ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠩ ᠤᠨ ᠬᠤᠷᠢᠭᠠᠲᠤ ᠣᠷᠣᠨ ᠳᠠᠬᠢ ᠤᠯᠤᠰ ᠤᠨ ᠪᠤᠶᠤ ᠣᠷᠣᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ ᠢ ᠡᠪᠳᠡᠭᠰᠡᠨ ᠪᠠᠶᠢᠳᠠᠯ ᠢ ᠰᠡᠷᠬᠦᠭᠡᠬᠦ
ᠨᠡᠶᠢᠲᠡᠯᠡᠭᠰᠡᠨ ᠴᠠᠭ᠄
2021/1/11
      ᠡᠷᠬᠡ ᠶᠢᠨ ᠨᠡᠷᠡᠶᠢᠳᠦᠯ     ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠩ ᠤᠨ ᠬᠤᠷᠢᠭᠠᠲᠤ ᠣᠷᠣᠨ ᠳᠠᠬᠢ ᠤᠯᠤᠰ ᠤᠨ ᠪᠤᠶᠤ ᠣᠷᠣᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ ᠢ ᠡᠪᠳᠡᠭᠰᠡᠨ ᠪᠠᠶᠢᠳᠠᠯ ᠢ ᠰᠡᠷᠬᠦᠭᠡᠬᠦ      ᠡᠷᠬᠡ ᠶᠢᠨ ᠲᠦᠷᠦᠯ ᠠᠩᠬᠢᠯᠠᠯ      ᠵᠠᠰᠠᠭ ᠵᠠᠬᠢᠷᠭᠠᠨ ᠤ ᠠᠯᠪᠠᠳᠠᠨ ᠬᠦᠢᠴᠡᠳᠬᠡᠬᠦ      ᠬᠠᠷᠢᠭᠤᠴᠠᠯᠭ᠎ᠠ ᠶᠢᠨ ᠭᠤᠣᠯ ᠴᠣᠭᠴᠠ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠤᠭᠳᠠᠭᠠᠭᠰᠠᠨ ᠦᠨᠳᠦᠰᠦᠯᠡᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢᠨ ᠭᠤᠴᠢᠨ ᠳᠥᠷᠪᠡᠳᠦᠭᠡᠷ ᠵᠤᠷᠪᠤᠰ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠩ ᠤᠨ ᠬᠤᠷᠢᠭᠠᠲᠤ ᠣᠷᠣᠨ ᠳᠠᠬᠢ ᠤᠯᠤᠰ ᠤᠨ ᠪᠤᠶᠤ ᠣᠷᠣᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ ᠢ ᠡᠪᠳᠡᠭᠰᠡᠨ ᠪᠠᠶᠢᠪᠠᠯ᠂ ᠡᠷᠬᠢᠯᠡᠨ ᠬᠠᠮᠢᠶᠠᠷᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠡᠪᠳᠡᠬᠦ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠤᠯ ᠪᠠᠶᠢᠳᠠᠯ ᠢ ᠰᠡᠷᠬᠦᠭᠡᠵᠦ᠂ ᠵᠣᠭᠤᠰ ᠢᠶᠠᠷ ᠲᠤᠷᠭᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠬᠠᠭᠤᠷᠠᠶ ᠶᠢᠨ ᠪᠠ ᠬᠡᠭᠡᠷ᠎ᠡ ᠶᠢᠨ ᠵᠡᠷᠯᠢᠭ ᠠᠮᠢᠳᠠᠠ ᠤ ᠬᠠᠮᠠᠭᠠᠯᠠᠯᠲᠠ ᠶᠢᠨ ᠬᠡᠷᠡᠭᠵᠢᠭᠦᠯᠬᠦ ᠲᠦᠷᠢᠮ︾ ᠤᠨ ᠭᠤᠴᠢᠨ ᠵᠢᠷᠭᠤᠳᠤᠭᠠᠷ ᠵᠤᠷᠪᠤᠰ᠄ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠲᠣᠭᠲᠠᠭᠠᠯ ᠠᠴᠠ ᠵᠥᠷᠢᠴᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠩ ᠤᠨ ᠬᠤᠷᠢᠭᠠᠲᠤ ᠣᠷᠣᠨ ᠳᠠᠬᠢ ᠤᠯᠤᠰ ᠤᠨ ᠪᠤᠶᠤ ᠣᠷᠣᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ ᠢ ᠡᠪᠳᠡᠭᠰᠡᠨ ᠪᠠᠶᠢᠪᠠᠯ᠂ ︽ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢᠨ ᠭᠤᠴᠢᠨ ᠳᠥᠷᠪᠡᠳᠦᠭᠡᠷ ᠵᠤᠷᠪᠤᠰ ᠤᠨ ᠲᠣᠭᠲᠠᠭᠠᠯ ᠶᠣᠰᠣᠭᠠᠷ ᠵᠣᠭᠤᠰ ᠢᠶᠠᠷ ᠲᠣᠷᠭᠠᠬᠤ ᠪᠠᠷ ᠰᠢᠳᠬᠡᠭᠰᠡᠨ ᠪᠠᠶᠢᠪᠠᠯ᠂ ᠡᠨᠡ ᠨᠢ ᠤᠤᠯ ᠤᠨ ᠪᠠᠶᠢᠳᠠᠯ ᠢ ᠨᠢ ᠰᠡᠷᠬᠦᠬᠡᠬᠦ ᠳᠤ ᠬᠡᠷᠡᠭᠰᠡᠭᠰᠡᠨ ᠵᠠᠷᠤᠳᠠᠯ ᠤᠨ ᠬᠢᠨᠢ ᠭᠤᠷᠪᠠᠨ ᠲᠠᠬᠢᠨ ᠠᠴᠠ ᠲᠤᠷᠤᠭᠰᠢ ᠪᠠᠷᠢᠮᠵᠢᠶ᠎ᠠ ᠶᠤᠰᠤᠭᠠᠷ ᠬᠡᠷᠡᠭᠵᠢᠬᠦᠯᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠩ ᠤᠨ ᠬᠤᠷᠢᠭᠠᠲᠤ ᠣᠷᠣᠨ ᠳᠤ ᠤᠯᠤᠰ ᠤᠨ ᠪᠤᠶᠤ ᠣᠷᠣᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠠᠮᠢᠳᠤᠷᠠᠵᠤ ᠦᠷᠡᠵᠢᠬᠦ ᠲᠠᠯᠠᠪᠤᠷ ᠪᠤᠰᠤ ᠭᠠᠵᠠᠷ ᠢ ᠡᠪᠳᠡᠭᠰᠡᠨ ᠪᠠᠶᠢᠪᠠᠯ᠂ ᠡᠷᠬᠢᠯᠡᠨ ᠬᠠᠮᠢᠶᠠᠷᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠡᠪᠳᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠤᠯ ᠤᠨ ᠪᠠᠶᠢᠳᠠᠯ ᠢ ᠰᠡᠷᠭᠦᠭᠡᠬᠦ ᠶᠢᠨ ᠬᠠᠮᠳᠤ ᠤᠤᠯ ᠤᠨ ᠪᠠᠶᠢᠳᠠᠯ ᠢ ᠨᠢ ᠰᠡᠷᠬᠦᠬᠡᠬᠦ ᠳᠤ ᠬᠡᠷᠡᠭᠰᠡᠬᠦ ᠵᠠᠷᠤᠳᠠᠯ ᠤᠨ ᠬᠢᠨᠢ ᠬᠤᠶᠠᠷ ᠲᠡᠬᠢᠠ ᠠᠴᠠ ᠲᠤᠷᠤᠭᠰᠢ ᠵᠣᠭᠤᠰ ᠢᠶᠠᠷ ᠲᠤᠷᠭᠠᠨ᠎ᠠ᠃      ᠬᠠᠷᠢᠭᠤᠴᠠᠯᠭ᠎ᠠ ᠶᠢᠨ ᠵᠦᠢᠯᠡᠰ       1. ᠬᠢᠨᠠᠨ ᠪᠠᠶᠢᠴᠠᠭᠠᠵᠤ ᠰᠢᠪᠠᠳᠠᠨ ᠮᠡᠳᠡᠭᠳᠡᠬᠦ ᠬᠠᠷᠢᠭᠤᠴᠠᠯᠭ᠎ᠠ᠄ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠂ ᠠᠩ ᠤᠨ ᠬᠤᠷᠢᠭᠠᠲᠤ ᠣᠷᠣᠨ ᠳᠠᠬᠢ ᠤᠯᠤᠰ ᠤᠨ ᠪᠤᠶᠤ ᠣᠷᠣᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ ᠢ ᠡᠪᠳᠡᠭᠰᠡᠨ ᠠᠵᠢᠯᠯᠠᠭ᠎ᠠ ᠶᠢ ᠬᠢᠨᠠᠨ ᠪᠠᠶᠢᠴᠠᠭᠠᠵᠤ ᠂ ᠲᠤᠬᠠᠶ ᠶᠢᠨ ᠬᠥᠮᠦᠨ ᠤ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠵᠢᠴᠢ ᠡᠳ᠋ᠯᠡᠬᠦ ᠶᠣᠰᠣᠲᠠᠶ ᠲᠣᠭᠠᠴᠢᠯᠲᠠ ᠬᠢᠬᠦ᠂ ᠵᠥᠪᠳᠡᠭᠡᠨ ᠲᠣᠳᠣᠷᠬᠠᠶᠢᠯᠠᠬᠤ ᠵᠡᠷᠭᠡ ᠡᠷᠬᠡ ᠶᠢ ᠮᠡᠳᠡᠭᠳᠡᠨ᠎ᠡ︔ ᠲᠤᠭᠳᠠᠭᠰᠠᠨ ᠬᠤᠭᠤᠴᠠᠭ᠎ᠠ ᠶᠣᠰᠣᠭᠠᠷ ᠡᠭᠦᠷᠭᠡ ᠪᠠᠨ ᠬᠦᠢᠴᠡᠳᠬᠡᠭᠰᠡᠨ ᠦᠭᠡᠢ ᠪᠠᠶᠢᠪᠠᠯ᠂ ᠰᠢᠪᠠᠳᠠᠨ ᠮᠡᠳᠡᠭᠳᠡᠬᠦ ᠪᠢᠴᠢᠭ ᠢ ᠵᠤᠬᠢᠶᠠᠬᠤ ᠶᠢᠨ ᠬᠠᠮᠳᠤ᠂ ᠢᠯᠠ ᠪᠠᠷ ᠵᠠᠷᠯᠠᠨ ᠨᠡᠶᠢᠳᠠᠯᠡᠨ᠎ᠡ᠃      2. ᠲᠣᠭᠲᠠᠭᠠᠬᠤ ᠬᠠᠷᠢᠭᠤᠴᠠᠯᠭ᠎ᠠ᠄ ᠲᠤᠬᠠᠶ ᠶᠢᠨ ᠬᠥᠮᠦᠨ ᠤ ᠰᠠᠨᠠᠯ ᠢ ᠭᠦᠢᠴᠡᠳ ᠰᠣᠨᠣᠰᠴᠤ᠂ ᠲᠤᠬᠠᠶ ᠶᠢᠨ ᠬᠥᠮᠦᠨ ᠤ ᠰᠠᠨᠠᠯ᠂ ᠲᠤᠬᠠᠶ ᠶᠢᠨ ᠬᠥᠮᠦᠨ ᠤ ᠳᠤᠷᠠᠳᠤᠭᠰᠠᠨ ᠪᠣᠳᠠᠲᠤ ᠬᠡᠷᠡᠭ᠂ ᠤᠴᠢᠷ ᠰᠢᠯᠲᠠᠭᠠᠨ ᠪᠠ ᠭᠡᠷᠡᠴᠢ ᠪᠠᠷᠢᠮᠲᠠ ᠶᠢ ᠲᠡᠮᠳᠡᠭᠯᠡᠨ ᠳᠠᠬᠢᠨ ᠬᠢᠨᠠᠵᠦ᠂ ᠠᠯᠪᠠᠳᠠᠨ ᠬᠦᠢᠴᠡᠳᠬᠡᠬᠦ ᠡᠰᠡᠬᠦ ᠲᠤᠬᠠᠶ ᠲᠣᠭᠲᠠᠭᠠᠯ ᠭᠠᠷᠭᠠᠵᠦ᠂ ᠵᠠᠰᠠᠭ ᠵᠠᠬᠢᠷᠭᠠᠨ ᠤ ᠠᠯᠪᠠᠳᠠᠨ ᠬᠦᠢᠴᠡᠳᠬᠡᠬᠦ ᠲᠣᠭᠲᠠᠭᠠᠯ ᠤᠨ ᠪᠢᠴᠢᠭ ᠵᠤᠬᠢᠶᠠᠨ᠎ᠠ᠃      3. ᠬᠡᠷᠡᠭᠵᠢᠬᠦᠯᠬᠦ ᠬᠠᠷᠢᠭᠤᠴᠠᠯᠭ᠎ᠠ᠄ ᠬᠠᠤᠯᠢ ᠬᠡᠷᠡᠭᠵᠢᠭᠦᠯᠬᠦ ᠪᠢᠴᠢᠭ ᠮᠠᠲ᠋ᠧᠷᠢᠶᠠᠯ ᠢ ᠬᠦᠷᠭᠡᠵᠦ᠂ ᠠᠯᠪᠠᠲᠠᠨ ᠬᠦᠢᠴᠡᠳᠬᠡᠬᠦᠯᠬᠦ ᠪᠤᠶᠤ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ ᠭᠤᠷᠪᠠᠳᠠᠬᠢ ᠬᠥᠮᠦᠨ ᠳᠤ ᠨᠠᠶᠢᠳᠠᠵᠤ ᠣᠷᠣᠯᠠᠨ ᠬᠦᠢᠴᠡᠳᠬᠡᠬᠦᠯᠬᠦ ᠶᠢ ᠬᠡᠷᠡᠭᠵᠢᠬᠦᠯᠦᠨ᠎ᠡ᠃      4. ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠄ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠩ ᠤᠨ ᠬᠤᠷᠢᠭᠠᠲᠤ ᠣᠷᠣᠨ ᠳᠠᠬᠢ ᠤᠯᠤᠰ ᠤᠨ ᠪᠤᠶᠤ ᠣᠷᠣᠨ ᠨᠤᠲᠤᠭ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠠᠮᠢᠳᠤᠷᠠᠵᠤ ᠦᠷᠡᠵᠢᠬᠦ ᠲᠠᠯᠠᠪᠤᠷ ᠭᠠᠵᠠᠷ ᠤᠨ ᠡᠪᠳᠡᠭᠰᠡᠨ ᠪᠠᠶᠢᠳᠠᠯ ᠤᠨ ᠤᠤᠯ ᠪᠠᠶᠢᠳᠠᠯ ᠤᠨ ᠰᠡᠷᠬᠦᠯᠳᠡ ᠶᠢᠨ ᠪᠠᠶᠢᠳᠠᠯ ᠢ ᠪᠠᠶᠢᠴᠠᠭᠠᠨ᠎ᠠ᠃      5. ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠬᠠᠷᠢᠭᠤᠴᠠᠯᠭ᠎ᠠ ᠶᠢ ᠬᠦᠢᠴᠡᠳᠬᠡᠨ᠎ᠡ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ᠶᠢᠨ ᠵᠢᠷᠠᠨ ᠨᠢᠭᠡᠳᠦᠭᠡᠷ ᠵᠤᠷᠪᠤᠰ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠬᠦ ᠳᠤ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠳᠡᠭᠡᠷ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠤᠯᠪᠣᠭᠳᠠᠯ ᠪᠦ᠋ᠬᠦᠢ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠄ ︵ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠪᠠᠶᠢᠬᠤ ᠦᠭᠡᠢ︔ ︵ᠬᠤᠶᠠᠷ︶ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠳᠡᠭᠡᠳ᠂ ᠨᠥᠬᠦᠴᠡᠯ ᠂ ᠠᠷᠭ᠎ᠠ ᠮᠠᠶ᠋ᠢᠭ ᠢ ᠬᠤᠪᠢᠷᠠᠭᠤᠯᠤᠭᠰᠠᠨ︔ ︵ᠭᠤᠷᠪᠠ︶ ᠬᠠᠤᠯᠢ ᠳᠤ ᠲᠣᠭᠲᠠᠭᠠᠭᠰᠠᠨ ᠵᠢᠷᠤᠮ ᠢ ᠵᠥᠷᠢᠴᠡᠨ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠦᠭᠰᠡᠨ︔ ︵ᠳᠦᠷᠪᠡ︶ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠰᠥᠨᠢ ᠲᠤᠮᠳᠠ ᠪᠤᠶᠤ ᠬᠠᠤᠯᠢ ᠳᠤ ᠲᠣᠭᠲᠠᠭᠠᠭᠰᠠᠨ ᠪᠠᠶᠠᠷ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ ᠵᠠᠰᠠᠭ ᠵᠠᠬᠢᠷᠭᠠᠨ ᠤ ᠠᠯᠪᠠᠳᠠᠨ ᠬᠦᠢᠴᠡᠳᠬᠡᠬᠦ ᠶᠢ ᠬᠡᠷᠡᠭᠵᠢᠭᠦᠯᠦᠭᠰᠡᠨ︔ ︵ᠲᠠᠪᠤ︶ ᠰᠠᠭᠤᠭᠠᠯᠢ ᠠᠷᠠᠳ ᠤᠨ ᠠᠮᠢᠳᠤᠷᠠᠯ ᠤᠨ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠦᠷᠭᠡᠬᠦ᠂ ᠰᠢᠳᠠᠮᠠᠬᠠᠢ ᠬᠡᠢ ᠬᠠᠩᠭᠠᠬᠤ ᠶᠢ ᠵᠤᠭᠰᠤᠭᠠᠬᠤ ᠵᠡᠷᠭᠡ ᠠᠷᠭ᠎ᠠ ᠮᠠᠶ᠋ᠢᠭ ᠢᠶᠠᠷ ᠲᠤᠬᠠᠶ ᠶᠢᠨ ᠬᠥᠮᠦᠨ ᠢ ᠰᠢᠬᠠᠮᠳᠠᠭᠤᠯᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠲᠣᠭᠲᠠᠭᠠᠯ ᠢ ᠬᠦᠢᠴᠡᠳᠬᠡᠬᠦᠯᠬᠦ︔ ︵ᠵᠢᠷᠭᠤᠭ᠎ᠠ︶ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠦᠭᠰᠡᠨ ᠪᠤᠰᠤᠳ ᠪᠠᠶᠢᠳᠠᠯ᠃ ᠵᠢᠷᠠᠨ ᠬᠤᠶᠠᠳᠤᠭᠠᠷ ᠵᠤᠷᠪᠤᠰ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠤᠯᠪᠣᠭᠳᠠᠯ ᠪᠦ᠋ᠬᠦᠢ ᠰᠠᠯᠠᠭ᠎ᠠ ᠮᠥᠴᠢᠷ ᠠᠴᠠ ᠵᠠᠷᠯᠢᠭᠳᠠᠨ ᠵᠠᠯᠷᠠᠭᠤᠯᠤᠭᠤᠯᠵᠦ᠂ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠬᠤ ᠬᠥᠮᠦᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ᠄ ︵ᠨᠢᠭᠡ︶ ᠪᠠᠶᠢᠴᠠᠭᠠᠨ ᠪᠢᠲᠡᠭᠦᠮᠵᠢᠯᠡᠭᠰᠡᠨ᠂ ᠪᠠᠷᠢᠴᠠᠭᠠᠨ ᠳᠤ ᠦᠯᠡᠳᠡᠭᠡᠬᠦ᠂ ᠴᠡᠪᠳᠡᠭᠯᠡᠬᠦ ᠬᠦᠷᠢᠶ᠎ᠡ ᠬᠡᠪᠴᠢᠶ᠎ᠡ ᠶᠢ ᠦᠷᠬᠡᠳᠭᠡᠭᠰᠡᠨ ︔ ︵ᠬᠤᠶᠠᠷ︶ ᠪᠢᠲᠡᠭᠦᠮᠵᠢᠯᠡᠭᠰᠡᠨ᠂ ᠳᠠᠷᠤᠵᠤ ᠠᠪᠤᠭᠰᠠᠨ ᠲᠠᠯᠠᠪᠤᠷ᠂ ᠲᠥᠬᠦᠭᠡᠷᠦᠮᠵᠢ ᠪᠤᠶᠤ ᠡᠳ᠋ ᠪᠣᠳᠠᠰ ᠢ ᠬᠡᠷᠡᠭᠯᠡᠭᠰᠡᠨ ᠪᠤᠶᠤ ᠡᠪᠳᠡᠯᠡᠵᠦ ᠰᠦᠢᠳᠬᠡᠭᠰᠡᠨ︔ ︵ᠭᠤᠷᠪᠠ︶ ᠬᠠᠤᠯᠢ ᠳᠤ ᠲᠣᠭᠲᠠᠭᠠᠭᠰᠠᠨ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ ᠬᠤᠭᠤᠴᠠᠭᠠᠨ ᠳᠤ ᠰᠢᠶ᠋ᠳᠪᠦᠷᠢᠯᠡᠬᠦ ᠲᠣᠭᠲᠠᠭᠠᠯ ᠭᠠᠷᠭᠠᠭᠰᠠᠨ ᠦᠭᠡᠢ ᠪᠤᠶᠤ ᠬᠠᠤᠯᠢ ᠶᠣᠰᠣᠭᠠᠷ ᠴᠠᠭ ᠲᠤᠬᠠᠢ ᠳᠤᠨᠢ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ ᠶᠢ ᠬᠦᠴᠦᠨ ᠦᠭᠡᠢ ᠪᠣᠯᠭᠠᠭᠰᠠᠨ ᠦᠭᠡᠢ︔ ︵ᠳᠥᠷᠪᠡ︶ ᠬᠠᠤᠯᠢ ᠳᠤ ᠲᠣᠭᠲᠠᠭᠠᠭᠰᠠᠨ ᠬᠠᠳᠠᠭᠠᠯᠠᠮᠵᠢ᠂ ᠭᠤᠪᠢᠭᠤᠯᠭ᠎ᠠ ᠶᠢᠨ ᠵᠣᠭᠤᠰ ᠢ ᠴᠡᠪᠳᠡᠭᠯᠡᠬᠦ ᠬᠤᠭᠤᠴᠠᠭᠠᠨ ᠳᠤ ᠰᠢᠶ᠋ᠳᠪᠦᠷᠢᠯᠡᠬᠦ ᠲᠣᠭᠲᠠᠭᠠᠯ ᠭᠠᠷᠭᠠᠭᠰᠠᠨ ᠦᠭᠡᠢ ᠪᠤᠶᠤ ᠴᠡᠪᠳᠡᠭᠯᠡᠯ ᠢ ᠴᠠᠭ ᠲᠤᠬᠠᠶ ᠳᠤᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠭᠰᠠᠨ ᠦᠭᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号