ᠬᠦᠬᠡᠬᠤᠲᠠ ᠪᠣᠭᠤᠮᠲᠠ ᠶᠢᠨ ᠨᠠᠮ ᠤᠨ ᠬᠤᠷᠢᠶᠠᠨ ᠤ ᠱᠦᠵᠢ᠂ ᠪᠣᠭᠤᠮᠲᠠ ᠶᠢᠨ ᠳᠠᠷᠤᠭ᠎ᠠ ᠯᠢ ᠵᠢᠶᠠᠨ ᠸᠧᠶ ᠮᠠᠨ ᠤ ᠬᠤᠰᠢᠭᠤᠨ ᠳᠤ ᠭᠦᠨᠵᠡᠭᠡᠶᠢᠷᠡᠨ ᠵᠡᠭᠦᠨ ᠬᠠᠲᠠᠪᠴᠢ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2020/8/19
     8 ᠰᠠᠷ᠎ᠠ ᠶᠢᠨ 12 ᠤ ᠡᠳᠦᠷ᠂ ᠬᠥᠬᠡᠬᠤᠲᠠ ᠪᠣᠭᠤᠮᠲᠠ ᠶᠢᠨ ᠨᠠᠮ ᠤᠨ ᠬᠤᠷᠢᠶᠠᠨ ᠤ ᠱᠦᠵᠢ᠂ ᠪᠣᠭᠤᠮᠲᠠ ᠶᠢᠨ ᠳᠠᠷᠤᠭ᠎ᠠ ᠯᠢ ᠵᠢᠶᠠᠨ ᠸᠧᠶ ᠮᠠᠨ ᠤ ᠬᠤᠰᠢᠭᠤᠨ ᠤ ᠵᠡᠭᠦᠨ ᠬᠠᠲᠠᠪᠴᠢ ᠬᠢᠯᠢ ᠶᠢᠨ ᠪᠣᠭᠤᠮᠲᠠ ᠳᠤ ᠭᠦᠨᠵᠡᠭᠡᠶᠢᠷᠡᠨ᠂ ᠪᠣᠭᠤᠮᠲᠠ ᠶᠢᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠪᠠᠶᠢᠳᠠᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠪᠣᠭᠤᠮᠲᠠ  ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠣᠳᠣᠯᠪᠠ᠃      ᠠᠶᠢᠮᠠᠭ ᠤᠨ ᠳᠡᠳ᠋ ᠳᠠᠷᠤᠭ᠎ᠠ ᠮᠧᠩ ᠱᠣᠣ ᠵᠢᠶᠦ᠋ᠨ ᠨᠠᠷ ᠪᠣᠯᠣᠨ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠬᠢᠩᠭᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠹᠧᠩ ᠶᠢᠨ ᠬᠤ᠋ ᠵᠢᠴᠢ ᠵᠡᠭᠦᠨ ᠦᠵᠦᠮᠦᠴᠢᠨ  ᠪᠣᠭᠤᠮᠲᠠ᠂ ᠬᠤᠰᠢᠭᠤ  ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂  ᠬᠤᠰᠢᠭᠤ ᠵᠠᠰᠠᠭ ᠤᠨ ᠣᠷᠳᠣᠨ ᠤ ᠠᠯᠪᠠᠨ ᠬᠡᠷ ᠵᠡᠷᠭᠡ ᠬᠠᠮᠢᠶ᠎ᠠ ᠪᠥᠬᠦᠶ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠠᠮᠲᠦ ᠪᠠᠶᠢᠴᠠᠭᠠᠨ ᠰᠤᠳᠤᠯᠤᠯᠲᠠ ᠬᠢᠪᠠ᠃      ᠯᠢ ᠵᠢᠶᠠᠨ ᠸᠧᠶ ᠤᠷᠢᠳ ᠬᠤᠵᠢᠳ ᠪᠣᠭᠤᠮᠲᠠ ᠶᠢᠨ ᠬᠤᠯᠪᠤᠭᠠᠯᠠᠨ ᠪᠠᠶᠢᠴᠠᠭᠠᠬᠤ ᠲᠣᠭᠤᠷᠢᠭ᠂ ᠬᠤᠯᠪᠤᠭᠠᠯᠠᠨ ᠪᠠᠶᠢᠴᠠᠭᠠᠬᠤ ᠠᠰᠠᠷ ᠤᠨ  ᠥᠭᠡᠷᠡᠴᠢᠯᠡᠨ ᠵᠠᠰᠠᠬᠤ ᠲᠣᠭᠤᠷᠢᠭ᠂ H986 ᠲᠠᠯᠠᠪᠤᠷ᠂ ᠪᠣᠭᠤᠮᠲᠠ ᠶᠢᠨ ᠲᠤᠷᠰᠢᠯᠲᠠ ᠶᠢᠨ ᠠᠰᠠᠷ ᠵᠡᠷᠭᠡ ᠪᠠᠷ ᠬᠦᠷᠴᠦ ᠪᠠᠶᠢᠴᠠᠭᠠᠨ ᠰᠤᠳᠤᠯᠤᠯᠲᠠ ᠬᠢᠪᠠ᠃      ᠯᠢ ᠵᠢᠶᠠᠨ ᠸᠧᠢ᠂ ᠮᠠᠨ ᠤ ᠬᠤᠰᠢᠭᠤᠨ ᠤ ᠬᠢᠯᠢ ᠶᠢᠨ ᠪᠣᠭᠤᠮᠲᠠ ᠶᠢᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠳᠤᠮᠳᠠ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠦ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ᠂ ᠠᠮᠢᠲᠠᠨ ᠤᠷᠭᠤᠮᠠᠯ ᠤᠨ ᠬᠢᠵᠢᠭ ᠤᠨ ᠪᠠᠶᠢᠳᠠᠯ ᠤᠨ ᠲᠤᠬᠠᠢ ᠪᠣᠭᠤᠮᠲᠠ ᠶᠢᠨ ᠬᠤᠷᠢᠭᠯᠠᠯᠲᠠ ᠶᠢᠨ ᠳᠠᠶᠢᠯᠤᠯᠳᠤᠭᠠᠨ ᠢ ᠬᠠᠮᠲᠤᠷᠠᠨ ᠰᠠᠶᠢᠲᠤᠷ ᠬᠢᠵᠦ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠵᠢᠷᠤᠮᠵᠢᠯ ᠤᠨ ᠱᠠᠭᠠᠷᠳᠠᠯᠭ᠎ᠠ ᠶᠤᠰᠤᠭᠠᠷ᠂ ᠬᠢᠯᠢ ᠪᠠᠷ ᠣᠷᠣᠵᠤ ᠭᠠᠷᠬᠤ ᠬᠥᠮᠦᠰ ᠤᠨ ᠡᠷᠡᠭᠦᠯ ᠬᠠᠮᠠᠭᠠᠯᠠᠯ ᠤᠨ ᠬᠢᠵᠢᠭ ᠢ ᠪᠠᠶᠢᠴᠠᠭᠠᠬᠤ ᠪᠠ ᠭᠠᠳᠠᠭᠠᠳᠤ ᠠᠴᠠ ᠣᠷᠣᠭᠤᠯᠬᠤ ᠲᠠᠸᠠᠷ ᠤᠨ ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠤᠨ ᠭᠠᠳᠠᠨ᠎ᠠ ᠠᠴᠠ ᠤᠷᠤᠵᠦ ᠢᠷᠡᠬᠦ ᠶᠢ ᠰᠡᠷᠭᠡᠶᠢᠯᠡᠬᠦ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠡᠷᠡᠭᠦᠯ ᠬᠠᠮᠠᠭᠠᠯᠠᠯ ᠬᠢᠵᠢᠭ ᠤᠨ ᠪᠠᠶᠢᠴᠠᠭᠠᠯᠲᠠ ᠶᠢᠨ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠨ ᠂ ᠪᠣᠭᠤᠮᠲᠠ ᠶᠢᠨ ᠬᠢᠵᠢᠭ ᠤᠨ ᠪᠠᠶᠢᠴᠠᠭᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠠᠢ᠃ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠦ᠂ ᠳᠡᠭᠡᠳᠦ ᠳᠡᠰ ᠳᠠᠪᠬᠤᠷᠭ᠎ᠠ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠢᠳᠡᠪᠬᠢᠲᠡᠶ ᠲᠠᠲᠠᠨ ᠠᠪᠴᠢᠷᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠶ ᠦᠢᠯᠡᠴᠢᠯᠡᠭᠡᠨ ᠤ ᠠᠵᠢᠯᠲᠠᠨ ᠢ ᠪᠦᠷᠢᠨ ᠭᠦᠢᠴᠡᠳ ᠲᠤᠬᠢᠷᠠᠭᠤᠯᠤᠨ᠂ ᠪᠣᠭᠤᠮᠲᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠵᠡᠯ ᠤᠬᠠᠮᠰᠠᠷ ᠪᠠ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ᠢ ᠠᠷᠭᠠᠴᠠᠭᠠᠬᠤ ᠮᠡᠳᠡᠯᠭᠡ ᠪᠤᠯᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠠᠢ᠃ ᠪᠣᠭᠤᠮᠲᠠ ᠶᠢᠨ ᠭᠠᠳᠠᠭᠠᠳᠤ ᠨᠡᠭᠡᠭᠡᠯᠲᠡ ᠶᠢᠨ ᠰᠢᠪᠲᠤᠯᠤᠯᠲᠠ ᠶᠢᠨ ᠴᠢᠨᠠᠷᠲᠠᠶ᠂ ᠰᠢᠨ᠎ᠡ ᠶᠢ ᠡᠭᠦᠳᠬᠦ ᠴᠢᠨᠠᠷᠲᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠤᠳᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂  ᠪᠣᠭᠤᠮᠲᠠ ᠶᠢᠨ ᠬᠥᠭᠵᠢᠯᠲᠡ ᠶᠢᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠷᠢᠵᠦ᠂ ᠣᠷᠣᠨ ᠨᠤᠲᠤᠭ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠠᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号