ᠨᠢᠭᠡ᠂ ᠵᠡᠭᠦᠨ ᠦᠵᠦᠮᠦᠴᠢᠨ ᠬᠤᠰᠢᠭᠤᠨ ᠤ ᠰᠤᠷᠤᠯᠭ᠎ᠠ ᠶᠢᠨ ᠲᠡᠳᠬᠦᠮᠵᠢ ᠶᠢᠨ ᠬᠠᠮᠢᠶᠠᠷᠤᠯᠲᠠ ᠶᠢᠨ | ᠲᠥᠪ ᠨᠢ 2020 ᠣᠨ ᠤ 7 ᠰᠠᠷ᠎ᠠ ᠶᠢᠨ 27 ᠤ ᠡᠳᠦᠷ ᠠᠴᠠ 9 ᠰᠠᠷ᠎ᠠ ᠶᠢᠨ 15 ᠤ ᠡᠳᠦᠷ ᠮᠠᠨ ᠤ ᠬᠤᠰᠢᠭᠤᠨ | ᠤ ᠡᠷᠦᠭᠡ ᠠᠮᠠ ᠲᠠᠢ ᠰᠣᠷᠣᠭᠴᠢᠳ ᠲᠤ ᠰᠣᠷᠣᠯᠭ᠎ᠠ ᠶᠢᠨ ᠲᠡᠳᠬᠦᠮᠵᠢ ᠶᠢᠨ ᠵᠢᠭᠡᠯᠡᠯᠭᠡ ᠣᠯᠭᠤᠬᠤ ᠭᠠᠷ | ᠭᠦᠢᠴᠡᠳᠭᠡᠯ ᠬᠢᠨ᠎ᠡ ︵ᠦᠷᠭᠦᠯᠵᠢᠯᠡᠨ ᠵᠢᠭᠡᠯᠡᠯᠭᠡ ᠭᠤᠶᠤᠴᠢᠯᠠᠬᠤ ᠣᠶᠣᠳᠠᠳ ᠰᠦᠯᠵᠢᠶ᠎ᠡ ᠪᠠᠷ ᠭᠦᠢᠴᠡᠳᠬᠡᠵᠣ | ᠪᠣᠯᠤᠨ᠎ᠠ︶ ᠃ | ᠬᠤᠶᠠᠷ᠂ 2020 ᠣᠨ ᠤ 8 ᠰᠠᠷ᠎ᠠ ᠶᠢᠨ 10 ᠤ ᠡᠳᠦᠷ ᠠᠴᠠ ᠡᠬᠢᠯᠡᠨ ᠰᠢᠨ᠎ᠡ ᠪᠠᠷ ᠡᠯᠰᠡᠭᠳᠡᠭᠰᠡᠨ | ᠤᠶᠤᠲᠠᠳ ᠪᠠ ᠦᠩᠭᠡᠷᠡᠭᠰᠡᠨ ᠵᠢᠯ ᠳᠤ ᠵᠢᠭᠡᠯᠡᠯᠭᠡ ︵ᠠᠩᠬ᠎ᠠ ᠵᠢᠭᠡᠯᠡᠵᠣ ᠪᠠᠶᠢᠭ᠎ᠠ︶ ᠠᠪᠴᠣ ᠦᠩᠭᠡᠷᠡᠭᠰᠡᠨ ᠦᠭᠡᠢ | ᠤᠶᠤᠲᠠᠳ ᠲᠤ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠣᠯᠭᠤᠨ᠎ᠠ᠃ | ᠵᠢᠭᠡᠯᠡᠯᠭᠡ ᠡᠷᠡᠮᠡᠯᠵᠡᠯᠡᠬᠦ ᠳᠤ ᠭᠡᠷᠡᠭᠰᠡᠬᠦ ᠮᠠᠲ᠋ᠧᠷᠢᠶᠠᠯ᠄ | 1. ᠰᠤᠷᠤᠭᠴᠢ ᠶᠢᠨ ᠪᠡᠶ᠎ᠡ ᠶᠢᠨ ᠦᠨᠡᠮᠯᠡᠯ | 2. ᠰᠤᠷᠤᠭᠴᠢ ᠶᠢᠨ ᠦᠨᠡᠮᠯᠡᠯ ᠪᠣᠶᠣ ᠰᠣᠷᠭᠠᠭᠤᠯᠢ ᠳᠤ ᠪᠠᠶᠢᠭ᠎ᠠ ᠭᠡᠷᠡᠴᠢ ︵ᠰᠢᠨ᠎ᠡ ᠰᠤᠷᠤᠭᠴᠢ ᠶᠢᠨ | ᠰᠣᠷᠭᠠᠭᠤᠯᠢ ᠳᠤ ᠡᠯᠰᠡᠭᠳᠡᠭᠰᠡᠨ ᠮᠡᠳᠡᠭᠳᠠᠯ︶ | 3. ᠭᠡᠷ ᠤᠨ ᠠᠬᠠᠮᠠᠳ ᠤᠨ ᠪᠡᠶ᠎ᠡ ᠶᠢᠨ ᠦᠨᠡᠮᠯᠡᠯ | 4. ᠰᠣᠷᠣᠭᠴᠢ ᠶᠢᠨ ᠵᠢᠭᠡᠯᠡᠯᠭᠡ ᠡᠷᠡᠮᠡᠯᠵᠡᠯᠡᠬᠦ ᠬᠦᠰᠦᠨᠦᠭ ᠪᠠ ᠭᠡᠷ ᠤᠨ ᠠᠮᠢᠳᠣᠷᠠᠯ ᠨᠢ ᠬᠦᠴᠢᠷᠳᠡᠯᠲᠡᠢ | ᠰᠣᠷᠣᠭᠴᠢ ᠪᠠᠷ ᠨᠣᠳᠠᠯᠠᠨ ᠡᠷᠡᠮᠡᠯᠵᠡᠯᠡᠬᠦ ᠬᠦᠰᠦᠨᠦᠭ | ᠭᠤᠷᠪᠠ᠂ ᠵᠡᠭᠦᠨ ᠦᠵᠦᠮᠦᠴᠢᠨ ᠬᠤᠰᠢᠭᠤᠨ ᠤ ᠡᠷᠦᠬᠡ ᠠᠮᠠ ᠶᠢᠨ ᠳᠠᠩᠰᠠ ᠲᠠᠢ᠂ 2018 ᠣᠨ ᠠᠴᠠ | 2020 ᠳᠤ ᠶᠡᠭᠡ ᠳᠡᠭᠡᠳᠣ ᠰᠤᠷᠭᠠᠭᠤᠯᠢ ︵ᠲᠤᠰᠬᠠᠶ ᠮᠡᠷᠭᠡᠵᠢᠯ᠂ ᠵᠢᠩᠬᠢᠨᠢ ᠠᠩᠭᠢ︶ ᠳᠤ ᠰᠢᠯᠭᠠᠨ | ᠣᠷᠣᠭᠰᠠᠨ ᠨᠠᠭᠠᠳᠤ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ ᠬᠦᠷᠳᠡᠵᠣ ᠪᠠᠶᠢᠭ᠎ᠠ ᠬᠡᠷ ᠪᠦᠯᠢ ᠶᠢᠨ ᠬᠡᠤᠬᠡᠳ᠂ | ᠥᠨᠥᠴᠢᠨ ᠬᠡᠤᠬᠡᠳ ︵8 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 15 ᠤ ᠡᠳᠦᠷ︶ ᠰᠣᠷᠭᠠᠭᠤᠯᠢ ᠳᠤ | ᠡᠯᠰᠡᠭᠳᠡᠭᠰᠡᠨ ᠮᠡᠳᠡᠭᠳᠡᠯ ︵ᠰᠣᠷᠣᠭᠴᠢ ᠶᠢᠨ ᠦᠨᠡᠮᠯᠡᠯ︶᠂ ᠰᠣᠷᠣᠭᠴᠢ ᠶᠢᠨ ᠪᠡᠶ᠎ᠡ ᠶᠢᠨ ᠦᠨᠡᠮᠯᠠᠯ᠂ ᠡᠷᠦᠭᠡ ᠶᠢᠨ | ᠡᠵᠡᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠨᠠᠭᠠᠳᠤ ᠵᠠᠬ᠎ᠠ ᠶᠢᠨ ᠠᠮᠢᠳᠣᠷᠠᠯ ᠤᠨ ᠪᠠᠲᠤᠯᠠᠭ᠎ᠠ ᠶᠢᠨ | ᠳᠡᠪᠳᠡᠷ ︵ᠲᠠᠩᠰᠠ ᠡᠪᠬᠡᠮᠡᠯ ᠪᠠᠶᠢᠭᠤᠯᠣᠭᠰᠠᠨ ᠶᠠᠳᠠᠭᠤ ᠬᠦᠴᠢᠷᠳᠡᠯᠲᠠᠢ ᠡᠷᠦᠬᠡ ᠶᠢᠨ ᠦᠨᠡᠮᠯᠡᠯ᠂ ᠥᠨᠥᠴᠢᠨ | ᠬᠡᠤᠬᠡᠳ ᠤᠨ ᠦᠨᠡᠮᠯᠡᠯ︶᠂ ᠰᠣᠷᠣᠭᠴᠢ ᠶᠢᠨ 1.5 ᠢᠮᠠᠬᠤ ᠶᠢᠨ ᠰᠡᠬᠦᠳᠡᠷ 3 ᠬᠤᠪᠢ᠂ ᠰᠣᠷᠣᠭᠴᠢ ᠶᠢᠨ | ᠢᠲᠡᠭᠡᠮᠵᠢ ᠶᠢᠨ ᠬᠤᠷᠰᠢᠶ᠎ᠠ ᠶᠢᠨ ᠪᠠᠩᠬᠢ ᠶᠢᠨ ᠺᠠᠷᠲ ᠵᠡᠷᠭᠡ ᠪᠠᠨ ᠠᠪᠴᠣ ᠮᠠᠨ ᠤ ᠪᠠᠶᠢᠭᠤᠯᠭ᠎ᠠ ᠳᠤ ᠬᠦᠷᠴᠦ | ᠳᠡᠳᠬᠦᠮᠵᠢ ᠶᠢᠨ ᠮᠦᠩᠭᠦ ᠡᠷᠡᠮᠡᠯᠵᠡᠯᠡᠭᠡᠷᠡᠢ︕ ᠲᠣᠭᠳᠠᠭᠰᠠᠨ ᠬᠤᠭᠤᠴᠠᠭᠠᠨ ᠠᠴᠠ ᠬᠤᠵᠢᠮᠳᠠᠪᠠᠯ ᠬᠠᠷᠢᠭᠤᠴᠠᠯᠭ᠎ᠠ | ᠪᠠᠨ ᠦᠪᠡᠷᠳᠡᠭᠡᠨ ᠡᠬᠦᠷᠭᠡᠯᠡᠨ᠎ᠡ᠃ | ᠡᠷᠡᠮᠡᠯᠵᠡᠯᠡᠬᠦ ᠭᠠᠵᠠᠷ᠄ ᠵᠡᠭᠦᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ | ᠨᠢᠭᠡᠳᠦᠭᠡᠷ ᠳᠠᠪᠬᠤᠷ ᠤᠨ 112 ᠲᠠᠰᠤᠭ | ᠬᠠᠷᠢᠯᠴᠠᠬᠤ ᠣᠳᠠᠰᠣ᠄ 0479 — 3221174 | | ᠵᠡᠭᠦᠨ ᠦᠵᠦᠮᠦᠴᠢᠨ ᠬᠤᠰᠢᠭᠤᠨ ᠤ ᠰᠤᠷᠤᠯᠭ᠎ᠠ ᠶᠢᠨ ᠲᠡᠳᠬᠦᠮᠵᠢ ᠶᠢᠨ ᠬᠠᠮᠢᠶᠠᠷᠤᠯᠲᠠ ᠶᠢᠨ ᠲᠥᠪ | 2020 ᠣᠨ ᠤ 7 ᠰᠠᠷ᠎ᠠ ᠶᠢᠨ 28 ᠤ ᠡᠳᠦᠷ |