ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠣᠭᠡᠷ ᠵᠣᠷᠪᠣᠰ ︽ᠲᠠᠷᠢᠶᠠᠨ ᠭᠠᠵᠠᠷ ᠢ ᠬᠠᠮᠠᠭᠠᠯᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠠᠢ | ᠪᠠᠶᠢᠯᠭᠠᠬᠤ ᠶᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ︹ 2017 ︺ 4 ᠲᠣᠭᠠᠲᠤ︶᠂ ︽ | ᠲᠠᠷᠢᠶᠠᠨ ᠭᠠᠵᠠᠷ ᠢ ᠬᠠᠮᠠᠭᠠᠯᠠᠬᠤ ᠶᠢ ᠴᠢᠩᠭᠠᠳᠬᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠬᠦᠷᠢᠲᠠᠢ ᠪᠠᠶᠢᠯᠭᠠᠬᠤ ᠶᠢ | ᠰᠠᠶᠢᠵᠢᠷᠠᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ︾ ︵ᠥᠪᠥᠷ ᠨᠠᠮ ᠲᠠᠷᠬᠠᠭᠠᠭᠰᠠᠨ ︹ 2018 ︺ 9 ᠲᠣᠭᠠᠲᠤ︶ ᠂ ︽︿ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ | ᠶᠢᠨ ᠬᠢᠨᠠᠨ ᠰᠢᠯᠭᠠᠷᠠᠭᠤᠯᠬᠤ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ | ᠲᠠᠷᠬᠠᠭᠠᠭᠰᠠᠨ︹ 2018 ︺ 71 ᠲᠣᠭᠠᠲᠤ︶ ᠤᠨ ᠵᠣᠷᠢᠭ ᠰᠠᠨᠠᠭ᠎ᠠ ᠶᠢᠨ ᠲᠣᠣᠱᠯᠠᠭᠤᠯᠣᠨ ᠭᠡᠷᠡᠭᠵᠢᠬᠦᠯᠬᠦ ᠶᠢᠨ | ᠲᠦᠯᠦᠭᠡ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ ᠭᠠᠵᠠᠷ ᠰᠢᠷᠣᠶ ᠶᠢ ᠠᠷᠪᠢᠯᠠᠨ | ᠠᠰᠢᠭᠯᠠᠬᠤ ᠬᠠᠮᠤᠭ ᠤᠨ ᠴᠢᠩᠭ᠎ᠠ ᠳᠦᠷᠢᠮ ᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠪᠠ ᠲᠠᠷᠢᠶᠠᠨ | ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠪᠠᠲᠤ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠴᠢᠩᠭ᠎ᠠ ᠬᠠᠮᠠᠭᠠᠯᠠᠵᠤ᠂ ᠰᠤᠮᠤ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ | ᠭᠠᠵᠠᠷ ᠢ ᠬᠠᠷᠢᠭᠤᠴᠠᠯᠭ᠎ᠠ ᠶᠢᠨ ᠬᠠᠷᠠᠯᠲᠠ ᠶᠢᠨ ᠬᠢᠨᠠᠨ ᠰᠢᠯᠭᠠᠷᠠᠭᠤᠯᠬᠤ ᠠᠷᠭ᠎ᠠ ᠶᠢ ᠪᠠᠶᠢᠭᠤᠯᠤᠨ ᠪᠦᠷᠢᠨᠰᠢᠭᠦᠯᠵᠦ᠂ | ︽︿ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠᠲᠣ ᠬᠢᠨᠠᠨ ᠰᠢᠯᠭᠠᠷᠠᠭᠤᠯᠬᠤ ᠠᠷᠭ᠎ᠠ﹀ ᠶᠢ | ᠳᠠᠷᠤᠮᠠᠯᠯᠠᠨ ᠲᠠᠷᠬᠠᠭᠠᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠲᠢᠩᠬᠢᠮ ᠤᠨ ᠮᠡᠳᠡᠭᠳᠡᠯ︾ | ︵ᠰᠢᠯᠢ ᠵᠠᠬᠢᠷᠭ᠎ᠠ ᠠᠯᠪᠠᠨ ᠲᠠᠷᠬᠠᠭᠠᠭᠰᠠᠨ ︹ 2018 ︺ 123 ᠲᠣᠭᠠᠲᠤ︶ ᠢ ᠦᠨᠳᠦᠰᠦᠯᠡᠨ᠂ ᠮᠠᠨ ᠤ | ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠣᠷᠪᠣᠰ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ ︽ | ᠵᠡᠭᠦᠨ ᠦᠵᠦᠮᠦᠴᠢᠨ ᠬᠤᠰᠢᠭᠤᠨ ᠤ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ︾ ︵ᠲᠣᠣᠷ᠎ᠠ ︽ | ᠲᠥᠯᠥᠪᠵᠢᠭᠦᠯᠭᠡ︾ ᠭᠡᠵᠦ ᠲᠣᠪᠴᠢᠯᠠᠨ᠎ᠠ︶ ᠳᠤ ᠲᠣᠭᠲᠠᠭᠠᠭᠰᠠᠨ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠲᠠᠯᠠᠪᠠᠶ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠡᠭᠦᠷᠭᠡ ᠵᠡᠷᠭᠡ ᠶᠢ ᠬᠠᠷᠢᠭᠤᠴᠠᠬᠤ ᠬᠡᠷᠡᠭᠲᠠᠢ᠃ ᠰᠤᠮᠤ ᠪᠠᠯᠭᠠᠰᠤ ︵ᠲᠠᠯᠠᠪᠠᠢ︶ ᠶᠢᠨ ᠠᠷᠠᠳ ᠤᠨ ᠵᠠᠰᠠᠭ ᠤᠨ | ᠣᠷᠳᠣᠨ ᠤ ᠭᠤᠣᠯ ᠣᠳᠣᠷᠢᠳᠣᠯᠭ᠎ᠠ ᠨᠢ ᠲᠤᠰ ᠵᠠᠰᠠᠭ ᠵᠠᠬᠢᠷᠭᠠᠨ ᠤ ᠣᠷᠣᠨ ᠤ ᠲᠠᠷᠢᠶᠠᠨ ᠭᠠᠵᠠᠷ ᠢ ᠬᠠᠮᠠᠭᠠᠯᠠᠬᠤ | ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠲᠠᠷᠢᠶᠠᠨ ᠭᠠᠵᠠᠷ ᠢ ᠬᠠᠮᠠᠭᠠᠯᠠᠬᠤ᠂ ᠭᠠᠵᠠᠷ ᠰᠢᠷᠣᠶ ᠶᠢ | ᠠᠷᠪᠢᠯᠠᠨ ᠡᠷᠴᠢᠮᠵᠢᠬᠦᠯᠦᠨ ᠠᠰᠢᠭᠯᠠᠬᠤ᠂ ᠭᠠᠵᠠᠷ ᠰᠢᠷᠣᠶ ᠶᠢᠨ ᠬᠠᠤᠯᠢ ᠭᠡᠷᠡᠭᠵᠢᠬᠦᠯᠬᠦ ᠪᠠᠶᠢᠴᠠᠭᠠᠯᠲᠠ ᠵᠡᠷᠭᠡ ᠠᠵᠢᠯ ᠢ | ᠬᠠᠷᠢᠭᠤᠴᠠᠬᠤ ᠬᠡᠷᠡᠭᠲᠠᠢ᠃ | ᠭᠤᠷᠪᠠᠳᠤᠭᠠᠷ ᠵᠣᠷᠪᠣᠰ ᠬᠤᠰᠢᠭᠤ ᠵᠠᠰᠠᠭ ᠤᠨ ᠣᠷᠳᠣᠨ ᠠᠴᠠ ᠡᠯ᠎ᠡ ᠰᠤᠮᠤ ᠪᠠᠯᠭᠠᠰᠤ ︵ᠲᠠᠯᠠᠪᠠᠶ︶ ᠶᠢᠨ | ᠠᠷᠠᠳ ᠤᠨ ᠵᠠᠰᠠᠭ ᠤᠨ ᠣᠷᠳᠣᠨ ᠤ ᠲᠤᠬᠠᠶ ᠶᠢᠨ ᠵᠢᠯ ᠤᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ | ᠬᠠᠷᠠᠯᠲᠠ ᠶᠢ ᠭᠦᠢᠴᠡᠳᠬᠡᠭᠰᠡᠨ ᠪᠠᠶᠢᠳᠠᠯ ᠢ ᠬᠢᠨᠠᠨ ᠰᠢᠯᠭᠠᠷᠠᠭᠤᠯᠬᠤ ᠶᠢ ᠬᠠᠷᠢᠭᠤᠴᠠᠬᠤ ᠬᠡᠷᠡᠭᠲᠠᠢ᠃ ᠬᠤᠰᠢᠭᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠬᠤᠰᠢᠭᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠲᠠᠷᠢᠶᠠᠯᠠᠩ ᠮᠠᠯ ᠠᠵᠣ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠲᠤᠭ᠎ᠠ | ᠪᠦᠷᠢᠳᠬᠡᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ︵ᠲᠣᠣᠷ᠎ᠠ ︽ᠬᠢᠨᠠᠨ ᠰᠢᠯᠭᠠᠷᠠᠭᠤᠯᠬᠤ ᠰᠠᠯᠠᠭ᠎ᠠ ᠮᠥᠴᠢᠷ︾ | ᠭᠡᠵᠦ ᠲᠣᠪᠴᠢᠯᠠᠨ᠎ᠠ︶ ᠲᠠᠢ ᠬᠠᠮᠲᠣᠷᠠᠨ ᠬᠢᠨᠠᠨ ᠰᠢᠯᠭᠠᠷᠠᠭᠤᠯᠵᠣ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠬᠦ ᠶᠢ ᠬᠠᠷᠢᠭᠤᠴᠠᠬᠤ ᠬᠡᠷᠡᠭᠲᠠᠢ᠃ | ᠳᠥᠷᠪᠡᠳᠦᠭᠡᠷ ᠵᠣᠷᠪᠣᠰ ᠰᠤᠮᠤ ᠪᠠᠯᠭᠠᠰᠤ ︵ᠲᠠᠯᠠᠪᠠᠢ︶ ᠶᠢᠨ ᠱᠠᠲᠤᠨ ᠤ ᠲᠠᠷᠢᠶᠠᠨ ᠭᠠᠵᠠᠷ ᠢ ᠬᠠᠮᠠᠭᠠᠯᠠᠬᠤ | ᠬᠠᠷᠢᠭᠤᠴᠠᠯᠭ᠎ᠠ ᠶᠢᠨ ᠬᠠᠷᠠᠯᠲᠠ ᠶᠢᠨ ᠬᠢᠨᠠᠨ ᠰᠢᠯᠭᠠᠷᠠᠭᠤᠯᠣᠯᠲᠠ ᠨᠢ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠥᠷᠢᠯᠡᠬᠦ ᠶᠢ ᠲᠡᠩᠴᠡᠬᠦᠷᠢᠲᠠᠢ ᠪᠠᠶᠢᠯᠭᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ ᠲᠠᠷᠢᠶᠠᠨ ᠭᠠᠵᠠᠷ ᠢ ᠨᠥᠬᠦᠪᠥᠷᠢᠯᠡᠬᠦ ᠵᠡᠷᠭᠡ ᠬᠤᠯᠪᠣᠭᠳᠠᠯ ᠪᠦᠬᠦᠢ ᠬᠢᠨᠠᠨ ᠰᠢᠯᠭᠠᠷᠠᠭᠤᠯᠣᠯᠲᠠ ᠶᠢᠨ | ᠰᠠᠭᠤᠷᠢᠨ ᠳᠡᠭᠡᠷ᠎ᠡ ᠣᠨ ᠤ ᠥᠪᠡᠷᠲᠡᠭᠡᠨ ᠪᠠᠶᠢᠴᠠᠭᠠᠬᠤ᠂ ᠬᠤᠭᠤᠴᠠᠭᠠᠨ ᠳᠤᠮᠳᠠᠬᠢ ᠪᠠᠶᠢᠴᠠᠭᠠᠯᠲᠠ᠂ ᠬᠤᠭᠤᠴᠠᠭᠠᠨ | ᠰᠡᠭᠦᠯᠴᠢ ᠶᠢᠨ ᠬᠢᠨᠠᠨ ᠰᠢᠯᠭᠠᠷᠠᠭᠤᠯᠣᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠶᠡᠷᠣᠩᠭᠡᠶᠢᠯᠡᠨ ᠬᠡᠷᠡᠭᠵᠢᠬᠦᠯᠬᠦ | ᠬᠡᠷᠡᠭᠲᠠᠢ᠃ | ᠣᠨ ᠤ ᠥᠪᠡᠷᠲᠡᠭᠡᠨ ᠪᠠᠶᠢᠴᠠᠭᠠᠯᠲᠠ ᠶᠢ ᠵᠢᠯ ᠪᠦᠷᠢ 1 ᠤᠳᠠᠭ᠎ᠠ ᠥᠷᠨᠢᠭᠦᠯᠵᠦ᠂ ᠡᠯ᠎ᠡ ᠰᠤᠮᠤ ᠪᠠᠯᠭᠠᠰᠤ ︵ | ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠣᠬᠢᠶᠠᠨ ᠪᠠᠶᠢᠭᠤᠯᠤᠨ ᠦᠷᠨᠢᠬᠦᠯᠬᠦ ᠬᠡᠷᠡᠭᠲᠠᠢ︔ | 2020 ᠣᠨ ᠠᠴᠠ ᠡᠬᠢᠯᠡᠨ᠂ ᠲᠠᠪᠤᠨ ᠵᠢᠯ ᠪᠦᠷᠢ ᠨᠢ ᠨᠢᠭᠡ ᠲᠥᠯᠥᠪᠵᠢᠭᠦᠯᠭᠡ ᠶᠢᠨ ᠬᠤᠭᠤᠴᠠᠭ᠎ᠠ ᠪᠠᠶᠢᠵᠣ᠂ | ᠬᠤᠭᠤᠴᠠᠭᠠᠨ ᠳᠤᠮᠳᠠᠬᠢ ᠪᠠᠶᠢᠴᠠᠭᠠᠯᠲᠠ ᠨᠢ ᠲᠥᠯᠥᠪᠵᠢᠭᠦᠯᠭᠡ ᠶᠢᠨ ᠬᠤᠭᠤᠴᠠᠭᠠᠨ ᠤ ᠭᠤᠷᠪᠠᠳᠤᠭᠠᠷ ᠵᠢᠯ ᠳᠤ ᠨᠢᠭᠡ | ᠤᠳᠠᠭ᠎ᠠ ᠥᠷᠨᠢᠭᠦᠯᠵᠦ᠂ ᠬᠤᠰᠢᠭᠤ ᠱᠠᠲᠤᠨ ᠤ ᠬᠢᠨᠠᠨ ᠰᠢᠯᠭᠠᠷᠠᠭᠤᠯᠬᠤ ᠰᠠᠯᠠᠭ᠎ᠠ ᠮᠥᠴᠢᠷ ᠠᠴᠠ ᠬᠠᠷᠢᠭᠤᠴᠠᠨ | ᠬᠡᠷᠡᠭᠵᠢᠬᠦᠯᠬᠦ ᠬᠡᠷᠡᠭᠲᠠᠢ︔ ᠬᠤᠭᠤᠴᠠᠭᠠᠨ ᠡᠴᠦᠰ ᠤᠨ ᠬᠢᠨᠠᠨ ᠰᠢᠯᠭᠠᠷᠠᠭᠤᠯᠣᠯᠲᠠ ᠶᠢ ᠲᠥᠯᠥᠪᠵᠢᠭᠦᠯᠪᠡ ᠪᠦᠷᠢ ᠶᠢᠨ | ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠵᠢᠯ ᠳᠤ ᠨᠢᠭᠡ ᠤᠳᠠᠭ᠎ᠠ ᠥᠷᠨᠢᠭᠦᠯᠵᠦ᠂ ᠬᠤᠰᠢᠭᠤ ᠵᠠᠰᠠᠭ ᠤᠨ | ᠣᠷᠳᠣᠨ ᠠᠴᠠ ᠵᠣᠬᠢᠶᠠᠨ ᠪᠠᠶᠢᠭᠤᠯᠤᠨ ᠬᠢᠨᠠᠨ ᠰᠢᠯᠭᠠᠷᠠᠭᠤᠯᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠣᠨ | ᠦᠷᠨᠢᠬᠦᠯᠬᠦ ᠬᠡᠷᠡᠭᠲᠠᠢ᠃ | ᠲᠠᠪᠤᠳᠤᠭᠠᠷ ᠵᠣᠷᠪᠣᠰ ᠬᠢᠨᠠᠨ ᠰᠢᠯᠭᠠᠷᠠᠭᠤᠯᠬᠤ ᠰᠠᠯᠠᠭ᠎ᠠ ᠮᠥᠴᠢᠷ ᠨᠢ ᠭᠠᠵᠠᠷ ᠰᠢᠷᠣᠶ ᠠᠰᠢᠭᠯᠠᠬᠤ | ᠶᠡᠷᠦᠩᠬᠡᠶ ᠲᠦᠯᠦᠪᠵᠢᠬᠦᠯᠬᠡ ᠳᠤ ᠲᠣᠭᠲᠠᠭᠠᠭᠰᠠᠨ ᠬᠠᠮᠢᠶ᠎ᠠ ᠪᠦᠬᠦᠢ ᠭᠦᠢᠴᠡᠳᠭᠡᠯ ᠲᠤᠭ᠎ᠠ ᠶᠢ ᠦᠨᠳᠦᠰᠦᠯᠡᠨ᠂ | ᠲᠠᠷᠢᠶᠠᠨ ᠭᠠᠵᠠᠷ ᠢ ᠨᠥᠬᠦᠪᠥᠷᠢᠯᠡᠬᠦ᠂ ᠠᠮᠢ ᠠᠬᠤᠢ ᠶᠢ ᠬᠠᠮᠠᠭᠠᠯᠠᠨ ᠲᠠᠷᠢᠶᠠᠯᠠᠬᠤ ᠪᠠᠨ ᠵᠣᠭᠰᠣᠭᠠᠬᠤ᠂ ᠭᠠᠮᠰᠢᠭ ᠲᠤ | ᠡᠪᠳᠡᠭᠳᠡᠭᠰᠡᠨ ᠲᠠᠷᠢᠶᠠᠨ ᠭᠠᠵᠠᠷ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠯᠢ ᠶᠢᠨ ᠭᠤᠤᠯ ᠠᠶᠢᠮᠠᠭ ᠤᠨ | ᠵᠠᠬᠢᠷᠭ᠎ᠠ ᠠᠴᠠ ᠵᠥᠪᠰᠢᠶᠡᠷᠡᠭᠰᠡᠨ ᠬᠤᠰᠢᠭᠤ ᠱᠠᠳᠣᠨ ᠤ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠪᠠ | ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠢ ᠶᠢ ᠦᠨᠳᠦᠰᠦᠯᠡᠨ᠂ ᠡᠯ᠎ᠡ ᠰᠤᠮᠤ ᠪᠠᠯᠭᠠᠰᠤ ︵ | ᠲᠠᠯᠠᠪᠠᠢ︶ ᠶᠢᠨ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠪᠠ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠲᠠᠯᠠᠪᠠᠢ ᠵᠡᠷᠭᠡ ᠳᠤ ᠬᠢᠨᠠᠨ ᠰᠢᠯᠭᠠᠷᠠᠭᠤᠯᠬᠤ ᠭᠦᠢᠴᠡᠳᠬᠡᠯ ᠲᠤᠭ᠎ᠠ ᠶᠢᠨ ᠰᠠᠨᠠᠭᠤᠯᠭ᠎ᠠ ᠳᠤᠷᠠᠳᠴᠤ᠂ | ᠬᠤᠰᠢᠭᠤ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠰᠤᠮᠤ ᠪᠠᠯᠭᠠᠰᠤ ︵ᠲᠠᠯᠠᠪᠠᠶ︶ | ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ | ᠪᠣᠯᠭᠠᠬᠤ ᠬᠡᠷᠡᠭᠲᠠᠢ᠃ | ᠵᠢᠷᠭᠤᠳᠤᠭᠠᠷ ᠵᠣᠷᠪᠣᠰ ᠤᠯᠤᠰ᠂ ᠥᠪᠡᠷᠲᠡᠭᠡᠨ ᠵᠠᠰᠠᠬᠤ ᠣᠷᠣᠨ ᠢᠶᠠᠷ ᠵᠥᠪᠰᠢᠶᠡᠷᠡᠭᠦᠯᠦᠭᠰᠡᠨ ᠣᠨ ᠤ | ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠳᠤ ᠲᠠᠷᠢᠶᠠᠨ ᠭᠠᠵᠠᠷ ᠤᠨ ᠲᠠᠯᠠᠪᠠᠶ᠂ ᠠᠮᠢ ᠠᠬᠤᠶ ᠶᠢ | ᠬᠠᠮᠠᠭᠠᠯᠠᠨ ᠲᠠᠷᠢᠶᠠᠯᠠᠬᠤ ᠪᠠᠨ ᠵᠣᠭᠰᠣᠭᠠᠬᠤ ᠲᠠᠯᠠᠪᠠᠶ᠂ ᠦᠨᠳᠦᠰᠦᠨ ᠲᠠᠷᠢᠶᠠᠨ ᠭᠠᠵᠠᠷ ᠤᠨ ᠲᠤᠭ᠎ᠠ ᠪᠠᠷᠢᠮᠲᠠ ᠵᠢᠴᠢ | ᠲᠠᠷᠢᠶᠠᠨ ᠭᠠᠵᠠᠷ ᠤᠨ ᠶᠠᠰᠤ ᠴᠢᠨᠠᠷ ᠢ ᠪᠠᠶᠢᠴᠠᠭᠠᠨ ᠦᠨᠡᠯᠡᠬᠦ ᠪᠠ ᠳᠡᠰ ᠲᠣᠭᠲᠠᠭᠠᠭᠰᠠᠨ ᠦᠷ᠎ᠡ ᠳ᠋ᠦᠩ ᠢᠶᠠᠷ ᠬᠢᠨᠠᠨ | ᠰᠢᠯᠭᠠᠷᠠᠭᠤᠯᠬᠤ ᠦᠨᠳᠦᠰᠦᠯᠡᠯ ᠪᠣᠯᠭᠠᠬᠤ ᠬᠡᠷᠡᠭᠲᠠᠢ᠃ | ᠡᠯ᠎ᠡ ᠰᠤᠮᠤ ᠪᠠᠯᠭᠠᠰᠤ ︵ᠲᠠᠯᠠᠪᠠᠢ︶ ᠶᠢᠨ ᠠᠷᠠᠳ ᠤᠨ ᠵᠠᠰᠠᠭ ᠤᠨ ᠣᠷᠳᠣᠨ ᠠᠴᠠ ᠤᠯᠤᠰ᠂ ᠥᠪᠡᠷᠲᠡᠭᠡᠨ | ᠵᠠᠰᠠᠬᠤ ᠣᠷᠣᠨ᠂ ᠠᠶᠢᠮᠠᠭ ᠤᠨ ᠵᠠᠬᠢᠷᠭ᠎ᠠ ᠶᠢᠨ ᠨᠢᠭᠡᠳᠣᠯᠲᠠᠢ ᠲᠦᠷᠢᠮᠵᠢᠯ ᠶᠣᠰᠣᠭᠠᠷ᠂ ᠲᠠᠷᠢᠶᠠᠨ ᠭᠠᠵᠠᠷ ᠲᠤ | ᠬᠦᠳᠦᠯᠦᠩᠭᠦᠢ ᠬᠢᠨᠠᠨ ᠬᠡᠮᠵᠢᠯᠲᠡ ᠬᠢᠬᠦ ᠶᠢ ᠴᠢᠩᠭᠠᠳᠬᠠᠵᠤ᠂ ᠬᠢᠨᠠᠨ ᠰᠢᠯᠭᠠᠷᠠᠭᠤᠯᠬᠤ ᠣᠨ ᠳᠤ ᠬᠢᠨᠠᠨ | ᠰᠢᠯᠭᠠᠷᠠᠭᠤᠯᠬᠤ ᠰᠠᠯᠠᠭ᠎ᠠ ᠮᠥᠴᠢᠷ ᠲᠤ ᠬᠢᠨᠠᠨ ᠬᠡᠮᠵᠢᠵᠦ ᠪᠠᠶᠢᠴᠠᠭᠠᠭᠰᠠᠨ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ | ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠃ | ᠳᠣᠯᠣᠳᠤᠭᠠᠷ ᠵᠣᠷᠪᠣᠰ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ | ᠰᠢᠯᠭᠠᠷᠠᠭᠤᠯᠬᠤ ᠳᠤ ᠪᠤᠰᠤᠳᠴᠢ᠂ ᠢᠯᠡ ᠪᠣᠯᠭᠠᠬᠤ᠂ ᠲᠥᠪ ᠭᠤᠣᠯᠴᠢ ᠪᠠᠶᠢᠬᠤ᠂ ᠭᠤᠤᠯᠳᠠᠯᠭ᠎ᠠ ᠶᠢ ᠳᠣᠪᠤᠶᠢᠯᠭᠠᠬᠤ | ᠂ ᠱᠠᠩᠨᠠᠵᠣ ᠰᠢᠢᠳᠬᠡᠬᠦ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠳᠠᠯᠠᠵᠣ᠂ ᠣᠨ ᠤ ᠦᠪᠡᠷᠲᠡᠭᠡᠨ ᠪᠠᠶᠢᠴᠠᠭᠠᠬᠤ | ᠂ ᠬᠤᠭᠤᠴᠠᠭᠠᠨ ᠳᠤᠮᠳᠠᠬᠢ ᠪᠠᠶᠢᠴᠠᠭᠠᠯᠲᠠ ᠪᠠ ᠬᠤᠭᠤᠴᠠᠭᠠᠨ ᠡᠴᠦᠰ ᠤᠨ ᠬᠢᠨᠠᠨ ᠰᠢᠯᠭᠠᠷᠠᠭᠤᠯᠬᠤ ᠳᠤ ᠴᠢᠨᠠᠷ ᠢ | ᠲᠣᠭᠲᠠᠭᠠᠬᠤ ᠪᠠ ᠲᠤᠭ᠎ᠠ ᠬᠡᠮᠵᠢᠶ᠎ᠡ ᠶᠢ ᠲᠣᠭᠲᠠᠭᠠᠬᠤ ᠶᠢ ᠬᠠᠷᠢᠯᠴᠠᠨ ᠤᠶᠠᠯᠳᠤᠭᠤᠯᠤᠭᠰᠠᠨ ᠶᠡᠷᠦᠩᠬᠡᠶᠢᠯᠡᠨ ᠦᠨᠡᠯᠡᠬᠦ | ᠠᠷᠭ᠎ᠠ ᠮᠠᠶ᠋ᠢᠭ ᠢ ᠠᠰᠢᠭᠯᠠᠵᠣ᠂ 100 ᠬᠤᠪᠢ ᠶᠢᠨ ᠳᠦᠷᠢᠮ ᠢ ᠭᠡᠷᠡᠭᠯᠡᠨ᠎ᠡ᠃ ᠬᠢᠨᠠᠨ ᠰᠢᠯᠭᠠᠷᠠᠭᠤᠯᠵᠣ ᠪᠠᠶᠢᠴᠠᠭᠠᠨ | ᠦᠨᠡᠯᠡᠬᠦ ᠭᠦᠢᠴᠡᠳᠬᠡᠯ ᠲᠤᠭ᠎ᠠ ᠶᠢ ᠬᠢᠨᠠᠨ ᠰᠢᠯᠭᠠᠷᠠᠭᠤᠯᠬᠤ ᠰᠠᠯᠠᠭ᠎ᠠ ᠮᠥᠴᠢᠷ ᠠᠴᠠ ᠤᠯᠤᠰ᠂ ᠥᠪᠡᠷᠲᠡᠭᠡᠨ ᠵᠠᠰᠠᠬᠤ | ᠣᠷᠣᠨ ᠤ ᠪᠠᠷᠢᠮᠵᠢᠶ᠎ᠠ ᠶᠣᠰᠣᠭᠠᠷ ᠬᠠᠮᠲᠤᠪᠠᠷ ᠲᠣᠭᠳᠠᠭᠠᠬᠤ ᠶᠢᠨ ᠬᠠᠮᠲᠦ᠂ ᠮᠠᠨ ᠤ ᠬᠤᠰᠢᠭᠤᠨ ᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠴᠠᠭ ᠲᠤᠨᠢ ᠲᠣᠬᠢᠷᠠᠭᠤᠯᠤᠯᠲᠠ ᠬᠢᠵᠦ ᠳᠡᠬᠦᠯᠳᠡᠷᠵᠢᠬᠦᠯᠬᠦ ᠬᠡᠷᠡᠭᠲᠠᠢ᠃ | ᠬᠤᠶᠠᠳᠤᠭᠠᠷ ᠪᠦᠯᠦᠭ ᠣᠨ ᠤ ᠦᠪᠡᠷᠲᠡᠭᠡᠨ ᠪᠠᠶᠢᠴᠠᠭᠠᠬᠤ | ᠨᠠᠢᠮᠠᠳᠤᠭᠠᠷ ᠵᠣᠷᠪᠣᠰ ᠡᠯ᠎ᠡ ᠰᠤᠮᠤ ᠪᠠᠯᠭᠠᠰᠤ ︵ᠲᠠᠯᠠᠪᠠᠢ︶ ᠶᠢᠨ ᠠᠷᠠᠳ ᠤᠨ ᠵᠠᠰᠠᠭ ᠤᠨ ᠣᠷᠳᠣᠨ ᠲᠤᠰ | ᠠᠷᠭ᠎ᠠ ᠪᠠ ᠬᠢᠨᠠᠨ ᠰᠢᠯᠭᠠᠷᠠᠭᠤᠯᠬᠤ ᠰᠠᠯᠠᠭ᠎ᠠ ᠮᠥᠴᠢᠷ ᠤᠨ ᠣᠨ ᠤ ᠥᠪᠡᠷᠲᠡᠭᠡᠨ ᠪᠠᠶᠢᠴᠠᠭᠠᠬᠤ ᠠᠵᠢᠯ ᠤᠨ | ᠱᠠᠭᠠᠷᠳᠠᠯᠭ᠎ᠠ ᠵᠢᠴᠢ ᠬᠢᠨᠠᠨ ᠰᠢᠯᠭᠠᠷᠠᠭᠤᠯᠬᠤ ᠪᠠᠶᠢᠴᠠᠭᠠᠯᠲᠠ ᠶᠢᠨ ᠦᠨᠳᠦᠰᠦᠨ ᠦᠨᠡᠯᠡᠯᠲᠡ ᠬᠢᠬᠦ ᠭᠦᠢᠴᠡᠳᠬᠡᠯ | ᠲᠤᠭ᠎ᠠ ᠶᠣᠰᠣᠭᠠᠷ᠂ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠵᠤ ᠥᠪᠡᠷᠲᠡᠭᠡᠨ ᠪᠠᠶᠢᠴᠠᠭᠠᠬᠤ ᠬᠡᠷᠡᠭᠲᠠᠢ᠃ | ᠭᠤᠤᠯᠳᠠᠭᠤ ᠬᠠᠷᠢᠶ᠎ᠠ ᠣᠷᠣᠨ ᠤ ᠳᠣᠲᠣᠷᠠᠬᠢ ᠳᠡᠭᠡᠷ᠎ᠡ ᠨᠢᠭᠡ ᠵᠢᠯ ᠤᠨ ᠲᠠᠷᠢᠶᠠᠨ ᠭᠠᠵᠠᠷ ᠤᠨ ᠲᠤᠭ᠎ᠠ ᠬᠡᠮᠵᠢᠶᠡᠨ ᠤ | ᠬᠤᠪᠢᠷᠠᠯᠲᠠ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠ ᠨᠥᠬᠦᠵᠦ ᠬᠤᠪᠢᠶᠠᠷᠢᠯᠠᠬᠤ᠂ ᠥᠨᠳᠥᠷ ᠪᠠᠷᠢᠮᠵᠢᠶᠠᠲᠣ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ | ᠳᠡᠭᠡᠭᠰᠢᠯᠡᠭᠦᠯᠬᠦ᠂ ᠲᠠᠷᠢᠶᠠᠨ ᠭᠠᠵᠠᠷ ᠢ ᠬᠥᠳᠡᠯᠦᠩᠭᠦᠶ ᠬᠢᠨᠠᠨ ᠬᠡᠮᠵᠢᠬᠦ ᠵᠡᠷᠭᠡ ᠲᠠᠯ᠎ᠠ ᠶᠢ ᠪᠠᠶᠢᠴᠠᠭᠠᠬᠤ ᠬᠡᠷᠡᠭᠲᠠᠢ᠃ | ᠶᠢᠰᠦᠳᠦᠭᠡᠷ ᠵᠣᠷᠪᠣᠰ ᠡᠯ᠎ᠡ ᠰᠤᠮᠤ ᠪᠠᠯᠭᠠᠰᠤ ᠲᠠᠯᠠᠪᠠᠶ ᠶᠢᠨ ᠠᠷᠠᠳ ᠤᠨ ᠵᠠᠰᠠᠭ ᠤᠨ ᠣᠷᠳᠣᠨ ᠵᠢᠯ | ᠪᠦᠷᠢ ᠶᠢᠨ 5 ᠰᠠᠷ᠎ᠠ ᠠᠴᠠ ᠡᠮᠦᠨ᠎ᠡ ᠬᠢᠨᠠᠨ ᠰᠢᠯᠭᠠᠷᠠᠭᠤᠯᠬᠤ ᠰᠠᠯᠠᠭ᠎ᠠ ᠮᠥᠴᠢᠷ ᠲᠤ ᠦᠪᠡᠷᠲᠡᠭᠡᠨ ᠪᠠᠶᠢᠴᠠᠭᠠᠭᠰᠠᠨ | ᠪᠠᠶᠢᠳᠠᠯ ᠢᠶᠠᠨ ᠮᠡᠳᠡᠬᠦᠯᠵᠣ᠂ ᠬᠢᠨᠠᠨ ᠰᠢᠯᠭᠠᠷᠠᠭᠤᠯᠬᠤ ᠰᠠᠯᠠᠭ᠎ᠠ ᠮᠥᠴᠢᠷ ᠥᠪᠡᠷᠲᠡᠭᠡᠨ ᠪᠠᠶᠢᠴᠠᠭᠠᠭᠰᠠᠨ ᠪᠠᠶᠢᠳᠠᠯ ᠪᠠ | ᠬᠤᠯᠪᠣᠭᠳᠠᠯ ᠪᠦᠬᠦᠢ ᠱᠠᠭᠠᠷᠳᠠᠨ ᠪᠠᠶᠢᠴᠠᠭᠠᠯᠲᠠ ᠶᠢᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠬᠤᠯᠪᠣᠭᠳᠠᠯ | ᠪᠦᠬᠦᠢ ᠪᠠᠶᠢᠳᠠᠯ ᠢᠶᠠᠨ ᠡᠯ᠎ᠡ ᠰᠤᠮᠤ ᠪᠠᠯᠭᠠᠰᠤ ︵ᠲᠠᠯᠠᠪᠠᠢ︶ ᠳᠤ ᠮᠡᠳᠡᠭᠡᠯᠡᠬᠦ ᠶᠢᠨ ᠬᠠᠮᠲᠤ ᠡᠯ᠎ᠡ ᠰᠤᠮᠤ ᠪᠠᠯᠭᠠᠰᠤ ︵ | ᠲᠠᠯᠠᠪᠠᠢ︶ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ | ᠬᠠᠷᠠᠯᠲᠠ ᠶᠢᠨ ᠬᠤᠭᠤᠴᠠᠭᠠᠨ ᠡᠴᠦᠰ ᠤᠨ ᠬᠢᠨᠠᠨ ᠰᠢᠯᠭᠠᠷᠠᠭᠤᠯᠬᠤ ᠳᠤ ᠣᠷᠣᠭᠤᠯᠬᠤ ᠬᠡᠷᠡᠭᠲᠡᠶ᠃ | ᠭᠤᠷᠪᠠᠳᠤᠭᠠᠷ ᠪᠦᠯᠦᠭ ᠬᠤᠭᠤᠴᠠᠭᠠᠨ ᠳᠤᠮᠳᠠᠬᠢ ᠪᠠᠶᠢᠴᠠᠭᠠᠯᠲᠠ | ᠠᠷᠪᠠᠳᠤᠭᠠᠷ ᠵᠣᠷᠪᠣᠰ ᠡᠯ᠎ᠡ ᠰᠤᠮᠤ ᠪᠠᠯᠭᠠᠰᠤ ︵ᠲᠠᠯᠠᠪᠠᠢ︶ ᠶᠢᠨ ᠠᠷᠠᠳ ᠤᠨ ᠵᠠᠰᠠᠭ ᠤᠨ ᠣᠷᠳᠣᠨ ᠤ | ᠬᠤᠭᠤᠴᠠᠭᠠᠨ ᠳᠣᠮᠳᠠᠬᠢ ᠪᠠᠶᠢᠴᠠᠭᠠᠯᠲᠠ ᠨᠢ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠡᠭᠦᠷᠭᠡ ᠶᠣᠰᠣᠭᠠᠷ | ᠲᠤᠬᠢᠷᠠᠭᠤᠯᠤᠨ ᠬᠡᠷᠡᠭᠵᠢᠬᠦᠯᠵᠣ᠂ ᠭᠤᠤᠯᠳᠠᠭᠤ ᠲᠥᠯᠥᠪᠵᠢᠭᠦᠯᠭᠡ ᠶᠢᠨ ᠬᠤᠭᠤᠴᠠᠭ᠎ᠠ ᠶᠢᠨ ᠡᠮᠣᠨ᠎ᠡ ᠬᠤᠶᠠᠷ ᠵᠢᠯ ᠤᠨ | ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢᠨ ᠬᠤᠪᠢᠷᠠᠯᠲᠠ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ | ᠳᠡᠩᠴᠡᠭᠦᠷᠢᠲᠠᠢ ᠪᠠᠶᠢᠯᠭᠠᠬᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠ ᠨᠥᠬᠦᠵᠦ | ᠬᠤᠪᠢᠶᠠᠷᠢᠯᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠨ ᠭᠠᠵᠠᠷ ᠤᠨ | ᠶᠠᠰᠤ ᠴᠢᠨᠠᠷ ᠢ ᠬᠠᠮᠠᠭᠠᠯᠠᠬᠤ ᠪᠠ ᠳᠡᠭᠡᠭᠰᠢᠯᠡᠬᠦᠯᠬᠦ᠂ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠤᠨ ᠪᠦᠲᠦᠭᠡᠨ | ᠪᠠᠶᠢᠭᠤᠯᠤᠯᠲᠠ ᠵᠡᠷᠭᠡ ᠲᠠᠯ᠎ᠠ ᠶᠢ ᠪᠠᠶᠢᠴᠠᠭᠠᠬᠤ ᠬᠡᠷᠡᠭᠲᠠᠢ᠃ | ᠠᠷᠪᠠᠨ ᠨᠢᠭᠡᠳᠦᠭᠡᠷ ᠵᠣᠷᠪᠣᠰ ᠡᠯ᠎ᠡ ᠰᠤᠮᠤ ᠪᠠᠯᠭᠠᠰᠤ ︵ᠲᠠᠯᠠᠪᠠᠢ︶ ᠶᠢᠨ ᠠᠷᠠᠳ ᠤᠨ ᠵᠠᠰᠠᠭ ᠤᠨ | ᠣᠷᠳᠣᠨ ᠨᠢ ᠲᠣᠰ ᠠᠷᠭ᠎ᠠ ᠪᠠ ᠬᠢᠨᠠᠨ ᠰᠢᠯᠭᠠᠷᠠᠭᠤᠯᠬᠤ ᠰᠠᠯᠠᠭ᠎ᠠ ᠮᠥᠴᠢᠷ ᠤᠨ ᠬᠤᠭᠤᠴᠠᠭᠠᠨ ᠳᠤᠮᠳᠠᠬᠢ | ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ ᠦᠪᠡᠷᠲᠡᠭᠡᠨ ᠪᠠᠶᠢᠴᠠᠭᠠᠯᠲᠠ ᠥᠷᠨᠢᠭᠦᠯᠵᠦ᠂ ᠬᠤᠭᠤᠴᠠᠭᠠᠨ | ᠳᠤᠮᠳᠠᠬᠢ ᠪᠠᠶᠢᠴᠠᠭᠠᠯᠲᠠ ᠶᠢᠨ ᠣᠨ ᠤ 5 ᠰᠠᠷ᠎ᠠ ᠶᠢᠨ ᠡᠬᠢᠨ ᠠᠴᠠ ᠡᠮᠦᠨ᠎ᠡ ᠬᠢᠨᠠᠨ ᠰᠢᠯᠭᠠᠷᠠᠭᠤᠯᠬᠤ ᠰᠠᠯᠠᠭ᠎ᠠ | ᠮᠥᠴᠢᠷ ᠲᠤ ᠦᠪᠡᠷᠲᠡᠭᠡᠨ ᠪᠠᠶᠢᠴᠠᠭᠠᠭᠰᠠᠨ ᠮᠡᠳᠡᠭᠦᠯᠦᠯᠲᠡ ᠪᠠᠨ ᠮᠡᠳᠡᠭᠦᠯᠬᠦ ᠭᠡᠷᠡᠭᠲᠠᠢ᠃ ᠬᠢᠨᠠᠨ ᠰᠢᠯᠭᠠᠷᠠᠭᠤᠯᠬᠤ | ᠰᠠᠯᠠᠭ᠎ᠠ ᠮᠥᠴᠢᠷ ᠪᠠᠶᠢᠳᠠᠯ ᠢ ᠦᠨᠳᠦᠰᠦᠯᠡᠨ ᠪᠣᠳᠠᠲᠠᠶ ᠭᠠᠵᠠᠷ ᠲᠤᠨᠢ ᠰᠤᠭᠤᠴᠢᠨ ᠪᠠᠶᠢᠴᠠᠭᠠᠵᠤ᠂ ᠰᠤᠮᠤ ᠪᠠᠯᠭᠠᠰᠤ ︵ | ᠲᠠᠯᠠᠪᠠᠶ︶ ᠶᠢᠨ ᠥᠪᠡᠷᠲᠡᠭᠡᠨ ᠪᠠᠶᠢᠴᠠᠭᠠᠭᠰᠠᠨ᠂ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠭᠰᠠᠨ ᠪᠠ | ᠬᠠᠮᠢᠶ᠎ᠠ ᠪᠥᠬᠦᠶ ᠱᠠᠭᠠᠷᠳᠠᠨ ᠪᠠᠶᠢᠴᠠᠭᠠᠯᠲᠠ ᠶᠢᠨ ᠪᠠᠶᠢᠳᠠᠯ ᠢ ᠤᠶᠠᠯᠳᠤᠭᠤᠯᠤᠨ ᠰᠤᠮᠤ ᠪᠠᠯᠭᠠᠰᠣ ︵ᠲᠠᠯᠠᠪᠠᠶ︶ ᠶᠢᠨ | ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠳᠤ | ᠶᠡᠷᠦᠩᠬᠡᠶᠢᠯᠡᠭᠰᠡᠨ ᠦᠨᠡᠯᠡᠯᠲᠡ ᠬᠢᠵᠦ᠂ ᠬᠤᠪᠢ ᠥᠭᠴᠦ ᠵᠢᠭᠰᠠᠭᠠᠵᠤ᠂ ᠬᠤᠭᠤᠴᠠᠭᠠᠨ ᠳᠣᠮᠳᠠᠬᠢ | ᠪᠠᠶᠢᠴᠠᠭᠠᠯᠲᠠ ᠶᠢᠨ ᠦᠷ᠎ᠡ ᠳ᠋ᠦᠩ ᠤᠨ ᠮᠡᠳᠡᠭᠦᠯᠦᠯᠲᠡ ᠭᠠᠷᠭᠠᠬᠤ ᠬᠡᠷᠡᠭᠲᠡᠶ᠃ | ᠠᠷᠪᠠᠨ ᠬᠤᠶᠠᠳᠤᠭᠠᠷ ᠵᠣᠷᠪᠣᠰ ᠬᠤᠭᠤᠴᠠᠭᠠᠨ ᠳᠤᠮᠳᠠᠬᠢ ᠪᠠᠶᠢᠴᠠᠭᠠᠯᠲᠠ ᠶᠢᠨ ᠦᠷ᠎ᠡ ᠳ᠋ᠦᠩ ᠢ ᠬᠢᠨᠠᠨ | ᠰᠢᠯᠭᠠᠷᠠᠭᠤᠯᠬᠤ ᠰᠠᠯᠠᠭ᠎ᠠ ᠮᠥᠴᠢᠷ ᠠᠴᠠ ᠡᠯ᠎ᠡ ᠰᠤᠮᠤ ᠪᠠᠯᠭᠠᠰᠤ ︵ᠲᠠᠯᠠᠪᠠᠢ︶ ᠳᠤ ᠮᠡᠳᠡᠭᠡᠯᠡᠵᠦ᠂ ᠰᠤᠮᠤ ᠪᠠᠯᠭᠠᠰᠤ ︵ | ᠲᠠᠯᠠᠪᠠᠢ︶ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ | ᠬᠤᠭᠤᠴᠠᠭᠠᠨ ᠰᠡᠭᠦᠯᠴᠢ ᠶᠢᠨ ᠬᠢᠨᠠᠨ ᠰᠢᠯᠭᠠᠷᠠᠭᠤᠯᠬᠤ ᠳᠤ ᠣᠷᠣᠭᠤᠯᠬᠤ ᠶᠢᠨ ᠬᠠᠮᠲᠤ᠂ ᠬᠤᠰᠢᠭᠤ ᠵᠠᠰᠠᠭ ᠤᠨ | ᠣᠷᠳᠣᠨ ᠳᠤ ᠲᠤᠰᠬᠠᠶ ᠰᠡᠳᠦᠪ ᠢᠶᠠᠷ ᠮᠡᠳᠡᠭᠦᠯᠬᠦ ᠬᠡᠷᠡᠭᠲᠡᠶ᠃ | ᠳᠥᠷᠪᠡᠳᠦᠭᠡᠷ ᠪᠦᠯᠦᠭ ᠬᠤᠭᠤᠴᠠᠭᠠᠨ ᠡᠴᠦᠰ ᠤᠨ ᠬᠢᠨᠠᠨ ᠰᠢᠯᠭᠠᠷᠠᠭᠤᠯᠣᠯᠲᠠ | ᠠᠷᠪᠠᠨ ᠭᠤᠷᠪᠠᠳᠤᠭᠠᠷ ᠵᠣᠷᠪᠣᠰ ᠰᠤᠮᠤ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ ᠤ | ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠬᠤᠭᠤᠴᠠᠭᠠᠨ ᠡᠴᠦᠰ ᠤᠨ ᠬᠢᠨᠠᠨ | ᠰᠢᠯᠭᠠᠷᠠᠭᠤᠯᠬᠤ ᠠᠭᠤᠯᠭ᠎ᠠ ᠳᠤ ᠭᠤᠤᠯᠳᠠᠭᠤ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠠᠯᠠᠪᠠᠶ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢᠨ ᠬᠤᠪᠢᠷᠠᠯᠲᠠ᠂ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ᠂ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠ ᠨᠥᠬᠦᠵᠦ ᠬᠤᠪᠢᠶᠠᠷᠢᠯᠠᠬᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠳᠡᠭᠡᠭᠰᠢᠯᠡᠭᠦᠯᠬᠦ᠂ | ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠤᠨ ᠪᠠᠶᠢᠭᠤᠯᠤᠯᠲᠠ ᠵᠡᠷᠭᠡ ᠲᠠᠯ᠎ᠠ ᠪᠠᠭᠲᠠᠬᠤ ᠬᠡᠷᠡᠭᠲᠠᠢ᠃ | ᠠᠷᠪᠠᠨ ᠳᠥᠷᠪᠡᠳᠦᠭᠡᠷ ᠵᠣᠷᠪᠣᠰ ᠡᠯ᠎ᠡ ᠰᠤᠮᠤ ᠪᠠᠯᠭᠠᠰᠤ ︵ᠲᠠᠯᠠᠪᠠᠢ︶ ᠶᠢᠨ ᠠᠷᠠᠳ ᠤᠨ ᠵᠠᠰᠠᠭ ᠤᠨ | ᠣᠷᠳᠣᠨ ᠲᠣᠰ ᠠᠷᠭ᠎ᠠ ᠪᠠ ᠬᠢᠨᠠᠨ ᠰᠢᠯᠭᠠᠷᠠᠭᠤᠯᠬᠤ ᠰᠠᠯᠠᠭ᠎ᠠ ᠮᠥᠴᠢᠷ ᠤᠨ ᠬᠤᠭᠤᠴᠠᠭᠠᠨ ᠡᠴᠦᠰ ᠤᠨ ᠬᠢᠨᠠᠨ | ᠰᠢᠯᠭᠠᠷᠠᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠥᠪᠡᠷᠲᠡᠭᠡᠨ ᠪᠠᠶᠢᠴᠠᠭᠠᠬᠤ ᠠᠵᠢᠯ ᠢ ᠥᠷᠨᠢᠭᠦᠯᠵᠦ᠂ | ᠲᠥᠯᠥᠪᠵᠢᠭᠦᠯᠭᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠵᠢᠯ ᠤᠨ ᠬᠢᠨᠢ 5 ᠰᠠᠷ᠎ᠠ ᠠᠴᠠ ᠡᠮᠦᠨ᠎ᠡ ᠬᠤᠰᠢᠭᠤ | ᠵᠠᠰᠠᠭ ᠤᠨ ᠣᠷᠳᠣᠨ ᠳᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠡᠬᠦᠷᠭᠡ ᠶᠢ | ᠪᠡᠶᠡᠯᠡᠭᠦᠯᠦᠭᠰᠡᠨ ᠪᠠᠶᠢᠳᠠᠯ ᠤᠨ ᠦᠪᠡᠷᠲᠡᠭᠡᠨ ᠪᠠᠶᠢᠴᠠᠭᠠᠭᠰᠠᠨ ᠮᠡᠳᠡᠭᠦᠯᠦᠯᠲᠡ ᠪᠠᠨ ᠮᠡᠳᠡᠬᠦᠯᠬᠦ ᠶᠢᠨ ᠬᠠᠮᠲᠤ ᠬᠢᠨᠠᠨ | ᠰᠢᠯᠭᠠᠷᠠᠭᠤᠯᠬᠤ ᠰᠠᠯᠠᠭ᠎ᠠ ᠮᠥᠴᠢᠷ ᠲᠤ ᠮᠡᠳᠡᠬᠦᠯᠬᠦ ᠬᠡᠷᠡᠭᠲᠡᠶ᠃ ᠰᠤᠮᠤ ᠪᠠᠯᠭᠠᠰᠤ ︵ᠲᠠᠯᠠᠪᠠᠢ︶ ᠶᠢᠨ ᠠᠷᠠᠳ ᠤᠨ | ᠵᠠᠰᠠᠭ ᠤᠨ ᠣᠷᠳᠣᠨ ᠨᠢ ᠦᠪᠡᠷᠲᠡᠭᠡᠨ ᠪᠠᠶᠢᠴᠠᠭᠠᠭᠰᠠᠨ ᠪᠠᠶᠢᠳᠠᠯ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠦᠨᠡᠨ | ᠪᠣᠳᠠᠲᠤ ᠴᠢᠨᠠᠷ᠂ ᠣᠨᠣᠪᠴᠢᠲᠤ ᠴᠢᠨᠠᠷ ᠪᠠ ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠶ᠃ | ᠠᠷᠪᠠᠨ ᠲᠠᠪᠤᠳᠤᠭᠠᠷ ᠵᠣᠷᠪᠣᠰ ᠬᠢᠨᠠᠨ ᠰᠢᠯᠭᠠᠷᠠᠭᠤᠯᠬᠤ ᠰᠠᠯᠠᠭ᠎ᠠ ᠮᠥᠴᠢᠷ ᠠᠴᠠ ᠡᠯ᠎ᠡ ᠰᠤᠮᠤ ᠪᠠᠯᠭᠠᠰᠤ ︵ | ᠲᠠᠯᠠᠪᠠᠢ︶ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ | ᠬᠠᠷᠠᠯᠲᠠ ᠶᠢ ᠭᠦᠢᠴᠡᠳᠬᠡᠭᠰᠡᠨ ᠪᠠᠶᠢᠳᠠᠯ ᠢ ᠪᠦᠬᠦ ᠲᠠᠯ᠎ᠠ ᠪᠠᠷ ᠰᠤᠭᠤᠴᠢᠨ ᠪᠠᠶᠢᠴᠠᠭᠠᠵᠤ᠂ ᠰᠤᠮᠤ ᠪᠠᠯᠭᠠᠰᠤ ︵ | ᠲᠠᠯᠠᠪᠠᠢ︶ ᠶᠢᠨ ᠥᠪᠡᠷᠲᠡᠭᠡᠨ ᠪᠠᠶᠢᠴᠠᠭᠠᠭᠰᠠᠨ᠂ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠭᠰᠠᠨ ᠪᠠ ᠣᠨ | ᠤ ᠥᠪᠡᠷᠲᠡᠭᠡᠨ ᠪᠠᠶᠢᠴᠠᠭᠠᠯᠲᠠ᠂ ᠬᠤᠭᠤᠴᠠᠭᠠᠨ ᠳᠤᠮᠳᠠᠬᠢ ᠪᠠᠶᠢᠴᠠᠭᠠᠯᠲᠠ ᠵᠡᠷᠭᠡ ᠶᠢ ᠦᠨᠳᠦᠰᠦᠯᠡᠨ᠂ ᠡᠯ᠎ᠡ ᠰᠤᠮᠤ | ᠪᠠᠯᠭᠠᠰᠤ ︵ᠲᠠᠯᠠᠪᠠᠢ︶ ᠶᠢᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ | ᠨᠠᠶᠢᠳᠠᠪᠣᠷᠢᠵᠢᠭᠤᠯᠣᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠯᠲᠡ ᠬᠢᠵᠦ᠂ ᠬᠤᠪᠢ ᠥᠭᠴᠦ ᠵᠢᠭᠰᠠᠭᠠᠬᠤ | ᠬᠡᠷᠡᠭᠲᠡᠶ᠃ ᠬᠤᠭᠤᠴᠠᠭᠠᠨ ᠡᠴᠦᠰ ᠤᠨ ᠬᠢᠨᠠᠨ ᠰᠢᠯᠭᠠᠷᠠᠭᠤᠯᠣᠭᠰᠠᠨ ᠦᠷ᠎ᠡ ᠳ᠋ᠦᠩ ᠤᠨ ᠮᠡᠳᠡᠭᠦᠯᠦᠯᠲᠡ ᠭᠠᠷᠭᠠᠬᠤ | ᠶᠢᠨ ᠬᠠᠮᠲᠦ ᠲᠥᠯᠥᠪᠵᠢᠭᠦᠯᠭᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠵᠢᠯ ᠤᠨ 9 ᠰᠠᠷ᠎ᠠ ᠶᠢᠨ ᠡᠬᠢ ᠪᠠᠷ | ᠬᠤᠭᠤᠴᠠᠭᠠᠨ ᠰᠡᠭᠦᠯᠴᠢ ᠶᠢᠨ ᠬᠢᠨᠠᠨ ᠰᠢᠯᠭᠠᠷᠠᠭᠤᠯᠣᠯᠲᠠ ᠶᠢᠨ ᠦᠷ᠎ᠡ ᠳ᠋ᠦᠩ ᠢᠶᠠᠨ ᠬᠤᠰᠢᠭᠤ ᠵᠠᠰᠠᠭ ᠤᠨ | ᠣᠷᠳᠣᠨ ᠳᠤ ᠮᠡᠳᠡᠭᠦᠯᠬᠦ ᠬᠡᠷᠡᠭᠲᠡᠶ᠃ | ᠲᠠᠪᠤᠳᠤᠭᠠᠷ ᠪᠦᠯᠦᠭ ᠱᠠᠩᠨᠠᠵᠤ ᠰᠢᠳᠬᠡᠬᠦ | ᠠᠷᠪᠠᠨ ᠵᠢᠷᠭᠤᠳᠤᠭᠠᠷ ᠵᠣᠷᠪᠣᠰ ᠬᠤᠰᠢᠭᠤ ᠵᠠᠰᠠᠭ ᠤᠨ ᠣᠷᠳᠣᠨ ᠠᠴᠠ ᠬᠢᠨᠠᠨ ᠰᠢᠯᠭᠠᠷᠠᠭᠤᠯᠣᠭᠰᠠᠨ ᠦᠷ᠎ᠡ | ᠳ᠋ᠦᠩ ᠢ ᠦᠨᠳᠦᠰᠦᠯᠡᠨ᠂ ᠶᠡᠷᠦᠩᠬᠡᠶᠢᠯᠡᠨ ᠦᠨᠡᠯᠡᠵᠦ᠂ ᠬᠤᠪᠢ ᠥᠭᠴᠦ ᠵᠢᠭᠰᠠᠭᠠᠬᠤ ᠬᠡᠷᠡᠭᠲᠡᠶ᠃ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠦᠷ᠎ᠡ ᠪᠦᠲᠦᠮᠵᠢ ᠪᠠᠷ ᠳᠣᠪᠣᠶᠢᠮ᠎ᠠ ᠰᠤᠮᠤ ᠪᠠᠯᠭᠠᠰᠤ ︵ | ᠲᠠᠯᠠᠪᠠᠢ︶ ᠶᠢ ᠰᠠᠶᠢᠰᠢᠶᠠᠨ ᠬᠦᠬᠢᠬᠦᠯᠬᠦ ᠬᠡᠷᠡᠭᠲᠠᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠨ ᠤ ᠭᠠᠵᠠᠷ | ᠰᠢᠷᠣᠶ ᠠᠰᠢᠭᠯᠠᠬᠤ ᠲᠥᠯᠥᠪᠯᠡᠭᠡ᠂ ᠭᠠᠵᠠᠷ ᠰᠢᠷᠣᠶ ᠶᠢ ᠴᠡᠭᠴᠡᠯᠡᠨ ᠵᠠᠰᠠᠬᠤ ᠠᠵᠢᠯ ᠤᠨ ᠲᠤᠰᠬᠠᠶ ᠲᠦᠷᠦᠯ ᠤᠨ | ᠪᠡᠯᠡ ᠮᠥᠩᠭᠦ᠂ ᠲᠠᠷᠢᠶᠠᠨ ᠭᠠᠵᠠᠷ ᠤᠨ ᠴᠢᠨᠠᠷ ᠢ ᠥᠭᠡᠷᠡᠴᠢᠯᠡᠬᠦ ᠲᠥᠷᠥᠯ ᠵᠦᠢᠯ ᠪᠠ ᠲᠠᠷᠢᠶᠠᠨ ᠭᠠᠵᠠᠷ ᠤᠨ ᠶᠠᠰᠤ | ᠴᠢᠨᠠᠷ ᠢ ᠳᠡᠭᠡᠭᠰᠢᠯᠡᠭᠦᠯᠬᠦ ᠪᠡᠯᠡ ᠮᠥᠩᠭᠦ ᠶᠢ ᠲᠣᠬᠢᠷᠠᠭᠤᠯᠬᠤ ᠳᠠᠭᠠᠨ ᠬᠠᠷᠠᠭᠠᠯᠵᠠᠯ ᠦᠵᠡᠭᠦᠯᠬᠦ ᠬᠡᠷᠡᠭᠲᠡᠶ᠃ ᠬᠢᠨᠠᠨ | ᠰᠢᠯᠭᠠᠷᠠᠭᠤᠯᠣᠯᠲᠠ ᠳᠤ ᠪᠠᠷᠢᠮᠵᠢᠶ᠎ᠠ ᠳᠤ ᠬᠦᠷᠦᠭᠰᠡᠨ ᠦᠭᠡᠢ ᠰᠤᠮᠤ ᠪᠠᠯᠭᠠᠰᠤ ︵ᠲᠠᠯᠠᠪᠤᠷ︶ ᠶᠢ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ | ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠲᠣᠰ ᠰᠤᠮᠤ ᠪᠠᠯᠭᠠᠰᠤ ︵ᠲᠠᠯᠠᠪᠠᠶ︶ ᠶᠢᠨ ᠲᠠᠷᠢᠶᠠᠯᠠᠩ ᠳᠤ | ᠬᠡᠷᠡᠭᠯᠡᠬᠦ ᠭᠠᠵᠠᠷ ᠢ ᠰᠢᠯᠵᠢᠬᠦᠯᠦᠨ ᠬᠡᠷᠡᠭᠯᠡᠬᠦ ᠪᠠ ᠭᠠᠵᠠᠷ ᠰᠢᠷᠣᠶ ᠲᠠᠲᠠᠪᠤᠷᠢᠯᠠᠬᠤ ᠶᠢ ᠬᠢᠨᠠᠨ ᠪᠠᠶᠢᠴᠠᠭᠠᠬᠤ ᠪᠠᠨ ᠲᠦᠷ | ᠵᠣᠭᠰᠣᠭᠠᠬᠤ ᠬᠡᠷᠡᠭᠲᠠᠢ᠃ | ᠠᠷᠪᠠᠨ ᠳᠣᠯᠣᠳᠤᠭᠠᠷ ᠵᠣᠷᠪᠣᠰ ᠰᠤᠮᠤ ᠪᠠᠯᠭᠠᠰᠤ ︵ᠲᠠᠯᠠᠪᠠᠢ︶ ᠶᠢᠨ ᠠᠷᠠᠳ ᠤᠨ ᠵᠠᠰᠠᠭ ᠤᠨ ᠣᠷᠳᠣᠨ ᠤ | ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠷᠠᠭᠤᠯᠣᠭᠰᠠᠨ ᠦᠷ᠎ᠡ ᠳ᠋ᠦᠩ ᠢ | ᠰᠤᠮᠤ ᠪᠠᠯᠭᠠᠰᠤ ︵ᠲᠠᠯᠠᠪᠠᠶ︶ ᠶᠢᠨ ᠭᠤᠤᠯ ᠬᠠᠷᠢᠭᠤᠴᠠᠯᠭᠠᠲᠠᠨ ᠢ ᠶᠡᠷᠦᠩᠬᠡᠶᠢᠯᠡᠨ ᠬᠢᠨᠠᠨ ᠰᠢᠯᠭᠠᠷᠠᠭᠤᠯᠣᠨ ᠦᠨᠡᠯᠡᠬᠦ | ᠴᠢᠬᠤᠯᠠ ᠠᠭᠤᠯᠭ᠎ᠠ ᠪᠣᠯᠭᠠᠵᠤ᠂ ᠣᠨ ᠤ ᠥᠪᠡᠷᠲᠡᠭᠡᠨ ᠪᠠᠶᠢᠴᠠᠭᠠᠬᠤ᠂ ᠬᠤᠭᠤᠴᠠᠭᠠᠨ ᠳᠤᠮᠳᠠᠬᠢ ᠪᠠᠶᠢᠴᠠᠭᠠᠯᠲᠠ ᠪᠠ | ᠬᠤᠭᠤᠴᠠᠭᠠᠨ ᠡᠴᠦᠰ ᠤᠨ ᠬᠢᠨᠠᠨ ᠰᠢᠯᠭᠠᠷᠠᠭᠤᠯᠣᠭᠰᠠᠨ ᠦᠷ᠎ᠡ ᠳ᠋ᠦᠩ ᠢ ᠬᠤᠰᠢᠭᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ᠂ ᠬᠤᠰᠢᠭᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ | ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠤ ᠬᠠᠭᠤᠯᠤᠨ ᠬᠦᠷᠭᠡᠵᠦ᠂ | ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠷᠠᠭᠤᠯᠵᠣ ᠦᠨᠡᠯᠡᠬᠦ ᠶᠢᠨ ᠴᠢᠬᠤᠯᠠ ᠦᠨᠳᠦᠰᠦᠯᠡᠯ ᠪᠣᠯᠭᠠᠬᠤ | ᠬᠡᠷᠡᠭᠲᠠᠢ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠠᠷᠪᠠᠨ ᠨᠠᠢᠮᠠᠳᠤᠭᠠᠷ ᠵᠣᠷᠪᠣᠰ ᠡᠯ᠎ᠡ ᠰᠤᠮᠤ ᠪᠠᠯᠭᠠᠰᠤ ︵ᠲᠠᠯᠠᠪᠠᠢ︶ ᠶᠢᠨ ᠠᠷᠠᠳ ᠤᠨ ᠵᠠᠰᠠᠭ ᠤᠨ | ᠣᠷᠳᠣᠨ ᠲᠤᠰ ᠠᠷᠭ᠎ᠠ ᠪᠠᠷ ᠯᠠᠪᠯᠠᠯᠲᠠ ᠪᠣᠯᠭᠠᠵᠤ᠂ ᠲᠤᠰ ᠵᠠᠰᠠᠭ ᠵᠠᠬᠢᠷᠭᠠᠨ ᠤ ᠣᠷᠣᠨ ᠤ ᠪᠣᠳᠠᠲᠤ ᠪᠠᠶᠢᠳᠠᠯ ᠢᠶᠠᠨ | ᠦᠨᠳᠦᠰᠦᠯᠡᠨ᠂ ᠰᠤᠮᠤ ᠪᠠᠯᠭᠠᠰᠤ ︵ᠲᠠᠯᠠᠪᠠᠢ︶ ᠶᠢᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ | ᠲᠣᠭᠲᠠᠴᠠ ᠪᠠᠨ ᠲᠣᠭᠲᠠᠭᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ | ᠬᠡᠷᠡᠭᠲᠠᠢ᠃ | ᠠᠷᠪᠠ ᠶᠢᠰᠦᠳᠦᠭᠡᠷ ᠵᠣᠷᠪᠣᠰ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ |