ᠵᠡᠭᠦᠨ ᠦᠵᠦᠮᠦᠴᠢᠨ ᠪᠤᠭᠤᠮᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠰᠠᠶᠢᠲᠦᠷ ᠬᠢᠵᠦ ᠪᠤᠢ
ᠨᠡᠶᠢᠲᠡᠯᠡᠭᠰᠡᠨ ᠴᠠᠭ᠄
2021/1/20
      ᠵᠡᠭᠦᠨ ᠬᠠᠲᠠᠪᠴᠢ ᠬᠢᠯᠢ ᠪᠣᠭᠤᠮᠲᠠ ᠨᠢ ᠮᠠᠨ ᠤ ᠬᠤᠰᠢᠭᠤᠨ ᠳᠤ ᠪᠠᠶᠢᠷᠢᠯᠠᠵᠤ᠂ ᠮᠣᠩᠭᠤᠯ ᠤᠯᠤᠰ ᠤᠨ ᠪᠢᠴᠢᠭᠲᠦ ᠪᠣᠭᠤᠮᠲᠠ ᠲᠠᠢ ᠬᠥᠷᠰᠢᠯᠡᠵᠦ ᠪᠠᠶᠢᠳᠠᠭ᠃ ᠬᠦᠢᠳᠡᠨ ᠤᠷᠤᠰᠬᠠᠯ ᠤᠨ ᠨᠦᠯᠦᠭᠡ ᠪᠠᠷ᠂ ᠤᠶᠢᠷ᠎ᠠ ᠶᠢᠨ ᠳᠤ ᠠᠳᠡᠬᠢ ᠬᠠᠮᠤᠭ ᠤᠨ ᠳᠣᠤᠷ᠎ᠠ ᠠᠭᠠᠷ ᠤᠨ ᠳᠤᠯᠠᠭᠠᠨ ᠨᠢ  30℃ ᠠᠴᠠ ᠳᠣᠷᠣᠭᠰᠢ ᠪᠤᠯᠵᠠᠢ᠃ ᠵᠡᠭᠦᠨ ᠦᠵᠦᠮᠦᠴᠢᠨ ᠪᠣᠭᠤᠮᠲᠠ ᠨᠢ ᠦᠷᠭᠦᠯᠵᠢᠯᠡᠭᠰᠡᠨ ᠬᠦᠢᠲᠡᠨ ᠠᠭᠤᠷ ᠠᠮᠢᠰᠬᠤᠯ ᠤᠨ ᠳᠤᠮᠳᠠ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠠᠲᠠᠭᠤ ᠰᠢᠯᠭᠠᠯᠲᠠ ᠳᠤ ᠲᠤᠯᠭᠠᠷᠠᠭᠰᠠᠨ ᠪᠠᠶᠢᠨ᠎ᠠ᠃      ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠵᠡᠭᠦᠨ ᠦᠵᠦᠮᠦᠴᠢᠨ ᠪᠣᠭᠤᠮᠲᠠ ᠨᠢ ᠴᠠᠭ ᠠᠭᠤᠷ ᠤᠨ ᠪᠠᠶᠢᠳᠠᠯ ᠢ  ᠰᠠᠶᠢᠲᠤᠷ ᠠᠩᠬᠠᠷᠴᠤ᠂ ᠲᠤᠬᠠᠶᠢᠯᠠᠭᠰᠠᠨ ᠠᠵᠢᠯ ᠤᠨ ᠲᠤᠬᠠᠶ ᠶᠢᠨ ᠲᠠᠯᠠᠪᠠᠶ ᠶᠢᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ᠂ ᠠᠷᠢᠭᠤᠳᠬᠠᠨ ᠨᠡᠪᠲᠡᠷᠡᠬᠦ ᠵᠠᠮ ᠢ ᠳᠤᠯᠠᠭᠠᠯᠠᠬᠤ᠂ ᠳᠤᠯᠠᠭᠠᠯᠠᠭ᠎ᠠ ᠶᠢᠨ ᠲᠥᠬᠦᠭᠡᠷᠦᠮᠵᠢ ᠶᠢ ᠠᠮᠤᠷ ᠲᠦᠪᠰᠢᠨ ᠢᠶᠠᠷ ᠬᠡᠷᠡᠭᠯᠡᠬᠦ᠂ ᠬᠠᠬᠢᠷ ᠬᠦᠢᠲᠡᠨ ᠢ ᠰᠡᠷᠭᠡᠶᠢᠯᠡᠬᠦ ᠵᠡᠷᠭᠡ ᠠᠰᠠᠭᠤᠳᠠᠯ ᠳᠤ ᠠᠮᠤᠷ ᠲᠦᠪᠰᠢᠨ ᠤ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠣᠶᠢᠴᠢᠵᠤ ᠰᠢᠷᠬᠠᠲᠤᠬᠤ᠂ ᠬᠥᠯᠳᠡᠵᠦ ᠰᠢᠷᠬᠠᠲᠤᠬᠤ᠂ ᠶᠠᠭᠤᠮ᠎ᠠ ᠤᠨᠠᠬᠤ ᠵᠡᠷᠭᠡ ᠰᠠᠨᠠᠭᠠᠨ ᠳᠤ ᠥᠬᠡᠶ ᠪᠠᠶᠢᠳᠠᠯ ᠭᠠᠷᠬᠤ ᠠᠴᠠ ᠵᠠᠶᠢᠯᠠᠰᠬᠢᠵᠠᠢ᠃ ᠪᠠᠲᠤᠯᠠᠭ᠎ᠠ ᠶᠢᠨ ᠡᠷᠴᠢᠮ ᠢᠶᠠᠨ ᠲᠡᠭᠦᠯᠳᠡᠷᠵᠢᠭᠦᠯᠵᠦ᠂ ᠨᠢᠭᠡᠳᠦᠭᠡᠷ ᠹᠷᠣᠨᠲ ᠤᠨ ᠪᠣᠭᠤᠮᠲᠠ ᠶᠢᠨ ᠠᠵᠢᠯᠲᠠᠨ ᠢ ᠬᠠᠯᠠᠮᠵᠢᠯᠠᠨ ᠬᠠᠷᠠᠭᠠᠯᠵᠠᠬᠤ ᠪᠠᠨ ᠦᠷᠭᠦᠯᠵᠢᠯᠡᠨ ᠴᠢᠩᠭᠠᠳᠬᠠᠵᠤ᠂ ᠡᠪᠦᠯ ᠤᠨ ᠤᠯᠠᠷᠢᠯ ᠤᠨ ᠬᠦᠢᠲᠡᠨ ᠢ ᠰᠡᠷᠭᠡᠶᠢᠯᠡᠬᠦ᠂ ᠳᠤᠯᠠᠭᠠᠯᠠᠬᠤ ᠡᠳ᠋ ᠪᠣᠳᠠᠰ ᠵᠢᠴᠢ ᠡᠯ᠎ᠡ ᠲᠥᠷᠥᠯ ᠤᠨ ᠡᠮ ᠤᠨ ᠵᠦᠢᠯᠡᠰ ᠢ ᠤᠷᠢᠳᠴᠢᠯᠠᠨ  ᠲᠤᠬᠢᠷᠠᠭᠤᠯᠵᠠᠢ᠃      ᠵᠡᠭᠦᠨ ᠦᠵᠦᠮᠦᠴᠢᠨ ᠪᠣᠭᠤᠮᠲᠠ ᠨᠢ ᠪᠣᠭᠤᠮᠲᠠ ᠶᠢᠨ ᠶᠡᠷᠦᠩᠬᠡᠶ ᠵᠠᠬᠢᠷᠭ᠎ᠠ᠂ ᠬᠥᠬᠡᠬᠤᠲᠠ ᠪᠣᠭᠤᠮᠲᠠ ᠶᠢᠨ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠣᠰᠣᠭᠠᠷ ᠬᠢᠵᠢᠭ ᠢ ᠪᠠᠶᠢᠴᠠᠭᠠᠬᠤ᠂ ᠲᠡᠷᠭᠡ ᠬᠥᠰᠬᠡ ᠶᠢ ᠠᠷᠢᠭᠤᠳᠬᠠᠬᠤ ᠵᠢᠴᠢ ᠬᠤᠪᠢ ᠬᠥᠮᠦᠨ ᠢ ᠰᠡᠷᠭᠡᠶᠢᠯᠡᠨ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠥᠷᠨᠢᠭᠦᠯᠵᠦ᠂ ᠬᠠᠬᠢᠷ ᠬᠦᠢᠲᠡᠨ ᠠᠭᠤᠷ ᠠᠮᠢᠰᠬᠤᠯ ᠳᠠᠬᠢ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠵᠢᠷᠤᠮᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠨᠢᠭᠡᠳᠦᠭᠡᠷ ᠹᠷᠣᠨᠲ ᠤᠨ ᠪᠣᠭᠤᠮᠲᠠ ᠶᠢᠨ ᠠᠵᠢᠯᠲᠠᠨ ᠤ ᠠᠵᠢᠯ ᠠᠮᠢᠳᠤᠷᠠᠯ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠵᠠᠢ᠃      ᠤᠯᠤᠰ ᠤᠨ ᠡᠭᠦᠳᠡ ᠠᠴᠠ ᠤᠶᠢᠷᠠᠬᠠᠨ ᠪᠠᠶᠢᠭ᠎ᠠ ᠬᠢᠵᠢᠭ ᠰᠢᠯᠭᠠᠨ ᠪᠠᠶᠢᠴᠠᠭᠠᠬᠤ ᠭᠠᠵᠠᠷ ᠲᠤ᠂ ᠰᠡᠷᠭᠡᠶᠢᠯᠡᠨ ᠡᠵᠡᠮᠳᠡᠬᠦ ᠠᠵᠢᠯᠲᠠᠳ ᠥᠪᠴᠢ ᠵᠡᠪᠰᠡᠭᠯᠡᠵᠦ᠂ ᠭᠡᠷ ᠳᠣᠳᠣᠷ᠎ᠠ ᠵᠥᠪᠬᠡᠨ 16 ᠠᠴᠠ 18 ᠭᠷᠠᠳᠦ᠋ᠰ ᠤᠨ ᠳᠣᠣᠷ᠎ᠠ ᠳᠤᠯᠠᠭᠠᠨ ᠳᠤ᠂ ᠲᠡᠳᠡ ᠴᠢᠷᠮᠠᠶᠢᠨ ᠠᠵᠢᠯᠯᠠᠵᠤ᠂ ᠬᠢᠯᠢ ᠪᠠᠷ ᠣᠷᠣᠵᠤ ᠢᠷᠡᠭᠰᠡᠨ ᠬᠥᠮᠦᠰ ᠢ ᠬᠦᠯᠢᠴᠡᠩᠭᠦᠢ ᠪᠠᠷ ᠰᠠᠶᠢᠲᠤᠷ ᠠᠷᠢᠭᠤᠳᠬᠠᠨ ᠪᠦᠷᠢᠳᠬᠡᠬᠦ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠬᠢᠵᠦ ᠪᠠᠶᠢᠯ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠳᠠᠯ ᠳᠣᠤᠷ᠎ᠠ᠂ ᠵᠡᠭᠦᠨ ᠦᠵᠦᠮᠦᠴᠢᠨ ᠪᠣᠭᠤᠮᠲᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠵᠤ᠂ ᠳᠣᠲᠣᠭᠠᠳᠤ ᠳᠠᠭᠠᠨ ᠲᠠᠰᠤᠷᠠᠯᠲᠠ ᠥᠬᠡᠶ ᠳᠠᠪᠲᠠᠨ ᠪᠣᠯᠪᠠᠰᠤᠷᠠᠭᠤᠯᠵᠤ᠂ ᠭᠠᠳᠠᠭᠠᠳᠤ ᠳᠤ ᠣᠷᠣᠨ ᠪᠦᠰᠡ ᠶᠢᠨ ᠴᠢᠨᠠᠷᠲᠠᠶ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭᠠᠳᠬᠠᠨ᠂ ᠬᠢᠯᠢ ᠶᠢᠨ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠵᠦ ᠪᠣᠶ᠂ ᠲᠠᠳᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠤᠯᠤᠰ ᠤᠨ ᠡᠭᠦᠳᠡ ᠶᠢᠨ ︽ᠰᠠᠬᠢᠨ ᠬᠠᠮᠠᠭᠠᠯᠠᠭᠴᠢ︾ ᠮᠥᠨ ᠂ ᠲᠡᠳᠡᠨ ᠤ ᠪᠠᠲᠤ ᠰᠠᠬᠢᠬᠤ ᠵᠣᠷᠢᠭ ᠰᠠᠨᠠᠭ᠎ᠠ ᠲᠠᠯ᠎ᠠ ᠨᠤᠲᠤᠭ ᠤᠨ ᠭᠦᠨ ᠳᠤ ᠰᠢᠨ᠎ᠡ ᠴᠠᠭ ᠦᠶ᠎ᠡ ᠶᠢᠨ ᠬᠡᠷᠡᠯ ᠭᠢᠯᠪᠠᠭ᠎ᠠ ᠶᠢ ᠰᠠᠴᠤᠷᠠᠭᠤᠯᠵᠤ ᠶᠠᠪᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号