ᠴᠠᠭᠠᠨ ᠰᠠᠷ᠎ᠠ ᠶᠢᠨ ᠬᠤᠭᠤᠴᠠᠭᠠᠨ ᠳᠤ ᠬᠥᠮᠦᠰ ᠤᠨ ᠭᠠᠳᠠᠭᠰᠢ ᠭᠠᠷᠬᠤ ᠬᠤᠯᠪᠣᠭᠳᠠᠯ ᠪᠦᠬᠦᠢ ᠵᠦᠢᠯᠡᠰ ᠢ ᠲᠣᠳᠣᠷᠬᠠᠶᠢᠯᠠᠬᠤ ᠲᠤᠬᠠᠶ ᠵᠡᠭᠦᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/1/29
                       〔2021〕3 ᠲᠣᠭᠠᠲᠤ      ᠬᠠᠪᠤᠷ ᠤᠨ ᠤᠯᠠᠷᠢᠯ ᠤᠨ ᠬᠥᠮᠦᠰ ᠤᠨ ᠭᠠᠳᠠᠭᠰᠢ ᠭᠠᠷᠬᠤ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠥᠮᠦᠰ ᠤᠨ ᠭᠠᠳᠠᠭᠰᠢ ᠭᠠᠷᠬᠤ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ 1 ᠰᠠᠷ᠎ᠠ ᠶᠢᠨ 27  ᠎ ᠤ ᠡᠳᠦᠷ ᠳᠠᠷᠤᠮᠠᠯᠯᠠᠨ ᠲᠠᠷᠬᠠᠭᠠᠭᠰᠠᠨ《ᠴᠠᠭᠠᠨ ᠰᠠᠷ᠎ᠠ ᠶᠢᠨ ᠲᠡᠭᠡᠭᠡᠪᠦᠷᠢ ᠶᠢᠨ ᠬᠤᠭᠤᠴᠠᠭᠠᠨ ᠳᠤ ᠭᠠᠳᠠᠭᠰᠢ ᠭᠠᠷᠬᠤ ᠬᠦᠮᠦᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠠᠵᠢᠯ ᠢ ᠡᠮᠬᠢ ᠵᠢᠷᠤᠮ ᠲᠠᠢ ᠰᠠᠶᠢᠲᠤᠷ ᠬᠢᠬᠦ ᠲᠤᠬᠠᠶ ᠮᠡᠳᠡᠭᠳᠡᠯ》᠎ ᠤᠨ ᠱᠠᠭᠠᠷᠳᠠᠯᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠪᠣᠳᠠᠲᠠᠶ ᠲᠣᠬᠢᠷᠠᠭᠤᠯᠤᠯᠲᠠ ᠶᠣᠰᠣᠭᠠᠷ᠂ ᠣᠲᠣ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠥᠮᠦᠰ ᠤᠨ ᠭᠠᠳᠠᠭᠰᠢ ᠭᠠᠷᠬᠤ ᠬᠤᠯᠪᠣᠭᠳᠠᠯ ᠪᠥᠬᠦᠶ ᠠᠵᠢᠯ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠲᠦᠭᠰᠢᠭᠦᠷᠢ ᠪᠠᠭ᠎ᠠ ᠭᠠᠵᠠᠷ ᠣᠷᠣᠨ ᠤ ᠬᠥᠮᠦᠰ ᠤᠨ ᠭᠠᠳᠠᠭᠰᠢ ᠭᠠᠷᠬᠤ ᠱᠠᠭᠠᠷᠳᠠᠯᠭ᠎ᠠ᠄  14 ᠡᠳᠦᠷ ᠤᠨ ᠳᠣᠲᠣᠷ᠎ᠠ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠰᠠᠭᠤᠯᠭᠠᠬᠤ᠂ ᠠᠮᠲᠠ ᠶᠢᠨ ᠰᠡᠷᠡᠯ ᠮᠠᠭᠤᠳᠠᠬᠤ ᠵᠡᠷᠭᠡ  ᠪᠠᠶᠢᠳᠠᠯ ᠢᠯᠡᠷᠡᠪᠡᠯ᠂ ᠴᠢᠬᠤᠯᠠ ᠥᠬᠡᠶ ᠪᠣᠯ ᠠᠯᠢ ᠴᠢᠳᠠᠬᠤ ᠪᠠᠷ ᠭᠠᠳᠠᠭᠰᠢ ᠭᠠᠷᠬᠤ ᠦᠭᠡᠢ ᠪᠠᠶᠢᠬᠤ ᠬᠡᠷᠡᠭᠲᠡᠶ᠃ ᠲᠦᠭᠰᠢᠭᠦᠷᠢ ᠪᠠᠭ᠎ᠠ ᠭᠠᠵᠠᠷ ᠣᠷᠣᠨ ᠤ ᠭᠠᠳᠠᠭᠠᠳᠤ ᠠᠴᠠ ᠣᠷᠣᠭᠤᠯᠤᠭᠰᠠᠨ ᠬᠦᠯᠳᠡᠭᠡᠭᠰᠡᠨ ᠢᠳᠡᠭᠡᠨ ᠤ ᠠᠵᠢᠯ ᠡᠷᠭᠢᠯᠡᠭᠰᠡᠳ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠣᠭᠰᠠᠨ ᠪᠠᠷᠠᠭ᠎ᠠ ᠲᠠᠢ ᠰᠢᠭᠤᠳ ᠬᠦᠷᠦᠯᠴᠡᠬᠦ ᠠᠵᠢᠯ ᠡᠷᠭᠢᠯᠡᠭᠰᠡᠳ᠂ ᠲᠤᠰᠠᠭᠠᠷᠯᠠᠬᠤ ᠭᠠᠵᠠᠷ ᠤᠨ ᠠᠵᠢᠯᠲᠠᠨ ᠵᠡᠷᠭᠡ ᠭᠤᠤᠯᠳᠠᠯᠭ᠎ᠠ ᠲᠠᠢ ᠬᠥᠮᠦᠰ ᠮᠤᠵᠢ ᠠᠯᠣᠰᠯᠠᠨ ᠶᠠᠪᠣᠬᠤ ᠴᠢᠬᠤᠯᠠᠲᠠᠶ ᠵᠢᠴᠢ ᠮᠤᠵᠢ ᠠᠯᠤᠰᠯᠠᠨ ᠨᠤᠲᠤᠭ ᠲᠠᠭᠠᠨ ᠪᠤᠴᠠᠭᠰᠠᠳ 7 ᠡᠳᠦᠷ ᠤᠨ ᠳᠤᠲᠤᠷᠠᠬᠢ ᠪᠥᠭᠡᠮ ᠬᠦᠴᠢᠯ ᠤᠨ ᠪᠠᠶᠢᠴᠠᠭᠠᠯᠲᠡ ᠨᠢ ᠪᠢᠯᠢᠭ ᠴᠢᠨᠠᠷ ᠲᠠᠢ ᠭᠡᠷᠡᠴᠢ ᠪᠠᠶᠢᠬᠤ ᠬᠡᠷᠡᠭᠲᠡᠶ᠃ ᠪᠤᠰᠤᠳ ᠬᠥᠮᠦᠰ ᠡᠷᠡᠭᠦᠯ ᠮᠡᠨᠳᠦ ᠶᠢᠨ ᠺᠣᠳ᠋ ᠤᠨ《 ᠨᠣᠭᠤᠭᠠᠨ ᠺᠣᠳ᠋ 》᠎ ᠲᠠᠢ᠂ ᠪᠡᠶ᠎ᠡ ᠶᠢᠨ ᠳᠤᠯᠠᠭᠠᠨ ᠨᠢ ᠬᠡᠪ ᠤᠨ ᠪᠥᠭᠡᠳ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠪᠡᠯ ᠡᠮᠬᠢ ᠵᠢᠷᠤᠮ ᠲᠠᠢ ᠪᠠᠷ ᠶᠠᠪᠤᠵᠤ ᠰᠠᠭᠤᠵᠣ ᠪᠣᠯᠣᠨ᠎ᠠ᠃ ᠬᠡᠷᠪᠡ ᠴᠢᠬᠤᠯᠠ ᠥᠬᠡᠶ ᠪᠣᠯ᠂ ᠲᠦᠭᠰᠢᠭᠦᠷᠢ ᠪᠠᠭ᠎ᠠ ᠭᠠᠵᠠᠷ ᠣᠷᠣᠨ ᠤ ᠬᠥᠮᠦᠰ ᠳᠤᠮᠳᠠ᠂ ᠦᠨᠳᠦᠷ ᠳᠡᠰ ᠤᠨ ᠲᠦᠭᠰᠢᠭᠦᠷᠢᠲᠡᠶ ᠭᠠᠵᠠᠷ ᠣᠷᠣᠨ ᠳᠤ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃      ᠬᠤᠶᠠᠷ᠂ ᠳᠤᠮᠳᠠ᠂ ᠥᠨᠳᠥᠷ ᠳᠡᠰ ᠤᠨ ᠲᠦᠭᠰᠢᠭᠦᠷᠢᠲᠡᠶ ᠭᠠᠵᠠᠷ ᠣᠷᠣᠨ ᠤ ᠬᠥᠮᠦᠰ ᠤᠨ ᠭᠠᠳᠠᠭᠰᠢ ᠭᠠᠷᠬᠤ ᠱᠠᠭᠠᠷᠳᠠᠯᠭ᠎ᠠ᠄  ᠦᠨᠳᠦᠷ ᠳᠡᠰ ᠤᠨ ᠲᠦᠭᠰᠢᠭᠦᠷᠢᠲᠡᠶ ᠭᠠᠵᠠᠷ ᠣᠷᠣᠨ ᠤ ᠬᠥᠮᠦᠰ ᠪᠤᠶᠤ ᠣᠶᠢᠷ᠎ᠠ ᠶᠢᠨ 14 ᠡᠳᠦᠷ ᠤᠨ ᠳᠣᠲᠣᠷ᠎ᠠ ᠦᠨᠳᠦᠷ ᠳᠡᠰ ᠤᠨ ᠲᠦᠭᠰᠢᠭᠦᠷᠢᠲᠡᠶ ᠭᠠᠵᠠᠷ ᠣᠷᠣᠨ ᠳᠤ ᠵᠢᠭᠤᠯᠴᠢᠯᠠᠭᠰᠠᠨ ᠲᠡᠦᠬᠡ ᠲᠠᠢ ᠬᠥᠮᠦᠰ ᠴᠠᠭᠠᠨ ᠰᠠᠷ᠎ᠠ ᠶᠢᠨ ᠬᠤᠭᠤᠴᠠᠭᠠᠨ ᠳᠤ ᠭᠠᠳᠠᠭᠰᠢ ᠭᠠᠷᠴᠣ ᠪᠣᠯᠬᠤ ᠥᠬᠡᠶ᠃ ᠳᠤᠮᠳᠠ ᠳᠡᠰ ᠤᠨ ᠲᠦᠭᠰᠢᠭᠦᠷᠢᠲᠡᠶ ᠭᠠᠵᠠᠷ ᠣᠷᠣᠨ ᠤ ᠬᠥᠮᠦᠰ ᠪᠤᠶᠤ ᠣᠶᠢᠷ᠎ᠠ ᠶᠢᠨ 14 ᠡᠳᠦᠷ ᠤᠨ ᠳᠣᠲᠣᠷ᠎ᠠ ᠳᠤᠮᠳᠠ ᠳᠡᠰ ᠤᠨ ᠎ ᠶᠢᠨ ᠲᠦᠭᠰᠢᠭᠦᠷᠢᠲᠡᠶ ᠭᠠᠵᠠᠷ ᠣᠷᠣᠨ ᠳᠤ ᠵᠢᠭᠤᠯᠴᠢᠯᠠᠭᠰᠠᠨ ᠲᠡᠦᠬᠡ ᠲᠠᠢ ᠬᠥᠮᠦᠰ ᠴᠠᠭᠠᠨ ᠰᠠᠷ᠎ᠠ ᠶᠢᠨ ᠲᠡᠭᠡᠭᠡᠪᠦᠷᠢ ᠎ ᠶᠢᠨ ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠭᠠᠳᠠᠭᠰᠢ ᠭᠠᠷᠴᠦ ᠪᠣᠯᠬᠤ ᠥᠬᠡᠶ︔ ᠦᠨᠡᠬᠡᠷ ᠭᠠᠳᠠᠭᠰᠢ ᠭᠠᠷᠬᠤ ᠴᠢᠬᠤᠯᠠᠲᠠᠢ ᠪᠣᠯ ᠡᠷᠬᠡᠪᠰᠢ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠲᠡᠰ ᠢᠶᠠᠷ ᠵᠥᠪᠰᠢᠶᠡᠷᠡᠭᠦᠯᠬᠦ ᠶᠢᠨ ᠬᠠᠮᠲᠤ 72 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠢ᠃ ᠳᠤᠮᠳᠠ᠂ ᠦᠨᠳᠦᠷ ᠳᠡᠰ ᠤᠨ ᠲᠦᠭᠰᠢᠭᠦᠷᠢᠲᠡᠶ ᠭᠠᠵᠠᠷ ᠣᠷᠣᠨ ᠪᠠᠶᠢᠭ᠎ᠠ ᠬᠤᠲᠡ ᠶᠢᠨ ᠪᠣᠰᠣᠳ ᠬᠥᠮᠦᠰ ᠴᠠᠭᠠᠨ ᠰᠠᠷ᠎ᠠ ᠶᠢᠨ ᠬᠤᠭᠤᠴᠠᠭᠠᠨ ᠳᠤ ᠮᠤᠵᠢ ᠠᠯᠣᠰᠯᠠᠨ ᠶᠠᠪᠣᠬᠤ ᠎ ᠳᠤ ᠡᠷᠬᠡᠪᠰᠢ 7 ᠡᠳᠦᠷ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠃      ᠭᠤᠷᠪᠠ᠂ ᠡᠯ᠎ᠡ ᠬᠠᠷᠢᠶ᠎ᠠ ᠭᠠᠵᠠᠷ ᠣᠷᠣᠨ ᠵᠢᠴᠢ ᠰᠠᠯᠠᠭ᠎ᠠ ᠮᠥᠴᠢᠷ ᠤᠨ ᠱᠠᠭᠠᠷᠳᠠᠯᠭ᠎ᠠ  ᠄  ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤᠯᠠᠨ ᠲᠦᠮᠡᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠲᠤᠬᠠᠢ ᠎ ᠶᠢᠨ ᠭᠠᠵᠠᠷ ᠲᠠᠭᠠᠨ ᠰᠢᠨᠡᠯᠡᠬᠦ᠂ ᠴᠢᠬᠤᠯᠠ ᠦᠭᠡᠢ ᠪᠣᠯ ᠭᠠᠳᠠᠭᠰᠢ ᠭᠠᠷᠬᠤ ᠦᠬᠡᠢ᠂ ᠤᠯᠤᠰ ᠤᠨ ᠳᠣᠲᠣᠭᠠᠳᠤ ᠶᠢᠨ ᠳᠤᠮᠳᠠ᠂ ᠦᠨᠳᠦᠷ ᠳᠡᠰ ᠤᠨ ᠲᠦᠭᠰᠢᠭᠦᠷᠢᠲᠡᠶ ᠭᠠᠵᠠᠷ ᠣᠷᠣᠨ ᠵᠢᠴᠢ ᠭᠠᠳᠠᠭᠠᠳᠤ ᠳᠤ ᠭᠠᠷᠬᠤ ᠦᠬᠡᠢ ᠪᠠᠶᠢᠬᠤ ᠶᠢ ᠢᠳᠡᠪᠬᠢᠲᠡᠢ ᠰᠠᠨᠠᠭᠠᠴᠢᠯᠠᠬᠤ ᠬᠡᠷᠡᠭᠲᠡᠢ᠃ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠦᠢᠯᠡᠳᠪᠦᠷᠢᠯᠡᠯ᠂ ᠠᠵᠢᠯ ᠤᠨ ᠬᠡᠷᠡᠭᠴᠡᠭᠡ ᠪᠣᠯᠤᠨ ᠠᠵᠢᠯᠲᠠᠨ ᠤ ᠰᠠᠨᠠᠯ ᠢ ᠦᠨᠳᠦᠰᠦᠯᠡᠨ᠂ ᠠᠮᠠᠷᠠᠯᠲᠠ ᠪᠠᠨ ᠠᠮᠢᠳᠤᠯᠢᠭ ᠢᠶᠠᠷ ᠲᠣᠬᠢᠷᠠᠭᠤᠯᠵᠤ᠂ ᠠᠵᠢᠯᠯᠠᠬᠤ ᠭᠠᠵᠠᠷ ᠲᠠᠭᠠᠨ   ᠬᠤᠴᠣᠷᠠᠭᠰᠠᠨ ᠠᠵᠢᠯᠲᠠᠨ ᠤ ᠴᠠᠭᠠᠨ ᠰᠠᠷ᠎ᠠ ᠶᠢᠨ ᠬᠤᠭᠤᠴᠠᠭᠠᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠴᠠᠭᠠᠯᠲᠠ ᠶᠢᠨ ᠪᠦᠲᠦᠮᠵᠢ ᠪᠣᠯᠤᠨ ᠳᠥᠲᠡ ᠴᠢᠨᠠᠷ ᠢ ᠳᠡᠭᠡᠭᠰᠢᠯᠡᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠭᠠᠳᠠᠭᠰᠢ ᠭᠠᠷᠬᠤ ᠬᠥᠮᠦᠰ ᠤᠨ ᠲᠣᠭᠲᠠᠭᠠᠯ ᠶᠣᠰᠣᠭᠠᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠶᠢ ᠪᠠᠲᠤᠯᠠᠬᠤ ᠬᠡᠷᠡᠭᠲᠡᠶ᠃ ᠴᠠᠭᠠᠨ ᠰᠠᠷ᠎ᠠ ᠶᠢᠨ ᠬᠤᠭᠤᠴᠠᠭᠠᠨ ᠳᠠᠬᠢ ᠲᠤᠤᠷᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠲᠠᠢ ᠭᠡᠷᠡᠴᠢ ᠪᠤᠶᠤ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠤᠨ《 ᠨᠣᠭᠤᠭᠠᠨ ᠺᠣᠳ᠋ 》᠎ ᠢ ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠵᠤ᠂ ᠭᠠᠴᠠᠭ᠎ᠠ ︵ᠨᠡᠶᠢᠭᠡᠮ ᠲᠣᠭᠤᠷᠢᠭ︶᠂ ᠨᠢᠭᠡᠴᠡ ᠶᠢᠨ ᠭᠠᠳᠠᠨ᠎ᠠ ᠠᠴᠠ ᠢᠷᠡᠭᠰᠡᠨ ᠬᠥᠮᠦᠰ ᠢ ᠪᠠᠶᠢᠴᠠᠭᠠᠬᠤ᠂ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭᠠᠳᠬᠠᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠥᠷᠲᠡᠭᠡ ᠨᠢ ᠪᠥᠭᠡᠮ ᠬᠦᠴᠢᠯ ᠤᠨ ᠪᠠᠶᠢᠴᠠᠭᠠᠯᠲᠡ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠲᠣᠰ ᠭᠠᠵᠠᠷ ᠢᠶᠠᠷ ᠣᠷᠣᠵᠤ ᠭᠠᠷᠬᠤ ᠲᠡᠷᠭᠡ ᠬᠥᠰᠬᠡ ᠪᠣᠯᠤᠨ ᠬᠥᠮᠦᠰ ᠢ ᠪᠠᠶᠢᠴᠠᠭᠠᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠢᠭᠤᠯᠭ᠎ᠠ ᠪᠣᠯᠤᠨ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠠᠵᠢᠯᠲᠠᠨ ᠢ ᠲᠤᠬᠠᠶ ᠶᠢᠨ ᠭᠠᠵᠠᠷ ᠲᠠᠭᠠᠨ ᠰᠢᠨᠡᠯᠡᠬᠦ ᠶᠢ ᠬᠥᠲᠥᠯᠥᠨ ᠵᠢᠯᠣᠭᠤᠳᠴᠤ᠂ ᠠᠵᠢᠯᠲᠠᠨ ᠤ ᠶᠠᠪᠤᠵᠤ ᠰᠠᠭᠤᠬᠤ ᠬᠠᠮᠢᠶᠠᠷᠤᠯᠲᠠ ᠶᠢ ᠴᠢᠩᠭᠠᠳᠬᠠᠨ᠂ ᠶᠠᠪᠤᠵᠤ ᠰᠠᠭᠤᠬᠤ ᠴᠢᠬᠤᠯᠠᠲᠠᠶ ᠬᠥᠮᠦᠰ ᠢ ᠰᠠᠶᠢᠲᠤᠷ ᠳᠡᠩᠰᠡᠯᠡᠨ ᠲᠡᠮᠳᠡᠭᠯᠡᠬᠦ ᠬᠡᠷᠡᠭᠲᠡᠶ᠃      ᠳᠥᠷᠪᠡ᠂ ᠬᠤᠪᠢ ᠬᠥᠮᠦᠨ ᠤ ᠬᠠᠷᠢᠭᠤᠴᠠᠯᠭ᠎ᠠ ᠶᠢᠨ ᠱᠠᠭᠠᠷᠳᠠᠯᠭ᠎ᠠ᠄  ᠣᠯᠠᠨ ᠲᠦᠮᠡᠨ ᠴᠠᠭᠠᠨ ᠰᠠᠷ᠎ᠠ ᠶᠢᠨ ᠬᠤᠭᠤᠴᠠᠭᠠᠨ ᠳᠤ ᠭᠠᠳᠠᠭᠰᠢ ᠭᠠᠷᠬᠤ ᠳᠠᠭᠠᠨ ᠬᠤᠪᠢ ᠬᠥᠮᠦᠨ ᠤ ᠰᠡᠷᠭᠡᠶᠢᠯᠡᠡ ᠬᠠᠮᠠᠭᠠᠯᠠᠯᠲᠠ ᠪᠠᠨ ᠰᠠᠶᠢᠲᠤᠷ ᠬᠢᠵᠦ ᠂ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ᠂ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠢᠶᠠᠨ ᠰᠠᠨᠠᠭᠠᠴᠢᠯᠠᠭ᠎ᠠ ᠠᠴᠠ ᠪᠠᠨ ᠬᠠᠩᠭᠠᠬᠤ ᠶᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠲᠠᠢ ᠬᠠᠮᠵᠢᠯᠴᠠᠨ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠥᠷᠨᠢᠭᠦᠯᠬᠦ ᠬᠡᠷᠡᠭᠲᠡᠶ᠃ ᠮᠤᠵᠢ ᠠᠯᠣᠰᠯᠠᠬᠤ ᠨᠡᠭᠦᠳᠡᠯ ᠬᠦᠮᠦᠨ ᠠᠮᠠ ᠨᠢ ᠬᠦᠷᠬᠦ ᠭᠠᠵᠠᠷ ᠤᠨ ᠢᠶᠠᠨ ᠪᠠᠶᠢᠭ᠎ᠠ ᠭᠠᠴᠠᠭ᠎ᠠ ︵ᠨᠡᠶᠢᠭᠡᠮ ᠲᠣᠭᠤᠷᠢᠭ︶᠂ ᠨᠢᠭᠡᠴᠡ ᠳᠤ ᠤᠷᠢᠳᠴᠢᠯᠠᠨ ᠮᠡᠳᠡᠭᠦᠯᠵᠤ᠂ ᠬᠦᠷᠦᠭᠰᠡᠨ ᠤ ᠳᠠᠷᠠᠭ᠎ᠠ᠂ ᠬᠤᠪᠢ ᠬᠥᠮᠦᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠴᠤᠭᠯᠠᠷᠠᠬᠤ ᠶᠢ ᠪᠠᠭᠠᠰᠬᠠᠵᠤ᠂ ᠲᠤᠬᠠᠶ ᠎ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠵᠢᠷᠤᠮᠯᠠᠬᠤ ᠬᠡᠷᠡᠭᠲᠡᠶ᠃ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠰᠠᠭᠤᠯᠭᠠᠬᠤ᠂ ᠦᠨᠦᠷ ᠤᠨ ᠰᠡᠷᠡᠯ ᠮᠠᠭᠤᠳᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠰᠡᠷᠭᠡᠶᠢᠯᠡᠯᠲᠡ ᠪᠠᠨ ᠰᠠᠶᠢᠲᠤᠷ ᠬᠢᠵᠦ ᠴᠠᠭ ᠲᠤᠬᠠᠶ ᠳᠤᠨᠢ ᠲᠣᠭᠲᠠᠭᠰᠠᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠢ ᠡᠮᠨᠡᠬᠦ ᠡᠭᠦᠳᠡᠨ ᠡᠮᠨᠡᠯᠭᠡ ᠳᠤ ᠬᠦᠷᠴᠦ ᠡᠮᠨᠡᠭᠦᠯᠵᠦ᠂ ᠭᠠᠳᠠᠭᠰᠢ ᠭᠠᠷᠴᠤ ᠵᠢᠭᠤᠯᠴᠢᠯᠠᠭᠰᠠᠨ ᠲᠡᠦᠬᠡ ᠵᠢᠴᠢ ᠣᠶᠢᠷᠠᠲᠤᠭᠰᠠᠨ ᠬᠥᠮᠦᠰ ᠤᠨ ᠪᠠᠶᠢᠳᠠᠯ ᠢᠶᠠᠨ ᠦᠨᠡᠨ ᠪᠣᠳᠠᠲᠠᠶ ᠪᠠᠷ ᠮᠡᠳᠡᠭᠦᠯᠵᠦ᠂ ᠪᠠᠶᠢᠴᠠᠭᠠᠯᠲᠠ ᠳᠤ ᠬᠠᠮᠵᠢᠯᠴᠠᠨ᠂ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃                     ᠵᠡᠭᠦᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ                     ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ                     ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠡᠯᠳᠡᠰ                         2021 ᠣᠨ ᠤ 1 ᠰᠠᠷ᠎ᠠ ᠶᠢᠨ 28᠎ ᠤ ᠡᠳᠦᠷ
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号