ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠬᠤᠷᠢᠶᠠᠬᠤ ᠲᠤᠬᠠᠢ
ᠨᠡᠶᠢᠲᠡᠯᠡᠭᠰᠡᠨ ᠴᠠᠭ᠄
2021/1/11
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠠᠷᠪᠠᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠄ ᠬᠠᠶᠢᠨ ᠪᠠᠶᠢᠴᠠᠭᠠᠬᠤ᠂ ᠠᠭᠤᠷᠬᠠᠶ ᠨᠡᠭᠡᠭᠡᠬᠦ ᠪᠠ ᠡᠯ᠎ᠡ ᠵᠦᠢᠯ ᠤᠨ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠪᠠᠷᠢᠬᠤ ᠳᠠᠭᠠᠨ ᠰᠢᠭᠤᠶᠢᠲᠤ ᠭᠠᠵᠠᠷ ᠢ ᠦᠯᠦ ᠡᠵᠡᠯᠡᠬᠦ ᠪᠤᠶᠤ ᠪᠠᠭ᠎ᠠ ᠡᠵᠡᠯᠡᠬᠦ ᠬᠡᠷᠡᠭᠲᠡᠶ︔ ᠭᠠᠵᠠᠷ ᠢ ᠵᠠᠪᠠᠯ ᠡᠵᠡᠯᠡᠨ ᠬᠡᠷᠡᠭᠯᠡᠬᠦ ᠪᠤᠶᠤ ᠲᠠᠳᠠᠪᠤᠷᠢᠯᠠᠬᠤ᠂ ᠠᠯᠪᠠᠨ ᠳᠤ ᠲᠠᠲᠠᠪᠤᠷᠢᠯᠠᠨ ᠬᠡᠷᠡᠭᠯᠡᠬᠦ ᠴᠢᠬᠤᠯᠠᠲᠠᠶ ᠪᠣᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠶᠣᠰᠣᠭᠠᠷ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠬᠦ ᠬᠡᠷᠡᠭᠲᠡᠶ ᠪᠥᠭᠡᠳ ᠭᠠᠵᠠᠷ ᠰᠢᠷᠣᠶ ᠬᠡᠷᠡᠭᠯᠡᠬᠦ ᠨᠢᠭᠡᠴᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠢ ᠲᠤᠰᠢᠶᠠᠬᠤ ᠬᠡᠷᠡᠭᠲᠡᠶ᠃ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠤᠨ ᠲᠤᠰᠬᠠᠶ ᠵᠣᠭᠤᠰ ᠢ ᠲᠤᠰᠬᠠᠶ ᠬᠡᠷᠡᠭᠯᠡᠵᠦ᠂ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠢᠭᠡᠳᠦᠯᠲᠡᠶ ᠲᠣᠬᠢᠷᠠᠭᠤᠯᠤᠨ᠎ᠠ᠂ ᠮᠣᠳᠣ ᠲᠡᠷᠢᠵᠦ ᠣᠶᠢᠵᠢᠭᠤᠯᠬᠤ᠂ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠡᠵᠡᠯᠡᠨ ᠬᠡᠷᠡᠭᠯᠡᠬᠦ ᠮᠣᠳᠣ ᠲᠠᠷᠢᠵᠤ ᠣᠶᠢᠵᠢᠭᠤᠯᠬᠤ ᠲᠠᠯᠠᠪᠠᠶ ᠨᠢ ᠡᠵᠡᠯᠠᠨ ᠬᠡᠷᠡᠭᠯᠡᠬᠦ᠂ ᠲᠠᠳᠠᠪᠤᠷᠢᠯᠠᠬᠤ᠂ ᠠᠯᠪᠠᠨ ᠳᠤ ᠲᠠᠲᠠᠪᠤᠷᠢᠯᠠᠨ ᠬᠡᠷᠡᠭᠯᠡᠬᠦ ᠴᠢᠬᠤᠯᠳᠠᠢ ᠪᠤᠯᠵᠦ ᠬᠠᠰᠤᠭᠳᠠᠭᠰᠠᠨ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢᠨ ᠲᠡᠯᠡᠪᠡᠢ ᠠᠴᠠ ᠪᠠᠭ᠎ᠠ ᠪᠠᠶᠢᠵᠤ ᠪᠣᠯᠬᠤ ᠦᠭᠡᠢ᠃ ᠳᠡᠭᠡᠳᠦ ᠱᠠᠲᠤᠨ ᠤ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠨᠢ ᠲᠤᠤᠷᠡᠳᠦ ᠱᠠᠲᠤᠨ ᠤ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠮᠣᠳᠣ ᠲᠡᠷᠢᠵᠦ ᠣᠶᠢᠵᠢᠭᠤᠯᠬᠤ ᠪᠠ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠭᠰᠠᠨ ᠪᠠᠶᠢᠳᠠᠯ ᠢ ᠲᠣᠭᠲᠠᠭᠰᠠᠨ ᠬᠤᠭᠤᠴᠠᠭ᠎ᠠ ᠲᠠᠢ ᠪᠠᠷ ᠰᠢᠪᠠᠳᠠᠨ ᠱᠠᠭᠠᠷᠳᠠᠵᠤ ᠪᠠᠶᠢᠴᠠᠭᠠᠬᠤ ᠬᠡᠷᠡᠭᠲᠡᠶ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠤᠨ ᠠᠷᠪᠠᠨ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠄ ᠬᠠᠶᠢᠨ ᠪᠠᠶᠢᠴᠠᠭᠠᠬᠤ᠂ ᠠᠭᠤᠷᠬᠠᠶ ᠨᠡᠭᠡᠭᠡᠬᠦ ᠪᠠ ᠵᠠᠮ ᠵᠠᠰᠠᠬᠤ᠂ ᠤᠰᠤᠨ ᠠᠰᠢᠭᠯᠠᠯᠲᠠ᠂ ᠴᠠᠬᠢᠯᠭᠠᠨ ᠬᠦᠴᠦ᠂ ᠮᠡᠳᠡᠭᠡ ᠬᠤᠯᠪᠣᠭᠠᠨ ᠤ ᠢᠨᠵᠧᠨ᠋ᠧᠷᠢᠩ ᠰᠢᠭᠤᠶᠢᠲᠤ ᠭᠠᠵᠠᠷ ᠢ ᠡᠵᠡᠯᠡᠨ ᠬᠡᠷᠡᠭᠯᠡᠬᠦ ᠪᠤᠶᠤ ᠲᠠᠲᠠᠪᠤᠷᠢᠯᠠᠨ ᠬᠡᠷᠡᠭᠯᠡᠬᠦ ᠴᠢᠬᠤᠯᠠᠲᠠᠶ ᠪᠠᠶᠢᠪᠠᠯ᠂ ᠡᠷᠬᠡᠪᠰᠢ ᠳᠣᠣᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠶ᠄      ︵ᠨᠢᠭᠡ︶ ᠭᠠᠵᠠᠷ ᠬᠡᠷᠡᠭᠯᠡᠬᠦ ᠨᠢᠭᠡᠴᠢ ᠨᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠢ ᠰᠢᠭᠤᠶ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠭᠠᠵᠠᠷ ᠰᠢᠷᠣᠶ ᠬᠡᠷᠡᠭᠯᠡᠬᠦ ᠭᠤᠶᠤᠴᠢᠯᠠᠯ ᠭᠠᠷᠭᠠᠵᠤ᠂ ᠵᠥᠪᠰᠢᠶᠡᠷᠡᠯ ᠣᠯᠤᠭᠰᠠᠨ ᠤ ᠲᠠᠷᠠᠭ᠎ᠠ᠂ ᠤᠯᠤᠰ ᠤᠨ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠢ ᠤᠷᠢᠳᠴᠢᠯᠠᠨ ᠲᠤᠰᠢᠶᠠᠵᠤ᠂ ᠰᠢᠭᠤᠶᠢᠲᠤ ᠭᠠᠵᠠᠷ ᠢ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠢ ᠠᠪᠬᠤ ᠬᠡᠷᠡᠭᠲᠡᠶ᠃ ︵ᠬᠤᠶᠠᠷ︶ ᠭᠠᠵᠠᠷ ᠬᠡᠷᠡᠭᠯᠡᠬᠦ ᠨᠢᠭᠡᠴᠢ ᠰᠢᠭᠤᠶᠢᠲᠤ ᠭᠠᠵᠠᠷ ᠢ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠢᠶᠠᠷ ᠦᠨᠳᠦᠰᠦ ᠪᠠᠷᠢᠮᠲᠠ ᠪᠣᠯᠭᠠᠵᠤ ᠪᠦᠳᠦᠬᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠨ᠎ᠠ᠃ ︵ᠭᠤᠷᠪᠠ︶ ᠰᠢᠭᠤᠶᠢᠲᠤ ᠭᠠᠵᠠᠷ ᠢ ᠡᠵᠡᠯᠡᠨ ᠬᠡᠷᠡᠭᠯᠡᠬᠦ ᠪᠤᠶᠤ ᠲᠠᠲᠠᠪᠤᠷᠢᠯᠠᠨ ᠬᠡᠷᠡᠭᠯᠡᠬᠦ ᠳᠡᠭᠡᠨ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠤᠭᠰᠠᠨ ᠦᠬᠡᠢ ᠪᠣᠯ ᠭᠠᠵᠠᠷ ᠰᠢᠷᠣᠶ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠵᠦ ᠪᠣᠯᠬᠤ ᠦᠬᠡᠢ᠃ ᠡᠳ᠋ ᠤᠨ ᠵᠠᠰᠠᠭ ᠤᠨ ᠶᠠᠮᠤᠨ᠂ ᠤᠯᠤᠰ ᠤᠨ ᠤᠢ ᠰᠢᠭᠤᠶ ᠶᠢᠨ ᠲᠣᠪᠴᠢᠶᠠᠨ ᠤ ᠳᠠᠷᠤᠮᠠᠯᠯᠠᠨ ᠶᠠᠪᠤᠭᠤᠯᠤᠭᠰᠠᠨ ︽ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠢ ᠲᠠᠲᠠᠪᠤᠷᠢᠯᠠᠬᠤ ᠬᠡᠷᠡᠭᠯᠡᠬᠦ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾ ᠶᠢᠨ ᠮᠡᠳᠡᠭᠳᠡᠯ ︵ᠡᠳ᠋ ᠶᠡᠷᠦᠩᠬᠡᠶ ︹2002︺ 73 ᠳ᠋ᠤᠭᠠᠷ ᠲᠣᠭᠠᠲᠤ︶                ᠬᠠᠷᠢᠭᠤᠴᠠᠯᠭ᠎ᠠ ᠶᠢᠨ ᠵᠦᠢᠯᠡᠰ      1. ᠢᠯᠡ ᠨᠡᠶᠢᠲᠡᠯᠡᠬᠦ ᠵᠠᠷᠯᠠᠯ ᠤᠨ ᠱᠠᠲᠤᠨ ᠳᠤ ᠬᠠᠷᠢᠭᠤᠴᠠᠯᠭ᠎ᠠ᠄ ᠵᠠᠷᠯᠠᠨ ᠮᠡᠳᠡᠭᠳᠡᠬᠦ ᠬᠡᠷᠡᠭᠲᠡᠶ ︵ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠢ ᠲᠠᠲᠠᠪᠤᠷᠢᠯᠠᠬᠤ ᠵᠣᠭᠤᠰ ᠤᠨ ᠲᠤᠭ᠎ᠠ᠂ ᠲᠠᠲᠠᠪᠤᠷᠢᠯᠠᠬᠤ ᠠᠷᠭ᠎ᠠ ᠮᠠᠶ᠋ᠢᠭ᠂ ᠭᠦᠢᠴᠡᠳᠬᠡᠬᠦ ᠴᠠᠭ ᠤᠨ ᠬᠢᠵᠠᠭᠠᠷ ᠪᠠ ᠰᠢᠢᠳᠪᠦᠷᠢᠯᠡᠬᠦ ᠠᠷᠭ᠎ᠠ ᠮᠠᠶ᠋ᠢᠭ ᠵᠢᠴᠢ ᠪᠤᠰᠤᠳ ᠠᠭᠤᠯᠭ᠎ᠠ ᠶᠢ ᠢᠯᠡ ᠨᠡᠶᠢᠲᠡᠯᠡᠬᠦ ᠬᠡᠷᠡᠭᠲᠡᠶ︶᠃      2. ᠬᠢᠨᠠᠨ ᠬᠠᠷᠭᠤᠭᠤᠯᠬᠤ ᠱᠠᠲᠤ ᠦᠶ᠎ᠡ ᠶᠢᠨ ᠬᠠᠷᠢᠭᠤᠴᠠᠯᠭ᠎ᠠ᠄ ᠣᠶ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠪᠠᠩᠬᠢ ᠶᠢᠨ ᠲᠠᠩᠰᠠᠨ ᠳᠤ ᠤᠷᠤᠭᠰᠠᠨ ᠮᠡᠳᠡᠭᠳᠡᠯ ᠪᠣᠯᠤᠨ ᠭᠠᠵᠠᠷ ᠬᠡᠷᠡᠭᠯᠡᠬᠦ ᠨᠢᠭᠡᠴᠢ ᠶᠢᠨ ᠬᠤᠯᠪᠣᠭᠳᠠᠯ ᠪᠦᠬᠦᠢ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ ᠬᠡᠷᠡᠭᠳᠡᠢ᠃      3. ᠲᠣᠭᠲᠠᠭᠠᠬᠤ ᠱᠠᠲᠤᠨ ᠤ ᠬᠠᠷᠢᠭᠤᠴᠠᠯᠭ᠎ᠠ᠄ ᠬᠢᠨᠠᠨ ᠪᠠᠶᠢᠴᠠᠭᠠᠭᠰᠠᠨ ᠲᠣᠭᠲᠠᠭᠠᠯ ᠭᠠᠷᠭᠠᠬᠤ ᠬᠡᠷᠡᠭᠲᠡᠶ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠵᠣᠭᠤᠰ ᠲᠤᠰᠢᠶᠠᠬᠤ ᠪᠢᠴᠢᠭ︾ ᠢ ᠪᠢᠴᠢᠵᠦ᠂ ᠣᠶ ᠰᠢᠭᠤᠶ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠢ ᠤᠷᠢᠳᠴᠢᠯᠠᠨ ᠬᠤᠷᠢᠶᠠᠬᠤ ᠬᠡᠷᠡᠭᠲᠡᠶ᠃ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠤᠯᠤᠭᠰᠠᠨ ᠲᠦᠷ ᠬᠡᠷᠡᠭᠯᠡᠬᠦ ᠰᠢᠭᠤᠶᠢᠲᠤ ᠭᠠᠵᠠᠷ ᠤᠨ ᠲᠥᠷᠥᠯ ᠵᠦᠢᠯ ᠤᠨ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠢ ᠴᠠᠭ ᠲᠤᠬᠠᠶ ᠳᠤᠨᠢ ᠬᠥᠮᠥᠷᠭᠡ ᠳᠤ ᠲᠤᠰᠢᠶᠠᠬᠤ ᠬᠡᠷᠡᠭᠲᠡᠶ︔ ᠰᠢᠭᠤᠶᠢᠲᠤ ᠭᠠᠵᠠᠷ ᠢ ᠳᠦᠷ ᠴᠠᠭ ᠬᠡᠷᠡᠭᠯᠡᠬᠦ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠵᠦᠢᠯᠡᠰ ᠤᠨ ᠵᠣᠭᠤᠰ ᠢ ᠲᠣᠭᠲᠠᠭᠠᠯ ᠶᠣᠰᠣᠭᠠᠷ ᠪᠤᠴᠠᠭᠠᠬᠤ ᠬᠡᠷᠡᠭᠲᠡᠶ᠃           4. ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠄ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠤᠨ ᠲᠤᠰᠬᠠᠶ ᠵᠣᠭᠤᠰ ᠢ ᠲᠤᠰᠬᠠᠶ ᠬᠡᠷᠡᠭᠯᠡᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠣᠳᠣ ᠲᠡᠷᠢᠵᠦ ᠣᠶᠢᠵᠢᠭᠤᠯᠬᠤ ᠶᠢ ᠨᠢᠭᠡᠳᠦᠯᠲᠡᠶ ᠲᠣᠬᠢᠷᠠᠭᠤᠯᠤᠨ᠎ᠠ᠂ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠂ ᠲᠤᠤᠷ᠎ᠠ ᠱᠠᠲᠤᠨ ᠤ ᠤᠢ ᠰᠢᠭᠤᠶ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠮᠣᠳᠣ ᠲᠡᠷᠢᠵᠦ ᠣᠶᠢᠵᠢᠭᠤᠯᠬᠤ᠂ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠵᠣᠬᠢᠶᠠᠨ ᠪᠠᠶᠢᠭᠤᠯᠵᠤ ᠪᠠᠶᠢᠭ᠎ᠠ ᠪᠠᠶᠢᠳᠠᠯ ᠢ ᠲᠤᠭᠳᠠᠭᠰᠠᠨ ᠬᠤᠭᠤᠴᠠᠭ᠎ᠠ ᠲᠠᠢ ᠪᠠᠷ ᠱᠠᠭᠠᠷᠳᠠᠨ ᠪᠠᠶᠢᠴᠠᠭᠠᠨ᠎ᠠ᠃      5. ᠪᠤᠰᠤᠳ ᠬᠠᠤᠯᠢ ᠴᠠᠭᠠᠵᠠ᠂ ᠬᠠᠤᠯᠢ ᠲᠦᠷᠢᠮ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠮᠥᠨ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠦᠨᠳᠦᠰᠦᠯᠡᠯ      1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠳᠥᠴᠢᠨ ᠵᠢᠷᠭᠤᠳᠤᠭᠠᠷ ᠵᠦᠢᠯ ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ᠂ ᠤᠢ ᠰᠢᠭᠤᠶ ᠶᠢ ᠬᠢᠨᠠᠨ ᠬᠠᠮᠢᠶᠠᠷᠬᠤ ᠠᠵᠢᠯ ᠬᠢᠵᠦ ᠪᠠᠶᠢᠭ᠎ᠠ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠡᠠ ᠪᠣᠯᠤᠨ ᠲᠦᠷᠦ ᠶᠢᠨ ᠪᠠᠶᠢᠭᠤᠯᠭ᠎ᠠ ᠶᠢᠨ ᠪᠤᠰᠤᠳ ᠬᠤᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃             2. ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ﹀ ᠶᠢ ᠬᠡᠷᠡᠭᠵᠢᠬᠦᠯᠬᠦ ᠠᠷᠭ᠎ᠠ︾ ᠶᠢᠨ ᠲᠠᠪᠢᠨ ᠨᠢᠭᠡᠳᠦᠭᠡᠷ ᠵᠦᠢᠯ ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠦᠷᠢᠴᠡᠭᠰᠡᠨ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号