ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠣᠬᠠᠢ ᠰᠦᠯᠵᠢᠶᠡᠨ ᠳᠡᠭᠡᠷ᠎ᠡ ᠴᠤᠤᠷᠬᠠᠯ ᠲᠠᠷᠬᠠᠭᠠᠭᠰᠠᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2021/1/21
      2021 ᠣᠨ ᠤ 1 ᠰᠠᠷ᠎ᠠ ᠶᠢᠨ 19 ᠤ ᠡᠳᠦᠷ ᠤᠨ 10 ᠴᠠᠭ ᠲᠤ᠂ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠢᠯᠡᠴᠢᠯᠡᠨ  ᠮᠡᠳᠡᠬᠦᠯᠦᠭᠰᠡᠨ ᠢᠶᠠᠷ᠄ ᠨᠢᠭᠡ ᠬᠦᠮᠦᠨ ᠸᠢᠴᠠᠲ ᠬᠤᠯᠪᠣᠭ᠎ᠠ ᠳᠤ ︽ᠪᠠᠷᠠᠭᠤᠨ ᠦᠵᠦᠮᠦᠴᠢᠨ ᠬᠤᠰᠢᠭᠤᠨ ᠤ ᠲᠦᠷᠢᠶᠡᠰᠦᠨ ᠮᠠᠰᠢᠨ ᠬᠦᠶᠦᠵᠣ ᠪᠠᠶᠢᠭ᠎ᠠ ᠸᠠᠩ ᠣᠪᠣᠭᠲᠤ᠂ ᠮᠠ ᠣᠪᠣᠭᠲᠤ ︵ᠡᠷ᠎ᠡ ᠡᠮ᠎ᠡ ᠬᠤᠶᠠᠭᠤᠯᠠ︶ ᠱᠢ ᠵᠢᠶᠠ ᠵᠣᠸᠠᠩ ᠠᠴᠠ ︿ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠲᠡᠨ﹀ ᠢ ᠳᠡᠭᠡᠭᠡᠵᠣ ᠦᠩᠭᠡᠷᠡᠪᠡ᠂ ᠣᠯᠠᠨ ᠢᠶᠠᠷ ᠢᠶᠠᠨ ᠠᠩᠬᠠᠷᠤᠭᠠᠷᠠᠶ᠂ ᠣᠲᠣ ᠡᠨᠡ ᠬᠤᠶᠠᠷ ᠬᠥᠮᠦᠨ ᠢ ᠨᠡᠬᠡᠮᠵᠢᠯᠡᠨ ᠪᠠᠶᠢᠴᠠᠭᠠᠵᠤ ᠪᠠᠶᠢᠨ᠎ᠠ᠂ ᠡᠨᠡ ᠬᠤᠶᠠᠷ ᠬᠥᠮᠦᠨ ᠪᠣᠯ ᠪᠣᠣᠴᠠᠩ ᠤᠨ ᠳᠧᠦ ᡁᠢ ᠵᠢᠶᠠᠨ ᠲᠣᠰᠬᠤᠨ ᠤ ᠬᠥᠮᠦᠨ ᠮᠥᠨ᠂ ᠣᠲᠣ ᠪᠠᠷᠠᠭᠤᠨ ᠦᠵᠦᠮᠦᠴᠢᠨ ᠬᠤᠰᠢᠭᠤᠨ ᠳᠤ ᠰᠠᠭᠤᠵᠤ ᠪᠠᠶᠢᠨ᠎ᠠ︾ ᠬᠡᠵᠣ ᠴᠣᠣᠷᠬᠠᠯ ᠲᠠᠷᠬᠠᠭᠠᠪᠠ᠃      ᠲᠣᠰ ᠡᠳᠦᠷ ᠤᠨ 11 ᠴᠠᠭ 30 ᠮᠢᠨᠦ᠋ᠲ ᠲᠤ᠂ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠬᠠᠤᠯᠢ ᠶᠣᠰᠣᠭᠠᠷ ᠴᠣᠣᠷᠬᠠᠯ  ᠭᠠᠷᠭᠠᠭᠰᠠᠨ ᠭᠦᠸᠧ ᠣᠪᠣᠭᠲᠤ ︵67 ᠨᠠᠰᠤᠲᠠᠶ︶ ᠶᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠳᠠᠭᠤᠳᠠᠨ ᠪᠠᠶᠢᠴᠠᠭᠠᠪᠠ᠃ ᠪᠠᠶᠢᠴᠠᠭᠠᠭᠰᠠᠨ ᠢᠶᠠᠷ᠂ 2021 ᠣᠨ ᠤ 1 ᠰᠠᠷ᠎ᠠ ᠶᠢᠨ 17 ᠤ ᠡᠳᠦᠷ᠂ ᠭᠦᠸᠧ ᠣᠪᠣᠭᠲᠤ ᠨᠢ ᠲᠡᠬᠦᠨ ᠤ ᠭᠡᠷᠭᠡᠢ ᠪᠣᠯᠤᠨ ᠥᠬᠢᠨ ᠳᠡᠭᠦᠤ ᠬᠠᠨ ᠣᠪᠣᠭᠲᠤ ︵ᠣᠲᠣ ᠲᠠᠶᠢᠪᠤᠰᠧ ᠬᠤᠰᠢᠭᠤᠨ ᠳᠤ ᠰᠠᠭᠤᠵᠤ ᠪᠠᠶᠢᠨ᠎ᠠ︶ ᠶᠢᠨ ᠢᠶᠠᠨ ᠸᠢᠴᠠᠲ ᠪᠠᠷ ᠳᠡᠭᠡᠷ᠎ᠡ ᠳᠤᠷᠠᠳᠤᠭᠰᠠᠨ ᠠᠭᠤᠯᠭ᠎ᠠ ᠶᠢ ᠶᠠᠷᠢᠯᠴᠠᠵᠣ ᠪᠠᠶᠢᠬᠤ ᠶᠢ ᠰᠣᠨᠣᠰᠣᠭᠠᠳ᠂ ᠣᠯᠠᠨ ᠳᠤ ᠰᠠᠨᠠᠭᠤᠯᠬᠤ ᠵᠣᠷᠢᠯᠭ᠎ᠠ ᠠᠴᠠ ᠦᠨᠡᠨ ᠬᠤᠳᠠᠯ ᠢ ᠨᠢ ᠬᠢᠨᠠᠨ ᠬᠠᠷᠭᠤᠭᠤᠯᠤᠭᠰᠠᠨ ᠥᠬᠡᠶ ᠪᠠᠷ ᠲᠣᠰ ᠠᠭᠤᠯᠭ᠎ᠠ ᠶᠢ 499 ᠬᠥᠮᠦᠨ ᠲᠠᠢ ᠸᠢᠴᠠᠲ ᠬᠤᠯᠪᠣᠭ᠎ᠠ ᠳᠤ ᠳᠠᠮᠵᠢᠭᠤᠯᠪᠠ᠃      ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠣᠯᠭᠤᠬᠤ ᠬᠠᠤᠯᠢ︾ ᠶᠢᠨ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠭᠦᠸᠧ ᠣᠪᠣᠭᠲᠤ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠣᠯᠭᠤᠪᠠ᠃      ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠥᠷᠭᠡᠨ ᠣᠯᠠᠨ ᠰᠠᠭᠤᠭᠠᠯᠢ ᠠᠷᠠᠳ ᠤᠨ ᠬᠠᠤᠯᠢ ᠴᠠᠭᠠᠵᠠ ᠲᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠣᠮᠯᠠᠵᠣ᠂ ᠲᠤᠬᠠᠶ ᠶᠢᠨ ᠭᠠᠵᠠᠷ ᠤᠨ ᠵᠢᠯᠣᠭᠤᠳᠬᠤ ᠬᠡᠯᠳᠡᠰ ᠤᠨ ᠵᠠᠷᠯᠠᠯ ᠪᠠᠷ ᠪᠠᠷᠢᠮᠵᠢᠶ᠎ᠠ ᠪᠣᠯᠭᠠᠵᠣ᠂  ᠴᠤᠤᠷᠬᠠᠯ ᠭᠠᠷᠭᠠᠬᠤ ᠥᠬᠡᠶ᠂ ᠴᠤᠤᠷᠬᠠᠯ ᠲᠠᠷᠬᠠᠭᠠᠬᠤ ᠥᠬᠡᠶ᠂ ᠴᠤᠤᠷᠬᠠᠯ ᠢ ᠢᠲᠡᠭᠡᠬᠦ ᠥᠬᠡᠶ ᠪᠠᠶᠢᠵᠤ᠂ ᠰᠡᠷᠭᠡᠶᠢᠯᠡᠨ ᠡᠵᠡᠮᠳᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠳᠠᠭᠠᠨ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠪᠠᠨ ᠬᠠᠩᠭᠠᠵᠤ᠂ ᠪᠡᠶ᠎ᠡ ᠶᠢᠨ ᠲᠣᠯᠠᠭᠠᠨ ᠢᠶᠠᠨ ᠬᠡᠮᠵᠢᠬᠦᠯᠦᠨ᠂ ᠰᠢᠨᠵᠢᠯᠡᠬᠦ ᠤᠬᠠᠭᠠᠨᠴᠢ ᠪᠠᠷ ᠠᠮᠠᠪᠴᠢ ᠪᠠᠨ ᠵᠡᠭᠦᠵᠦ᠂ ᠭᠠᠷ ᠢᠶᠠᠨ ᠦᠷᠭᠦᠯᠵᠢ ᠣᠬᠢᠶᠠᠨ᠂ ᠦᠷᠭᠦᠯᠵᠢ ᠰᠠᠯᠬᠢ ᠨᠡᠪᠲᠡᠷᠡᠭᠦᠯᠵᠦ᠂ ᠨᠢᠭᠡ ᠮᠧᠲᠷ ᠤᠨ ᠠᠮᠤᠷ ᠲᠥᠪᠰᠢᠨ ᠤ ᠵᠠᠢ ᠶᠢ ᠪᠠᠳᠣᠯᠠᠵᠣ᠂ ᠴᠣᠭᠯᠠᠷᠠᠵᠣ ᠪᠦᠭᠡᠮᠨᠡᠷᠡᠬᠦ ᠦᠭᠡᠢ᠂ ᠡᠷᠡᠭᠦᠯ ᠴᠢᠭᠢᠷᠠᠭ᠂ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠣᠶ ᠪᠣᠯᠭᠠᠬᠤ ᠶᠢ ᠬᠦᠰᠡᠵᠦ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号