᠠᠭᠰᠠᠨ ᠴᠡᠭ ᠤᠨ ᠡᠮᠨᠡᠯᠭᠡ ᠶᠢᠨ | ᠬᠤᠷᠢᠶ᠎ᠠ ᠨᠢ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠬᠤ ᠳᠤᠭᠤᠶᠢᠯᠠᠩ ᠢ ᠪᠠᠶᠢᠭᠤᠯᠵᠣ᠂ ᠬᠤᠷᠢᠶᠠᠨ ᠳᠠᠷᠤᠭ᠎ᠠ ᠪᠤᠶᠤ | ᠳᠡᠳ᠋ ᠬᠤᠷᠢᠶᠠᠨ ᠳᠠᠷᠤᠭ᠎ᠠ ᠠᠴᠠ ᠳᠤᠭᠤᠶᠢᠯᠠᠩ ᠤᠨ ᠳᠠᠷᠤᠭ᠎ᠠ ᠪᠣᠯᠵᠤ᠂ ᠲᠤᠬᠠᠶᠢᠯᠠᠭᠰᠠᠨ ᠠᠵᠢᠯ ᠳᠠᠭᠠᠨ | ᠴᠠᠭᠠᠷᠠᠭᠰᠠᠨ᠂ ᠠᠵᠢᠯ ᠳᠠᠭᠠᠨ ᠬᠢᠨᠠᠮᠠᠭᠠᠶ ᠬᠠᠷᠢᠭᠤᠴᠠᠯᠭ᠎ᠠ ᠲᠠᠢ᠂ ᠲᠥᠪ ᠴᠢᠩᠭ᠎ᠠ ᠯᠠᠪᠳᠠᠭᠤᠨ ᠪᠠᠲᠤᠲᠠᠶ ᠡᠮᠨᠡᠯᠭᠡ ᠶᠢᠨ | ᠠᠵᠢᠯᠲᠠᠨ ᠢ ᠲᠣᠬᠢᠷᠠᠭᠤᠯᠵᠣ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠤ ᠣᠷᠣᠯᠴᠠᠭᠤᠯᠵᠣ᠂ ᠪᠡᠶ᠎ᠡ ᠶᠢᠨ | ᠪᠠᠶᠢᠴᠠᠭᠠᠯᠲᠠ ᠶᠢᠨ ᠲᠥᠷᠥᠯ ᠵᠦᠢᠯ ᠤᠨ ᠠᠵᠢᠯᠯᠠᠬᠤ ᠴᠤᠪᠤᠷᠠᠯ ᠢ ᠵᠦᠢ ᠵᠣᠬᠢᠰᠳᠡᠢ ᠲᠣᠬᠢᠷᠠᠭᠤᠯᠣᠨ᠎ᠠ᠃ ᠬᠤᠰᠢᠭᠤ | ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠬᠡᠷ ᠨᠢ ᠲᠣᠭᠲᠠᠭᠰᠠᠨ ᠴᠢᠭ ᠤᠨ ᠡᠮᠨᠡᠯᠭᠡ ᠶᠢᠨ ᠬᠤᠷᠢᠶ᠎ᠠ ᠶᠢᠨ ᠡᠳᠦᠷ | ᠪᠦᠷᠢ ᠶᠢᠨ ᠪᠡᠶ᠎ᠡ ᠶᠢᠨ ᠪᠠᠶᠢᠴᠠᠭᠠᠯᠲᠠ ᠶᠢᠨ ᠬᠥᠮᠦᠨ ᠤ ᠲᠤᠭ᠎ᠠ ᠶᠢ ᠦᠨᠳᠦᠰᠦᠯᠡᠨ ᠪᠣᠳᠠᠲᠠᠶ ᠡᠭᠦᠷᠭᠡᠯᠡᠬᠦ ᠴᠢᠳᠠᠪᠤᠷᠢ ᠶᠢ | ᠵᠦᠶ ᠵᠣᠬᠢᠰᠲᠠᠶ ᠲᠣᠬᠢᠷᠠᠭᠤᠯᠵᠤ᠂ ᠺᠠᠳ᠋ᠷ ᠠᠵᠢᠯᠲᠠᠨ ᠤ ᠪᠡᠶ᠎ᠡ ᠶᠢᠨ ᠪᠠᠶᠢᠴᠠᠭᠠᠯᠲᠠ ᠶᠢᠨ ᠴᠠᠭ ᠢ ᠵᠦᠶ ᠵᠣᠬᠢᠰᠲᠠᠶ | ᠲᠣᠬᠢᠷᠠᠭᠤᠯᠬᠤ ᠶᠢᠨ ᠬᠠᠮᠲᠤ᠂ ᠬᠤᠯᠪᠣᠭᠳᠠᠯ ᠪᠦᠬᠦᠢ ᠨᠢᠭᠡᠴᠡ ᠳᠤ ᠮᠡᠳᠡᠭᠳᠡᠵᠦ᠂ ᠡᠯ᠎ᠡ ᠨᠢᠭᠡᠴᠡ ᠮᠡᠳᠡᠭᠳᠡᠯ ᠢ | ᠣᠯᠤᠭᠰᠠᠨ ᠤ ᠳᠠᠷᠠᠭ᠎ᠠ᠂ ᠪᠠᠶᠢᠴᠠᠭᠠᠯᠲᠠ ᠳᠤ ᠣᠷᠣᠯᠴᠠᠬᠤ ᠬᠥᠮᠦᠰ ᠢ ᠵᠣᠬᠢᠶᠠᠨ ᠪᠠᠶᠢᠭᠤᠯᠵᠤ ᠲᠣᠭᠲᠠᠭᠰᠠᠨ ᠴᠠᠭ ᠤᠨ | ᠳᠣᠲᠣᠷ᠎ᠠ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠬᠦᠷᠴᠦ ᠪᠡᠶ᠎ᠡ ᠶᠢᠨ ᠪᠠᠶᠢᠴᠠᠭᠠᠯᠲᠠ ᠬᠢᠯᠭᠡᠨ᠎ᠡ᠃ | ︵ᠭᠤᠷᠪᠠ︶ ᠳ᠋ᠦᠩᠨᠡᠯᠲᠡ ᠬᠢᠵᠦ ᠬᠤᠷᠢᠶᠠᠩᠭᠤᠶᠢᠯᠠᠬᠤ ᠱᠠᠲᠤ᠃ ᠲᠣᠭᠲᠠᠮᠠᠯ ᠴᠢᠭ ᠤᠨ ᠡᠮᠨᠡᠯᠭᠡ ᠶᠢᠨ | ᠬᠤᠷᠢᠶ᠎ᠠ ᠴᠠᠭ ᠲᠤᠬᠠᠶ ᠳᠤᠨᠢ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠪᠦᠷᠢᠳᠬᠡᠨ ᠬᠤᠷᠢᠶᠠᠩᠭᠤᠶᠢᠯᠠᠵᠤ᠂ | ᠡᠭᠦᠨ ᠤ ᠬᠠᠮᠲᠤ ︽ᠨᠢᠭᠡ ᠬᠥᠮᠦᠨ ᠨᠢᠭᠡ ᠲᠠᠩᠰᠠ ᠡᠪᠬᠡᠮᠡᠯ ᠪᠠᠶᠢᠬᠤ︾ ᠶᠣᠰᠣᠭᠠᠷ ᠺᠠᠳ᠋ᠷ ᠠᠵᠢᠯᠲᠠᠨ ᠤ ᠬᠤᠪᠢ | ᠬᠦᠮᠦᠨ ᠤ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠪᠠᠶᠢᠭᠤᠯᠵᠤ᠂ ᠲᠠᠩᠰᠠ ᠡᠪᠬᠡᠮᠡᠯ ᠳᠤ ᠡᠷᠡᠭᠦᠯ ᠮᠡᠨᠳᠦ ᠶᠢᠨ | ᠪᠠᠶᠢᠴᠠᠭᠠᠯᠳᠠ ᠶᠢᠨ ᠶᠡᠷᠦᠩᠬᠡᠶᠢᠯᠡᠭᠰᠡᠨ ᠦᠨᠡᠯᠡᠯᠲᠡ ᠵᠢᠴᠢ ᠪᠡᠶ᠎ᠡ ᠶᠢᠨ ᠪᠠᠶᠢᠴᠠᠭᠠᠯᠲᠠ ᠪᠠᠷ ᠢᠯᠡᠷᠡᠭᠦᠯᠦᠭᠰᠡᠨ ᠡᠪᠡᠳᠴᠢᠨ | ᠡᠮᠭᠡᠭ ᠲᠤ ᠴᠢᠭᠯᠡᠭᠦᠯᠦᠨ ᠳᠤᠷᠠᠳᠤᠭᠰᠠᠨ ᠠᠷᠭ᠎ᠠ ᠬᠡᠮᠵᠢᠶ᠎ᠡ ᠶᠢ ᠪᠠᠭᠲᠠᠭᠠᠨ᠎ᠠ᠃ ᠡᠮᠨᠡᠯᠭᠡ ᠶᠢᠨ ᠬᠤᠷᠢᠶ᠎ᠠ ᠨᠢ ᠪᠡᠶ᠎ᠡ ᠶᠢᠨ | ᠪᠠᠶᠢᠴᠠᠭᠠᠯᠲᠠ ᠶᠢᠨ ᠠᠵᠢᠯ ᠳᠠᠭᠤᠰᠤᠭᠰᠠᠨ ᠤ ᠳᠠᠷᠠᠭ᠎ᠠ 15 ᠠᠵᠢᠯ ᠤᠨ ᠡᠳᠦᠷ ᠤᠨ ᠳᠣᠲᠣᠷ᠎ᠠ(ᠬᠡᠰᠡᠭ | ᠡᠪᠡᠳᠴᠢᠨ ᠤ ᠪᠠᠶᠢᠴᠠᠭᠠᠯᠲᠠ ᠶᠢᠨ ᠲᠥᠷᠥᠯ ᠵᠦᠢᠯ ᠢ ᠵᠣᠬᠢᠰᠲᠠᠶ ᠬᠤᠶᠢᠰᠢᠯᠠᠭᠤᠯᠬᠤ︶ ᠪᠡᠶ᠎ᠡ ᠶᠢᠨ ᠪᠠᠶᠢᠴᠠᠭᠠᠯᠲᠠ ᠶᠢᠨ | ᠳᠠᠩᠰᠠ ᠡᠪᠬᠡᠮᠡᠯ ᠢᠶᠠᠨ ᠡᠯ᠎ᠡ ᠪᠠᠶᠢᠴᠠᠭᠠᠯᠲᠠ ᠳᠤ ᠣᠷᠣᠯᠴᠠᠭᠰᠠᠨ ᠨᠢᠭᠡᠴᠡ ᠳᠤ ᠬᠠᠷᠢᠭᠤ ᠳᠣᠰᠬᠠᠵᠣ᠂ | ᠪᠠᠶᠢᠴᠠᠭᠠᠯᠲᠠ ᠳᠤ ᠣᠷᠣᠯᠴᠠᠭᠰᠠᠨ ᠨᠢᠭᠡᠴᠡ ᠲᠣᠰ ᠬᠥᠮᠦᠨ ᠳᠤᠨᠢ ᠳᠠᠬᠢᠨ ᠬᠠᠷᠢᠭᠤ ᠲᠤᠰᠬᠠᠨ᠎ᠠ᠃ | ᠪᠡᠶ᠎ᠡ ᠶᠢᠨ ᠪᠠᠶᠢᠴᠠᠭᠠᠯᠲᠠ ᠶᠢᠨ ᠪᠦᠬᠦ ᠠᠵᠢᠯ ᠳᠠᠭᠤᠰᠤᠭᠰᠠᠨ ᠤ ᠳᠠᠷᠠᠭ᠎ᠠ᠂ ᠬᠤᠰᠢᠭᠤ ᠪᠡᠶ᠎ᠡ ᠶᠢᠨ | ᠪᠠᠶᠢᠴᠠᠭᠠᠯᠲᠠ ᠶᠢᠨ ᠠᠯᠪᠠᠨ ᠭᠡᠷ ᠨᠢ ᠮᠠᠨ ᠤ ᠬᠤᠰᠢᠭᠤᠨ ᠤ ᠺᠠᠳ᠋ᠷ ᠠᠵᠢᠯᠲᠠᠨ ᠤ ᠪᠡᠶ᠎ᠡ ᠶᠢᠨ ᠪᠠᠶᠢᠴᠠᠭᠠᠯᠲᠠ ᠶᠢᠨ | ᠶᠡᠷᠦᠩᠬᠡᠶ ᠪᠠᠶᠢᠳᠠᠯ ᠢ ᠦᠨᠳᠦᠰᠦᠯᠡᠨ᠂ ᠣᠨ ᠤ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ ᠪᠠᠶᠢᠳᠠᠯ ᠤᠨ ᠲᠤᠰᠬᠠᠶ | ᠮᠡᠳᠡᠭᠦᠯᠦᠯᠲᠡ ᠶᠢ ᠪᠦᠷᠢᠯᠳᠦᠭᠦᠯᠵᠣ᠂ ᠲᠠᠪᠤᠨ ᠵᠢᠯ ᠪᠤᠶᠤ ᠠᠷᠪᠠᠨ ᠵᠢᠯ ᠳᠤ ᠺᠠᠳ᠋ᠷ ᠠᠵᠢᠯᠲᠠᠨ ᠤ ᠡᠷᠡᠭᠦᠯ ᠮᠡᠨᠳᠦ ᠶᠢᠨ | ᠪᠠᠶᠢᠳᠠᠯ ᠤᠨ ᠬᠦᠭᠵᠢᠯᠳᠡ ᠶᠢᠨ ᠵᠠᠳᠠᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ ᠬᠤᠰᠢᠭᠤ ᠵᠠᠰᠠᠭ ᠤᠨ | ᠣᠷᠳᠣᠨ ᠳᠤ ᠮᠡᠳᠡᠭᠦᠯᠵᠦ᠂ ᠮᠠᠨ ᠤ ᠬᠤᠰᠢᠭᠤᠨ ᠤ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠣᠬᠤ | ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠬᠤ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠨ᠎ᠠ᠃ | ᠳᠣᠯᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ᠃ | ᠡᠯ᠎ᠡ ᠰᠤᠮᠤ ᠪᠠᠯᠭᠠᠰᠤ ︵ᠲᠠᠯᠠᠪᠠᠢ︶᠂ ᠡᠯ᠎ᠡ ᠰᠠᠯᠠᠭ᠎ᠠ ᠮᠥᠴᠢᠷ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠰᠬᠠᠶ ᠬᠥᠮᠦᠨ ᠲᠤᠬᠢᠷᠠᠭᠤᠯᠤᠨ ᠪᠡᠶ᠎ᠡ ᠶᠢᠨ | ᠪᠠᠶᠢᠴᠠᠭᠠᠯᠲᠠ ᠶᠢᠨ ᠠᠵᠢᠯ ᠢ ᠬᠠᠷᠢᠭᠤᠴᠠᠭᠤᠯᠵᠤ᠂ ᠡᠳᠦᠷ ᠲᠤᠲᠤᠮ ᠤᠨ ᠠᠵᠢᠯ ᠬᠢᠭᠡᠳ ᠪᠡᠶ᠎ᠡ ᠶᠢᠨ ᠪᠠᠶᠢᠴᠠᠭᠠᠯᠲᠠ | ᠬᠤᠶᠠᠷ ᠢ ᠰᠠᠭᠠᠲᠠᠭᠠᠵᠤ ᠪᠣᠯᠬᠤ ᠥᠬᠡᠶ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ | ᠤᠷᠤᠭᠰᠢᠲᠠᠶ ᠶᠠᠪᠤᠭᠳᠠᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠺᠠᠳ᠋ᠷ | ᠠᠵᠢᠯᠲᠠᠨ ᠤ ᠪᠠᠶᠢᠴᠠᠭᠠᠯᠲᠠ ᠳᠤ ᠣᠷᠣᠯᠴᠠᠭᠰᠠᠨ ᠪᠠᠶᠢᠳᠠᠯ ᠢ ᠡᠯ᠎ᠡ ᠰᠤᠮᠤ ᠪᠠᠯᠭᠠᠰᠤ ︵ᠲᠠᠯᠠᠪᠠᠶ︶᠂ ᠡᠯ᠎ᠡ | ᠨᠢᠭᠡᠴᠡ ᠶᠢᠨ ︽ᠡᠷᠡᠭᠦᠯ ᠡᠩᠬᠡ ᠵᠡᠭᠦᠨ ᠦᠵᠦᠮᠦᠴᠢᠨ ᠬᠤᠰᠢᠭᠤ︾ ᠶᠢᠨ ᠪᠥᠲᠥᠭᠡᠨ ᠪᠠᠶᠢᠭᠤᠯᠤᠯᠲᠠ ᠪᠠ ᠵᠢᠯ ᠤᠨ | ᠡᠴᠦᠰ ᠤᠨ ᠬᠢᠨᠠᠨ ᠰᠢᠯᠭᠠᠷᠠᠭᠤᠯᠣᠯᠳᠠ ᠶᠢ ᠨᠠᠶᠢᠳᠠᠪᠤᠷᠢᠵᠢᠭᠤᠯᠬᠤ ᠴᠢᠬᠤᠯᠠ ᠦᠨᠳᠦᠰᠦᠯᠡᠯ ᠪᠣᠯᠭᠠᠨ᠎ᠠ᠃ ᠬᠤᠰᠢᠭᠤ | ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠭᠡᠷ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠰᠠᠶᠢᠳᠤᠷ ᠬᠢᠵᠦ᠂ | ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ ᠦᠷᠨᠢᠬᠦᠯᠵᠦ᠂ ᠴᠠᠭ ᠲᠠᠭᠠᠨ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠬᠠᠮᠢᠶᠠᠷᠤᠯᠲᠠ ᠪᠠᠨ ᠴᠢᠩᠭᠠᠳᠬᠠᠵᠤ᠂ ᠲᠣᠬᠢᠲᠠᠶ ᠬᠠᠳᠠᠭᠠᠯᠠᠬᠤ ᠬᠡᠷᠡᠭᠲᠡᠶ᠃ ᠲᠣᠭᠲᠠᠭᠰᠠᠨ | ᠴᠡᠭ ᠤᠨ ᠡᠮᠨᠡᠯᠭᠡ ᠶᠢᠨ ᠬᠤᠷᠢᠶ᠎ᠠ ᠨᠢ ᠺᠠᠳ᠋ᠷ ᠤᠨ ᠪᠡᠶ᠎ᠡ ᠶᠢᠨ ᠪᠠᠶᠢᠴᠠᠭᠠᠯᠲᠠ ᠶᠢᠨ ᠳᠦᠷᠢᠮ ᠪᠠ ᠠᠵᠢᠯ ᠤᠨ | ᠨᠢᠭᠤᠴᠠ ᠶᠢ ᠬᠠᠮᠠᠭᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠺᠠᠳ᠋ᠷ ᠠᠵᠢᠯᠳᠠᠨ ᠤ ᠡᠷᠡᠭᠦᠯ ᠮᠡᠨᠳᠦ ᠪᠡᠶ᠎ᠡ ᠶᠢᠨ | ᠪᠠᠶᠢᠴᠠᠭᠠᠯᠲᠠ ᠶᠢᠨ ᠳᠠᠩᠰᠠ ᠡᠪᠬᠡᠮᠡᠯ ᠢ ᠲᠣᠬᠢᠲᠠᠶ ᠬᠠᠮᠢᠶᠠᠷᠴᠣ᠂ ᠪᠡᠶ᠎ᠡ ᠶᠢᠨ ᠪᠠᠶᠢᠴᠠᠭᠠᠯᠳᠠ ᠶᠢᠨ ᠠᠭᠤᠯᠭ᠎ᠠ ᠶᠢ | ᠭᠠᠳᠠᠭᠰᠢ ᠵᠠᠳᠠᠷᠠᠭᠤᠯᠵᠣ ᠪᠣᠯᠬᠤ ᠦᠭᠡᠢ᠃ | | | | | | | | ᠵᠡᠬᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | | 2020 ᠣᠨ ᠤ 6 ᠰᠠᠷ᠎ᠠ ᠶᠢᠨ 8 ᠤ ᠡᠳᠦᠷ ᠲᠠᠷᠣᠮᠠᠯᠯᠠᠨ ᠳᠠᠷᠬᠠᠭᠠᠪᠠ |