︽2020 ᠣᠨ ᠤ ᠬᠤᠰᠢᠭᠤ ᠰᠢᠶᠠᠨ ᠬᠤᠲᠠ ︵ᠲᠣᠭᠤᠷᠢᠭ︶᠎ ᠶᠢᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠱᠠᠭᠠᠷᠳᠠᠨ ᠪᠠᠶᠢᠴᠠᠭᠠᠬᠤ ᠨᠠᠷᠢᠨ ᠬᠠᠭᠤᠳᠠᠰᠤ︾᠎ ᠶᠢ ᠳᠠᠷᠤᠮᠠᠯᠯᠠᠨ ᠲᠠᠷᠬᠠᠭᠠᠬᠤ ᠲᠤᠬᠠᠶ ᠵᠡᠬᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/9/23
ᠡᠯ᠎ᠡ ᠰᠤᠮᠤ ᠪᠠᠯᠭᠠᠰᠤ ︵ᠲᠠᠯᠠᠪᠠᠶ︶᠎ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠬᠤᠯᠪᠣᠭᠳᠠᠯ ᠪᠥᠬᠦᠶ ᠨᠢᠭᠡᠴᠡ ᠳᠤ᠄      ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠡᠴᠦᠰ ᠤᠨ ᠬᠠᠷᠠᠯᠲᠠ ᠡᠭᠦᠷᠭᠡ ᠲᠠᠢ ᠬᠠᠷᠭᠤᠭᠤᠯᠵᠣ᠂ ᠣᠶᠢᠷ᠎ᠠ ᠳᠤ᠂ ᠠᠶᠢᠮᠠᠭ ᠤᠨ ᠵᠠᠬᠢᠷᠭ᠎ᠠ ᠠᠴᠠ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠪᠦᠬᠦ ᠠᠶᠢᠮᠠᠭ ᠤᠨ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠴᠢᠬᠤᠯᠠ ᠨᠥᠯᠥᠭᠡ ᠲᠠᠢ ᠭᠤᠤᠯᠳᠠᠯᠭ᠎ᠠ ᠲᠠᠢ ᠠᠵᠢᠯ ᠢ ᠲᠣᠭᠳᠠᠭᠠᠬᠤ ᠶᠢᠨ ᠬᠠᠮᠲᠤ ︽2020 ᠣᠨ ᠤ ᠬᠤᠰᠢᠭᠤ ᠰᠢᠶᠠᠨ ᠬᠤᠳᠠ ︵ᠲᠣᠭᠤᠷᠢᠭ︶᠎ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠱᠠᠭᠠᠷᠳᠠᠨ ᠪᠠᠶᠢᠴᠠᠭᠠᠬᠤ ᠨᠠᠷᠢᠨ ᠬᠠᠭᠤᠳᠠᠰᠤ︾᠎ ᠶᠢ ᠲᠣᠭᠳᠠᠭᠠᠪᠠ᠃ ᠣᠳᠣ ᠱᠠᠭᠠᠷᠳᠠᠨ ᠪᠠᠶᠢᠴᠠᠭᠠᠬᠤ ᠨᠠᠷᠢᠨ ᠬᠠᠭᠤᠳᠠᠰᠤ ᠶᠢ ᠲᠠᠨᠠᠷ ᠲᠤ ᠳᠠᠷᠤᠮᠠᠯᠯᠠᠨ ᠲᠠᠷᠬᠠᠭᠠᠶ᠎ᠠ᠂ ᠨᠠᠷᠢᠨ ᠬᠢᠨᠠᠮᠠᠭᠠᠶ ᠨᠠᠶᠢᠳᠠᠪᠣᠷᠢᠵᠢᠭᠤᠯᠬᠤ ᠬᠡᠷᠡᠭᠲᠡᠶ᠃      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠎ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠴᠠᠭ ᠤᠨ ᠬᠢᠵᠠᠭᠠᠷ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠣ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠳᠣᠯᠠᠬᠤ ᠬᠡᠷᠡᠭᠲᠠᠢ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠠᠴᠠ ᠳᠡᠭᠡᠳᠣ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠴᠠᠭᠤᠯᠤᠨ ᠠᠬᠢᠭᠤᠯᠬᠤ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠴᠠᠭ ᠤᠨ ᠳᠠᠷᠠᠭᠠᠯᠠᠯ ᠪᠠ ᠬᠤᠰᠢᠭᠤ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠰᠠᠷ᠎ᠠ ᠪᠦᠷᠢ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠠᠶᠢᠮᠠᠭ ᠤᠨ ᠵᠠᠬᠢᠷᠭ᠎ᠠ ᠶᠢᠨ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠣᠷᠣᠨ 4  ᠰᠠᠷ᠎ᠠ ᠠᠴᠠ ᠡᠬᠢᠯᠡᠨ᠂ ᠰᠠᠷ᠎ᠠ ᠪᠦᠷᠢ ᠶᠢᠨ 30᠎ ᠤ ᠡᠳᠦᠷ ᠠᠴᠠ ᠡᠮᠦᠨ᠎ᠡ ᠲᠣᠰ ᠰᠠᠷ᠎ᠠ ᠶᠢᠨ 28᠎ ᠤ ᠡᠳᠦᠷ ᠪᠣᠯᠲᠠᠯᠠᠬᠢ ᠠᠵᠢᠯ ᠤᠨ ᠠᠬᠢᠴᠠ ᠶᠢᠨ ᠪᠠᠶᠢᠳᠠᠯ ᠢᠶᠠᠨ ᠪᠢᠴᠢᠭ ᠤᠨ ᠬᠡᠯᠪᠡᠷᠢ ᠪᠠᠷ ᠮᠡᠳᠡᠭᠦᠯᠬᠦ ᠬᠡᠷᠡᠭᠲᠡᠶ᠃ ᠡᠶᠢᠮᠦ ᠠᠴᠠ 4 ᠰᠠᠷ᠎ᠠ ᠠᠴᠠ ᠡᠬᠢᠯᠡᠨ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠡᠷᠬᠡᠪᠰᠢ ᠰᠠᠷ᠎ᠠ ᠪᠦᠷᠢ ᠶᠢᠨ 28᠎ ᠤ ᠡᠳᠦᠷ ᠠᠴᠠ ᠡᠮᠦᠨ᠎ᠡ ᠠᠵᠢᠯ ᠤᠨ ᠠᠬᠢᠴᠠ ᠶᠢᠨ ᠪᠠᠶᠢᠳᠠᠯ ᠢᠶᠠᠨ ᠭᠤᠣᠯ ᠤᠳᠤᠷᠢᠳᠤᠯᠭ᠎ᠠ ᠪᠠᠷ ᠢᠶᠠᠨ ᠬᠢᠨᠠᠭᠤᠯᠵᠤ᠂ ᠭᠠᠷ ᠤᠨ ᠦᠰᠦᠭ ᠵᠢᠷᠤᠭᠤᠯᠵᠤ᠂ ᠪᠢᠴᠢᠭ ᠤᠨ ᠬᠡᠯᠪᠡᠷᠢ ᠪᠠᠷ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠦᠨ ᠬᠦᠷᠭᠡᠵᠦ᠂ ᠵᠠᠰᠠᠭ ᠤᠨ ᠣᠷᠳᠣᠨ ᠤ ᠠᠯᠪᠠᠨ ᠭᠡᠷ ᠠᠴᠠ ᠨᠢᠭᠡᠳᠦᠯᠲᠡᠶ ᠬᠤᠷᠢᠶᠠᠩᠭᠤᠶᠢᠯᠠᠭᠰᠠᠨ ᠤ ᠳᠠᠷᠠᠭ᠎ᠠ᠂ ᠭᠤᠤᠯ ᠤᠳᠤᠷᠢᠳᠤᠯᠭ᠎ᠠ ᠪᠠᠷ ᠬᠢᠨᠠᠭᠤᠯᠣᠨ ᠭᠠᠷ ᠤᠨ ᠦᠰᠦᠭ  ᠵᠢᠷᠣᠭᠤᠯᠵᠣ᠂ ᠠᠶᠢᠮᠠᠭ ᠤᠨ ᠵᠠᠬᠢᠷᠭ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃ ᠡᠭᠦᠨ ᠤ ᠬᠠᠮᠲᠤ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ 4 ᠰᠠᠷ᠎ᠠ ᠶᠢᠨ 13᠎ ᠤ ᠡᠳᠦᠷ ᠠᠴᠠ ᠡᠮᠦᠨ᠎ᠡ᠂ ᠠᠵᠢᠯ ᠤᠨ ᠠᠬᠢᠴᠠ ᠶᠢᠨ ᠮᠡᠳᠡᠭᠡ ᠵᠠᠩᠭᠢ ᠶᠢᠨ ᠬᠠᠷᠢᠯᠴᠠᠭᠴᠢ ᠶᠢᠨ ᠨᠡᠷ᠎ᠡ ᠵᠢᠴᠢ ᠬᠠᠷᠢᠯᠴᠠᠬᠤ ᠠᠷᠭ᠎ᠠ ᠪᠠᠨ dwqzf dcs@163. com᠎ ᠳᠤ ᠮᠡᠳᠡᠬᠦᠯᠬᠦ ᠬᠡᠷᠡᠭᠲᠠᠢ᠃      ᠬᠠᠷᠢᠯᠴᠠᠬᠤ ᠬᠥᠮᠦᠨ᠄ ᠨᠠᠮᠤᠷ᠂ ᠬᠠᠷᠢᠯᠴᠠᠬᠤ ᠤᠲᠠᠰᠤ᠄ 3227176᠃      ᠳᠠᠭᠠᠯᠳᠤᠭᠤᠯᠤᠯ᠄ 2020 ᠣᠨ ᠤ ᠬᠤᠰᠢᠭᠤ ᠰᠢᠶᠠᠨ ᠬᠤᠲᠠ ︵ᠲᠣᠭᠤᠷᠢᠭ︶᠎ ᠶᠢᠨ ᠭᠤᠤᠯᠳᠠᠯᠭ᠎ᠠ ᠲᠠᠢ ᠠᠵᠢᠯ ᠤᠨ ᠡᠬᠦᠷᠭᠡ ᠶᠢ ᠱᠠᠭᠠᠷᠳᠠᠨ ᠪᠠᠶᠢᠴᠠᠭᠠᠬᠤ ᠨᠠᠷᠢᠨ ᠬᠠᠭᠤᠳᠠᠰᠤ                                 2020 ᠣᠨ ᠤ 4 ᠰᠠᠷ᠎ᠠ ᠶᠢᠨ10᠎ ᠤ ᠡᠳᠣᠷ
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号