ᠬᠤᠪᠣᠷ ᠴᠤᠬᠠᠭ ᠤᠢ ᠮᠣᠳᠣ ᠶᠢ ᠬᠠᠤᠯᠢ ᠪᠤᠰᠤ ᠪᠠᠷ ᠠᠷᠠᠯᠵᠢᠶᠠᠯᠠᠬᠤ᠂ ᠬᠤᠳᠠᠯᠳᠤᠨ ᠣᠷᠣᠭᠤᠯᠬᠤ᠂ ᠪᠤᠯᠪᠠᠰᠤᠷᠠᠭᠤᠯᠬᠤ ᠶᠢ ᠰᠢᠳᠬᠡᠬᠦ
ᠨᠡᠶᠢᠲᠡᠯᠡᠭᠰᠡᠨ ᠴᠠᠭ᠄
2021/1/11
      ᠡᠷᠬᠡ ᠶᠢᠨ ᠨᠡᠷᠡᠶᠢᠳᠤᠯ    ᠬᠤᠪᠣᠷ ᠴᠤᠬᠠᠭ ᠤᠢ ᠮᠣᠳᠣ ᠶᠢ ᠬᠠᠤᠯᠢ ᠪᠤᠰᠤ ᠪᠠᠷ ᠠᠷᠠᠯᠵᠢᠶᠠᠯᠠᠬᠤ᠂ ᠬᠤᠳᠠᠯᠳᠤᠨ ᠣᠷᠣᠭᠤᠯᠬᠤ᠂ ᠪᠤᠯᠪᠠᠰᠤᠷᠠᠭᠤᠯᠬᠤ ᠶᠢ ᠰᠢᠳᠬᠡᠬᠦ      ᠡᠷᠬᠡ ᠶᠢᠨ ᠲᠥᠷᠥᠯ ᠠᠩᠬᠢᠯᠠᠯ    ᠵᠠᠰᠠᠭ ᠵᠠᠬᠢᠷᠭᠠᠨ ᠤ ᠰᠢᠳᠬᠡᠯᠲᠡ      ᠬᠠᠷᠢᠭᠤᠴᠠᠯᠭ᠎ᠠ ᠶᠢᠨ ᠭᠤᠣᠯ ᠴᠣᠭᠴᠠ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠪᠠ ᠨᠤᠳᠤᠭ ᠪᠡᠯᠴᠢᠭᠡᠷ ᠤᠨ ᠲᠤᠪᠴᠢᠶ᠎ᠠ      ᠲᠤᠭᠳᠠᠭᠠᠭᠰᠠᠨ ᠦᠨᠳᠦᠰᠦ ᠪᠠᠷᠢᠮᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠣᠷ ᠴᠤᠬᠠᠭ ᠤᠢ ᠮᠣᠳᠣ ᠶᠢ ᠬᠠᠮᠠᠭᠠᠯᠠᠬᠤ ᠳᠦᠷᠢᠮ︾ ᠤᠨ ᠬᠤᠷᠢᠳᠤᠭᠠᠷ ᠵᠦᠢᠯ ᠤᠨ ᠨᠢᠭᠡᠳᠦᠭᠡᠷ ᠵᠤᠷᠪᠤᠰ ᠄ ᠳᠤᠰ ᠳᠦᠷᠢᠮ ᠤᠨ ᠲᠣᠭᠲᠠᠭᠠᠯ ᠢ ᠵᠥᠷᠢᠴᠡᠵᠦ ᠬᠤᠪᠣᠷ ᠴᠤᠬᠠᠭ ᠤᠢ ᠮᠣᠳᠣ ᠶᠢ ᠪᠤᠷᠤᠯᠠᠭᠤᠯᠵᠦ᠂ ᠬᠤᠳᠠᠯᠳᠤᠨ ᠤᠷᠤᠭᠤᠯᠵᠦ ᠪᠤᠯᠪᠠᠰᠤᠷᠠᠭᠤᠯᠤᠭᠰᠠᠨ ᠪᠠᠶᠢᠪᠠᠯ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠤᠪᠣᠷ ᠴᠤᠬᠠᠭ ᠤᠢ ᠮᠣᠳᠣ ᠪᠠ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠵᠤ ᠠᠪᠬᠤ ᠶᠢᠨ ᠬᠠᠮᠳᠤ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠶᠢᠨ ᠬᠢᠨᠢ ᠬᠤᠶᠠᠷ ᠠᠴᠠ ᠠᠷᠪᠠᠨ ᠲᠡᠬᠢᠠ ᠵᠣᠭᠤᠰ ᠢᠶᠠᠷ ᠲᠤᠷᠭᠠᠨ᠎ᠠ᠃      ᠬᠠᠷᠢᠭᠤᠴᠠᠯᠭ᠎ᠠ ᠶᠢᠨ ᠵᠦᠢᠯᠡᠰ 1. ᠬᠡᠷᠡᠭ ᠪᠣᠯᠭᠠᠨ ᠳᠠᠩᠰᠠᠯᠠᠬᠤ ᠬᠠᠷᠢᠭᠤᠴᠠᠯᠭ᠎ᠠ᠄ ᠡᠬᠦᠷᠭᠡ ᠲᠤᠰᠢᠶᠠᠯ ᠬᠦᠢᠴᠡᠳᠬᠡᠬᠦ ᠶᠢᠨ ᠳᠠᠭᠠᠤ ᠳᠤ ᠤᠯᠵᠦ ᠮᠡᠳᠡᠭᠰᠡᠨ ᠪᠤᠶᠤ ᠢᠯᠡᠴᠢᠯᠡᠨ ᠮᠡᠳᠡᠬᠦᠯᠦᠯᠳᠠ᠂ ᠵᠠᠭᠠᠯᠳᠤᠯᠭ᠎ᠠ᠂ ᠰᠢᠯᠵᠢᠭᠦᠯᠦᠨ ᠬᠦᠷᠭᠡᠭᠰᠡᠨ᠂ ᠳᠡᠭᠡᠷ᠎ᠡ ᠱᠠᠲᠤᠨ ᠳᠤ ᠲᠤᠰᠢᠶᠠᠨ ᠰᠢᠢᠳᠪᠦᠷᠢᠯᠡᠭᠦᠯᠦᠭᠰᠡᠨ᠂ ᠰᠠᠨᠠᠭᠠᠴᠢᠯᠠᠭ᠎ᠠ ᠠᠴᠠ ᠪᠠᠨ ᠮᠡᠳᠡᠬᠦᠯᠦᠭᠰᠡᠨ ᠵᠡᠷᠭᠡ ᠤᠢ ᠰᠢᠭᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠦᠷᠢᠴᠡᠭᠰᠡᠨ ᠬᠠᠦᠯᠢ ᠪᠤᠰᠤ ᠦᠢᠯᠡ ᠠᠵᠢᠯᠯᠠᠭ᠎ᠠ ᠶᠢ ᠬᠦᠯᠢᠶᠠᠨ ᠠᠪᠤᠭᠰᠠᠨ ᠪᠠᠶᠢᠪᠠᠯ᠂ ᠬᠢᠨᠠᠨ ᠪᠠᠶᠢᠴᠠᠭᠠᠵᠦ ᠬᠡᠷᠡᠭ ᠪᠣᠯᠭᠠᠨ ᠳᠠᠩᠰᠠᠯᠠᠬᠤ ᠡᠰᠡᠬᠦ ᠪᠠᠨ ᠲᠤᠭᠳᠠᠭᠠᠨ᠎ᠠ᠃ 2. ᠪᠠᠶᠢᠴᠠᠭᠠᠬᠤ ᠬᠠᠷᠢᠭᠤᠴᠠᠯᠭ᠎ᠠ᠄ ᠬᠡᠷᠡᠭ ᠤᠨ ᠳᠠᠩᠰᠠᠯᠠᠯᠳᠠ ᠶᠢ ᠲᠤᠰᠬᠠᠶ ᠬᠥᠮᠦᠨ ᠢᠶᠠᠷ ᠬᠠᠷᠢᠭᠤᠴᠠᠭᠤᠯᠵᠦ᠂ ᠴᠠᠭ  ᠲᠤᠬᠠᠶ ᠳᠤᠨᠢ ᠪᠠᠶᠢᠴᠠᠭᠠᠨ ᠭᠡᠷᠡᠴᠢ ᠠᠪᠴᠤ᠂ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ᠂ ᠲᠤᠬᠠᠶ ᠶᠢᠨ ᠬᠥᠮᠦᠨ ᠤ ᠵᠦᠪᠳᠡᠭᠡᠨ ᠲᠣᠭᠠᠴᠢᠯᠲᠠ ᠶᠢ ᠰᠣᠨᠣᠰᠬᠤ ᠪᠥᠭᠡᠳ ᠲᠡᠮᠳᠡᠭᠯᠡᠯ ᠬᠢᠨ᠎ᠡ᠃ ᠬᠠᠤᠯᠢ ᠬᠡᠷᠡᠭᠵᠢᠭᠦᠯᠬᠦ ᠠᠵᠢᠯᠲᠠᠨ ᠬᠤᠯᠪᠣᠭᠳᠠᠯ ᠪᠦᠬᠦᠢ ᠨᠢᠭᠤᠴᠠ ᠶᠢ ᠬᠠᠮᠠᠭᠠᠯᠠᠨ᠎ᠠ᠃ 3. ᠬᠢᠨᠠᠨ ᠪᠠᠶᠢᠴᠠᠭᠠᠬᠤ ᠬᠠᠷᠢᠭᠤᠴᠠᠯᠭ᠎ᠠ᠄ ᠬᠠᠤᠯᠢ ᠠᠴᠠ ᠵᠥᠷᠢᠴᠡᠭᠰᠡᠨ ᠪᠣᠳᠠᠲᠤ ᠪᠠᠶᠢᠳᠠᠯ᠂ ᠭᠡᠷᠡᠴᠢ ᠪᠠᠷᠢᠮᠲᠠ᠂ ᠭᠡᠷᠡᠴᠢ ᠠᠪᠬᠤ ᠵᠢᠷᠤᠮ᠂ ᠬᠠᠤᠯᠢ ᠴᠠᠭᠠᠵᠠ ᠶᠢᠨ ᠲᠤᠬᠢᠷᠠᠯᠲᠠ᠂ ᠰᠢᠳᠭᠡᠯ ᠤᠨ ᠲᠥᠷᠥᠯ ᠵᠦᠢᠯ ᠪᠤᠯᠤᠨ ᠦᠷᠭᠡᠴᠡ᠂ ᠲᠤᠬᠠᠶ ᠶᠢᠨ ᠬᠥᠮᠦᠨ ᠤ ᠲᠣᠭᠠᠴᠢᠯᠲᠠ ᠬᠢᠬᠦ ᠪᠠ ᠵᠥᠪᠲᠦᠭᠡᠨ ᠲᠣᠳᠣᠷᠬᠠᠶᠢᠯᠠᠬᠤ ᠤᠴᠢᠷ ᠰᠢᠯᠲᠠᠭᠠᠨ ᠵᠡᠷᠭᠡ ᠶᠢ ᠬᠢᠨᠠᠨ ᠪᠠᠶᠢᠴᠠᠭᠠᠵᠤ᠂ ᠰᠢᠢᠳᠪᠦᠷᠢᠯᠡᠬᠦ ᠰᠠᠨᠠᠯ ᠢᠶᠠᠨ ᠲᠤᠷᠠᠳᠤᠨ᠎ᠠ᠃ 4. ᠮᠡᠳᠡᠭᠳᠡᠬᠦ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠭᠠᠷᠭᠠᠬᠤ ᠠᠴᠠ ᠡᠮᠦᠨ᠎ᠡ᠂ ᠲᠤᠬᠠᠶ ᠶᠢᠨ ᠬᠥᠮᠦᠨ ᠳᠤ ᠬᠠᠤᠯᠢ ᠶᠢ ᠵᠥᠷᠢᠴᠡᠭᠰᠡᠨ ᠪᠣᠳᠠᠲᠤ ᠬᠡᠷᠡᠭ᠂ ᠤᠴᠢᠷ ᠰᠢᠯᠲᠠᠭᠠᠨ ᠪᠠ ᠦᠨᠳᠦᠰᠦ ᠪᠠᠷᠢᠮᠲᠠ ᠵᠢᠴᠢ ᠲᠣᠭᠠᠴᠢᠯᠲᠠ ᠬᠢᠬᠦ ᠡᠷᠬᠡ ᠪᠠ ᠵᠥᠪᠲᠦᠭᠡᠨ ᠲᠣᠳᠣᠷᠬᠠᠶᠢᠯᠠᠬᠤ ᠡᠷᠬᠡ ᠶᠢ ᠪᠢᠴᠢᠭ ᠢᠶᠠᠷ ᠮᠡᠳᠡᠭᠳᠡᠨ᠎ᠡ᠃ ᠰᠠᠨᠠᠯ ᠰᠣᠨᠣᠰᠬᠤ ᠨᠥᠬᠦᠴᠡᠯ ᠳᠤ ᠨᠡᠶᠢᠴᠡᠭᠰᠡᠳ ᠲᠤ ᠲᠡᠭᠦᠨ ᠤ ᠬᠡᠷᠡᠴᠢᠯᠡᠭᠡ ᠰᠤᠨᠤᠰᠬᠤ ᠡᠷᠬᠡ ᠶᠢ ᠮᠡᠳᠡᠭᠳᠡᠬᠦ ᠬᠡᠷᠡᠭᠳᠡᠢ᠂ ᠭᠡᠷᠡᠴᠢᠯᠡᠭᠡ ᠰᠣᠨᠣᠰᠬᠤ ᠪᠠᠷ ᠱᠠᠭᠠᠷᠳᠠᠭᠰᠠᠳ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ ᠭᠡᠷᠡᠴᠢᠯᠡᠭᠡ ᠰᠤᠨᠤᠰᠤᠭᠤᠯᠬᠤ ᠬᠡᠷᠡᠭᠲᠡᠶ᠃ 5. ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠷᠢᠭᠤᠴᠠᠯᠭ᠎ᠠ᠄ ᠴᠢᠬᠤᠯᠠ ᠶᠡᠭᠡ ᠵᠠᠰᠠᠭ ᠵᠠᠬᠢᠷᠭᠠᠨ ᠤ ᠰᠢᠳᠬᠡᠯ ᠥᠭᠭᠦᠭᠰᠡᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠲᠤ ᠪᠠᠷ ᠶᠠᠷᠢᠯᠴᠠᠵᠤ᠂ ᠰᠢᠳᠬᠡᠨ ᠲᠣᠷᠭᠠᠬᠤ ᠪᠣᠳᠠᠲᠠᠶ ᠠᠭᠤᠯᠭ᠎ᠠ ᠶᠢ ᠲᠤᠭᠳᠠᠭᠠᠨ᠎ᠠ᠃ 6. ᠬᠠᠷᠢᠭᠤᠴᠠᠯᠭ᠎ᠠ ᠲᠣᠭᠲᠠᠭᠠᠨ᠎ᠠ᠄ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠢ ᠵᠤᠬᠢᠶᠠᠵᠦ᠂ ᠵᠠᠰᠠᠭ ᠵᠠᠬᠢᠷᠭᠠᠨ ᠤ ᠰᠢᠳᠬᠡᠯ ᠤᠨ ᠮᠡᠳᠡᠭᠳᠡᠯ ᠂ ᠲᠤᠬᠠᠶ ᠶᠢᠨ ᠬᠥᠮᠦᠨ ᠤ ᠲᠣᠭᠠᠴᠢᠭᠰᠠᠨ ᠵᠥᠪᠲᠡᠭᠡᠨ ᠲᠤᠳᠤᠷᠬᠠᠶᠢᠯᠠᠯ ᠪᠤᠶᠤ ᠭᠡᠷᠡᠴᠢᠯᠡᠭᠡ ᠰᠤᠨᠤᠰᠤᠭᠰᠠᠨ ᠪᠠᠶᠢᠳᠠᠯ ᠵᠡᠷᠭᠡ ᠠᠭᠤᠯᠭ᠎ᠠ ᠶᠢ ᠲᠣᠳᠣᠷᠬᠠᠶ ᠲᠡᠮᠳᠡᠭᠯᠡᠨ᠎ᠡ᠃ 7. ᠬᠦᠷᠭᠡᠬᠦ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠳᠬᠡᠯ ᠤᠨ ᠲᠣᠭᠲᠠᠭᠠᠯ ᠤᠨ ᠪᠢᠴᠢᠭ ᠢ ᠬᠠᠤᠯᠢ ᠴᠠᠭᠠᠵᠠ ᠳᠤ ᠲᠣᠭᠲᠠᠭᠠᠭᠰᠠᠨ ᠠᠷᠭ᠎ᠠ ᠮᠠᠶ᠋ᠢᠭ ᠢᠶᠠᠷ ᠲᠤᠬᠠᠶ ᠶᠢᠨ ᠬᠥᠮᠦᠨ ᠳᠤ ᠬᠦᠷᠭᠡᠨ᠎ᠡ᠃ 8. ᠭᠦᠢᠴᠡᠳᠬᠡᠬᠦ ᠬᠠᠷᠢᠭᠤᠴᠠᠯᠭ᠎ᠠ᠄ ᠬᠦᠴᠦᠨ ᠪᠦᠬᠦᠢ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠤᠨ ᠶᠣᠰᠣᠭᠠᠷ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠬᠠᠤᠯᠢ ᠠᠴᠠ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ᠂ ᠵᠣᠭᠤᠰ ᠢᠶᠠᠷ ᠲᠣᠷᠭᠠᠬᠤ ᠵᠡᠷᠭᠡ ᠰᠢᠳᠬᠡᠯ ᠥᠭᠬᠦ ᠵᠦᠢᠯᠡᠰ ᠢ ᠲᠣᠳᠣᠷᠬᠠᠶᠢᠯᠠᠭᠰᠠᠨ ᠪᠠᠶᠢᠬᠤ ᠬᠡᠷᠡᠭᠲᠡᠶ᠃ 9. ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠤᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ᠃      ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠦᠨᠳᠦᠰᠦᠯᠡᠯ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠬᠠᠤᠯᠢ︾ ᠶᠢᠨ ᠬᠤᠷᠢ ᠶᠢᠰᠦᠳᠦᠭᠡᠷ ᠵᠤᠷᠪᠤᠰ  ᠬᠡᠭᠡᠷ᠎ᠡ ᠶᠢᠨ ᠤᠷᠭᠤᠮᠠᠯ ᠢ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ︔ ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠶᠢᠨ ᠳᠥᠴᠢᠨ ᠵᠢᠷᠭᠤᠳᠤᠭᠠᠷ ᠵᠤᠷᠪᠤᠰ ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ᠂ ᠤᠢ ᠰᠢᠭᠤᠶ ᠶᠢ ᠬᠢᠨᠠᠨ ᠬᠠᠮᠢᠶᠠᠷᠬᠤ ᠠᠵᠢᠯ ᠬᠢᠵᠦ ᠪᠠᠶᠢᠭ᠎ᠠ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠠᠵᠢᠯᠳᠡᠠ ᠪᠣᠯᠤᠨ ᠲᠦᠷᠦ ᠶᠢᠨ ᠪᠠᠶᠢᠭᠤᠯᠭ᠎ᠠ ᠶᠢᠨ ᠪᠤᠰᠤᠳ ᠬᠤᠯᠪᠣᠭᠳᠠᠯ ᠪᠦᠬᠦᠢ ᠠᠵᠢᠯᠳᠡᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ ᠶᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ︔ ᠬᠠᠷᠠᠬᠠᠨ ᠶᠠᠯ᠎ᠠ ᠪᠣᠯᠵᠥ ᠪᠦᠷᠢᠯᠳᠦᠭᠰᠡᠨ ᠥᠭᠡᠢ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号