ᠵᠡᠭᠦᠨ ᠦᠵᠦᠮᠦᠴᠢᠨ ᠬᠤᠰᠢᠭᠤᠨ ᠤ ᠰᠢᠨ᠎ᠡ ᠣᠨ᠂ ᠴᠠᠭᠠᠨ ᠰᠠᠷ᠎ᠠ ᠶᠢᠨ ᠬᠤᠭᠤᠴᠠᠭᠠᠨ ᠳᠤ ᠬᠢᠵᠢᠭ ᠤᠨ ᠰᠡᠷᠭᠡᠶᠢᠯᠡᠯᠲᠡ ᠶᠢᠨ ᠠᠵᠢᠯ ᠢ ᠣᠯᠠᠮ ᠨᠢᠭᠡ ᠠᠯᠬᠤᠮ ᠴᠢᠩᠭᠠᠳᠬᠠᠬᠤ ᠲᠣᠬᠠᠢ ᠵᠠᠷᠯᠠᠯ
ᠨᠡᠶᠢᠲᠡᠯᠡᠭᠰᠡᠨ ᠴᠠᠭ᠄
2021/1/8
     2021 ᠣᠨ ᠤ ᠰᠢᠨ᠎ᠡ ᠣᠨ᠂ ᠴᠠᠭᠠᠨ ᠰᠠᠷ᠎ᠠ ᠬᠦᠷᠴᠦ ᠢᠷᠡᠬᠦ ᠶᠢ ᠳᠠᠭᠠᠯᠳᠣᠨ ᠬᠦᠮᠦᠨ ᠬᠠᠷ᠎ᠠ᠂ ᠡᠳ᠋ ᠪᠣᠳᠠᠰ ᠤᠨ ᠰᠣᠯᠢᠯᠴᠠᠭ᠎ᠠ ᠨᠡᠬᠦᠳᠡᠯ ᠣᠯᠠᠰᠢᠷᠠᠭᠰᠠᠨ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠠᠬᠢᠨ ᠡᠭᠦᠰᠬᠦ ᠶᠢ ᠰᠡᠷᠭᠡᠶᠢᠯᠡᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ  ᠳᠡᠯᠭᠡᠷᠡᠬᠦ ᠶᠢ ᠰᠡᠷᠭᠡᠶᠢᠯᠡᠬᠦ︾ ᠰᠡᠷᠭᠡᠶᠢᠯᠡᠯᠲᠡ ᠶᠢᠨ ᠠᠷᠭ᠎ᠠ ᠶᠢ ᠴᠢᠩᠭ᠎ᠠ ᠬᠡᠷᠡᠭᠵᠢᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠤ ᠡᠷᠡᠭᠦᠯ ᠴᠢᠭᠢᠷᠠᠭ᠂ ᠪᠠᠶᠠᠷ ᠪᠠᠶᠠᠰᠤᠯ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠲᠣᠣᠷᠠᠬᠢ ᠰᠠᠨᠠᠭᠤᠯᠣᠮᠵᠢ ᠪᠠ ᠵᠢᠷᠣᠮᠵᠢᠯ ᠢ ᠣᠨᠴᠠᠭᠠᠶᠢᠯᠠᠨ ᠵᠠᠷᠯᠠᠶ᠎ᠠ᠄      ᠨᠢᠭᠡ᠂ ᠣᠷᠣᠨ ᠪᠦᠰᠡ ᠠᠯᠤᠰᠯᠠᠨ ᠭᠠᠳᠠᠭᠰᠢ ᠭᠠᠷᠬᠤ ᠪᠠᠨ ᠪᠠᠭᠠᠰᠬᠠᠵᠤ᠂ ᠭᠠᠳᠠᠭᠰᠢ ᠭᠠᠷᠬᠤ ᠳᠤ ᠪᠠᠨ ᠰᠡᠷᠭᠡᠶᠢᠯᠡᠯᠲᠡ ᠪᠠᠨ ᠰᠠᠶᠢᠲᠤᠷ ᠬᠢᠬᠦ ᠬᠡᠷᠡᠭᠲᠡᠢ᠃ 1 ᠰᠠᠷ᠎ᠠ ᠶᠢᠨ 5᠎ ᠤ ᠡᠳᠦᠷ ᠤᠨ 24 ᠴᠠᠭ ᠪᠣᠯᠲᠠᠯ᠎ᠠ᠂ ᠪᠥᠬᠦ ᠤᠯᠤᠰ ᠲᠤ ᠨᠡᠶᠢᠲᠡ 1 ᠦᠨᠳᠣᠷ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ︵ᠡᠾᠧᠪᠸᠢ ᠮᠣᠵᠢ ᠶᠢᠨ ᠱᠢ ᠵᠢᠶᠠ ᠵᠣᠸᠠᠩ︶᠂ 49 ᠲᠣᠮᠳᠠ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ︵ᠡᠭᠦᠨ ᠳᠤ ᠯᠢᠶᠣᠤᠨᠢᠩ ᠤᠨ 32᠂ ᠪᠡᠭᠡᠵᠢᠩ ᠤᠨ 7᠂  ᠬᠠᠷᠠᠮᠦ᠋ᠷᠡᠨ ᠮᠣᠵᠢ ᠶᠢᠨ 6᠂  ᠡᠾᠧᠪᠸᠢ ᠮᠣᠵᠢ ᠶᠢᠨ 4 ᠭᠠᠵᠠᠷ ᠣᠷᠣᠨ ᠪᠠᠭᠳᠠᠨ᠎ᠠ︶ ᠢᠯᠡᠷᠡᠪᠡ᠃ ᠰᠢᠨ᠎ᠡ ᠣᠨ᠂ ᠴᠠᠭᠠᠨ ᠰᠠᠷ᠎ᠠ ᠶᠢᠨ ᠬᠤᠭᠤᠴᠠᠭᠠᠨ ᠳᠤ ᠠᠶᠠᠯᠠᠯ ᠤᠨ ᠵᠠᠮ ᠢᠶᠠᠨ ᠵᠣᠬᠢᠰᠲᠠᠶ ᠲᠣᠬᠢᠷᠠᠭᠤᠯᠵᠣ᠂ ᠴᠢᠬᠤᠯᠠ ᠦᠭᠡᠢ ᠪᠣᠯ ᠭᠠᠳᠠᠭᠰᠢ ᠭᠠᠷᠬᠤ ᠦᠭᠡᠢ ᠪᠠᠶᠢᠵᠣ᠂ ᠬᠡᠷᠪᠡ ᠡᠷᠭᠡᠪᠰᠢ ᠭᠠᠵᠠᠷ ᠣᠷᠣᠨ ᠠᠯᠤᠰᠯᠠᠨ ᠭᠠᠳᠠᠭᠰᠢ ᠭᠠᠷᠬᠤ ᠴᠢᠬᠤᠯᠠᠲᠠᠢ ᠪᠣᠯ᠂ ᠡᠷᠬᠡᠪᠰᠢ ᠬᠦᠷᠬᠦ ᠭᠠᠵᠠᠷ ᠤᠨ ᠢᠶᠠᠨ ᠬᠢᠵᠢᠭ ᠤᠨ ᠪᠠᠶᠢᠳᠠᠯ ᠢ ᠰᠠᠶᠢᠳᠣᠷ ᠣᠶᠢᠯᠠᠭᠠᠵᠣ᠂ ᠬᠤᠪᠢ ᠬᠥᠮᠦᠨ ᠤ ᠰᠡᠷᠭᠡᠶᠢᠯᠡᠯᠲᠡ ᠪᠠᠨ ᠰᠠᠶᠢᠲᠤᠷ ᠬᠢᠵᠦ᠂ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠢ᠃ ᠭᠠᠳᠠᠭᠠᠳᠣ ᠳᠤ ᠭᠠᠷᠬᠤ᠂ ᠤᠯᠤᠰ ᠤᠨ ᠳᠣᠲᠣᠭᠠᠳᠤ ᠶᠢᠨ ᠳᠤᠮᠳᠠ᠂ ᠦᠨᠳᠦᠷ ᠳᠡᠰ ᠤᠨ ᠠᠶᠤᠯ ᠲᠦᠭᠰᠢᠬᠦᠷᠢᠲᠠᠢ ᠭᠠᠵᠠᠷ ᠣᠷᠣᠨ ᠳᠤ ᠣᠴᠢᠬᠤ ᠠᠴᠠ ᠵᠠᠶᠢᠯᠠᠰᠬᠢᠬᠦ ᠬᠡᠷᠡᠭᠲᠡᠶ᠂ ᠬᠡᠷᠪᠡ ᠣᠨᠴᠠᠭᠠᠶ ᠰᠢᠯᠲᠠᠭᠠᠨ ᠠᠴᠠ ᠪᠣᠯᠵᠣ ᠭᠠᠳᠠᠭᠠᠳᠣ ᠳᠤ ᠭᠠᠷᠬᠤ᠂ ᠤᠯᠤᠰ ᠤᠨ ᠳᠣᠲᠣᠭᠠᠳᠤ ᠶᠢᠨ ᠳᠤᠮᠳᠠ᠂ ᠦᠨᠳᠦᠷ ᠵᠡᠷᠭᠡ ᠶᠢᠨ ᠠᠶᠤᠯ ᠲᠦᠭᠰᠢᠬᠦᠷᠢᠲᠠᠢ  ᠭᠠᠵᠠᠷ ᠣᠷᠣᠨ ᠳᠤ ᠣᠴᠢᠬᠤ ᠴᠢᠬᠤᠯᠠ ᠲᠠᠢ ᠪᠣᠯ᠂ ᠭᠠᠳᠠᠭᠰᠢ ᠭᠠᠷᠬᠤ ᠠᠴᠠ ᠪᠠᠨ ᠡᠮᠦᠨ᠎ᠡ ᠭᠠᠴᠠᠭᠠᠨ ︵ᠨᠡᠶᠢᠭᠡᠮ ᠲᠣᠭᠤᠷᠢᠭ︶᠎ ᠳᠤ ᠎ ᠪᠠᠨ ᠳᠠᠩᠰᠠᠯᠠᠭᠤᠯᠵᠣ᠂  ᠪᠠᠶᠢᠭᠤᠯᠭ᠎ᠠ ᠳᠤ ᠪᠠᠨ ᠮᠡᠳᠡᠬᠦᠯᠵᠣ᠂ ᠪᠤᠴᠠᠵᠤ ᠢᠷᠡᠭᠰᠡᠨ ᠤ ᠳᠠᠷᠠᠭ᠎ᠠ ᠳᠠᠷᠣᠶᠢᠬᠠᠨ ᠲᠠᠬᠢᠨᠲᠠ ᠮᠡᠳᠡᠭᠦᠯᠬᠦ ᠶᠢᠨ ᠬᠠᠮᠲᠤ᠂ ᠠᠶᠠᠯᠠᠯ ᠤᠨ ᠫᠢᠶᠣᠣ ᠪᠠᠷᠢᠮᠲᠠ ᠪᠠᠨ ᠰᠠᠶᠢᠳᠣᠷ ᠬᠠᠳᠠᠭᠠᠯᠠᠵᠤ ᠪᠠᠶᠢᠴᠠᠭᠠᠯᠳᠠ ᠳᠤ ᠬᠠᠩᠭᠠᠬᠤ ᠬᠡᠷᠡᠭᠲᠡᠶ᠃      ᠬᠤᠶᠠᠷ᠂ ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃  ᠬᠢᠯᠢ ᠶᠢᠨ ᠪᠣᠭᠤᠮᠲᠠ ᠶᠢᠨ ᠲᠣᠬᠠᠢ ᠶᠢᠨ ᠭᠠᠵᠠᠷ ᠲᠤ ᠪᠠᠨ ᠨᠢᠭᠡᠨᠳᠡ ᠲᠣᠰᠠᠭᠠᠷᠯᠠᠯᠲᠠ ᠬᠢᠵᠦ ᠬᠤᠰᠢᠭᠤᠨ ᠳᠤ ᠢᠷᠡᠭᠰᠡᠨ ︵ᠪᠤᠴᠠᠵᠤ ᠢᠷᠡᠭᠰᠡᠨ︶ ᠭᠠᠳᠠᠭᠠᠳᠣ ᠠᠴᠠ ᠢᠷᠡᠭᠰᠡᠨ ᠬᠥᠮᠦᠰ ᠬᠠᠷᠢᠵᠣ ᠢᠷᠡᠭᠰᠡᠨ ᠲᠣᠬᠠᠢ ᠶᠢᠨ ᠡᠳᠣᠷ ᠲᠤ ᠪᠠᠨ ᠪᠦᠭᠡᠮ ᠬᠦᠴᠢᠯ ᠤᠨ ᠪᠠᠶᠢᠴᠠᠭᠠᠯᠲᠠ ᠬᠢᠵᠣ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠡᠷᠲᠠᠢ ᠶᠢ ᠨᠢ ᠪᠦᠬᠦᠨ ᠢ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶᠎ ᠶᠢᠨ 14 ᠡᠳᠣᠷ ᠭᠡᠷ ᠡᠷᠦᠭᠡ ᠳᠤᠨᠢ ᠲᠣᠰᠠᠭᠠᠷᠯᠠᠬᠤ ᠡᠷᠡᠭᠦᠯ ᠮᠡᠨᠳᠦ ᠶᠢᠨ ᠬᠠᠮᠢᠶᠠᠷᠤᠯᠲᠠ ᠳᠤ ᠣᠷᠣᠭᠤᠯᠤᠨ᠎ᠠ︔ ᠳᠣᠮᠳᠠ᠂ ᠦᠨᠳᠣᠷ ᠳᠡᠰ ᠤᠨ ᠲᠦᠭᠰᠢᠬᠦᠷᠢᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ ᠭᠡᠷᠪᠡ 7 ᠡᠳᠣᠷ ᠤᠨ ᠳᠣᠳᠣᠷᠠᠬᠢ ᠪᠢᠯᠢᠭ ᠴᠢᠨᠠᠷᠲᠠᠢ ᠪᠦᠭᠡᠮ ᠬᠦᠴᠢᠯ ᠤᠨ ᠪᠠᠶᠢᠴᠠᠭᠠᠯᠲᠠ ᠶᠢᠨ ᠮᠡᠳᠡᠬᠦᠯᠦᠯᠲᠡ ᠶᠢ ᠬᠠᠩᠭᠠᠵᠣ ᠳᠡᠶᠢᠯᠪᠡᠯ᠂ ᠬᠤᠰᠢᠭᠤᠨ ᠳᠤ ᠢᠷᠡᠭᠰᠡᠨ ᠲᠣᠬᠠᠢ ᠶᠢᠨ ᠡᠳᠣᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠰᠢᠨ᠎ᠡ ᠪᠠᠷ ᠬᠢᠵᠣ᠂ ᠦᠷ᠎ᠡ ᠳ᠋ᠦᠩ ᠨᠢ ᠪᠢᠯᠢᠭ ᠴᠢᠨᠠᠷᠲᠠᠶ ᠶᠢᠨ ᠢ ᠴᠥᠮ 14 ᠡᠳᠦᠷ ᠭᠡᠷ ᠡᠷᠦᠭᠡ ᠳᠤᠨᠢ ᠲᠣᠰᠠᠭᠠᠷᠯᠠᠬᠤ ᠡᠷᠡᠭᠦᠯ ᠮᠡᠨᠳᠦ ᠶᠢᠨ ᠬᠠᠮᠢᠶᠠᠷᠤᠯᠲᠠ ᠳᠤ ᠣᠷᠣᠭᠤᠯᠤᠨ᠎ᠠ᠃ ᠳᠤᠮᠳᠠ᠂ ᠦᠨᠳᠦᠷ ᠳᠡᠰ ᠤᠨ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ ᠭᠡᠷᠪᠡ 7  ᠡᠳᠣᠷ ᠤᠨ ᠳᠣᠳᠣᠷᠠᠬᠢ ᠪᠢᠯᠢᠭ ᠴᠢᠨᠠᠷ ᠤᠨ ᠮᠡᠳᠡᠭᠦᠯᠦᠯᠲᠡ ᠬᠠᠩᠭᠠᠵᠤ ᠳᠡᠶᠢᠯᠬᠦ ᠥᠬᠡᠶ ᠪᠣᠯ ᠲᠡᠷᠡ ᠳᠠᠷᠤᠶ ᠳᠤᠨᠢ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠦᠷ᠎ᠡ ᠳ᠋ᠦᠩ ᠨᠢ ᠪᠢᠯᠢᠭ ᠴᠢᠨᠠᠷᠲᠠᠶ ᠪᠥᠭᠡᠳ ᠪᠡᠶ᠎ᠡ ᠶᠢᠨ ᠳᠤᠯᠠᠭᠠᠨ ᠨᠢ ᠬᠡᠪ ᠤᠨ ᠪᠠᠶᠢᠪᠠᠯ ᠭᠠᠴᠠᠭ᠎ᠠ ︵ᠨᠡᠶᠢᠭᠡᠮ ᠲᠣᠭᠤᠷᠢᠭ︶᠎ ᠶᠢᠨ 14 ᠡᠳᠣᠷ ᠭᠡᠷ ᠡᠷᠦᠭᠡ ᠳᠤᠨᠢ ᠲᠣᠰᠠᠭᠠᠷᠯᠠᠬᠤ ᠡᠷᠡᠭᠦᠯ ᠮᠡᠨᠳᠦ ᠶᠢᠨ ᠬᠠᠮᠢᠶᠠᠷᠤᠯᠲᠠ ᠳᠤ ᠣᠷᠣᠭᠤᠯᠤᠨ᠎ᠠ  ᠃ ᠬᠢᠵᠢᠭ ᠤᠨ ᠲᠦᠭᠰᠢᠭᠦᠷᠢ ᠲᠣᠣᠷ᠎ᠠ ᠭᠠᠵᠠᠷ ᠣᠷᠣᠨ ᠠᠴᠠ ᠮᠠᠨ ᠤ ᠬᠤᠰᠢᠭᠤᠨ ᠳᠤ ᠣᠷᠣᠵᠤ ᠢᠷᠡᠭᠰᠡᠨ ᠬᠦᠮᠦᠰ ᠡᠷᠡᠭᠦᠯ ᠮᠡᠨᠳᠦ ᠶᠢᠨ ᠺᠣᠳ᠋ ᠲᠠᠢ ᠪᠥᠭᠡᠳ ᠪᠡᠶ᠎ᠡ ᠶᠢᠨ ᠳᠤᠯᠠᠭᠠᠨ ᠨᠢ ᠬᠡᠪ ᠤᠨ ᠪᠠᠶᠢᠪᠠᠯ᠂ ᠡᠮᠬᠢ ᠵᠢᠷᠤᠮ ᠲᠠᠢ ᠪᠠᠷ ᠶᠠᠪᠣᠵᠣ ᠰᠠᠭᠤᠵᠣ ᠪᠣᠯᠤᠨ᠎ᠠ᠃      ᠭᠤᠷᠪᠠ᠂ ᠡᠯ᠎ᠡ ᠲᠥᠷᠥᠯ ᠤᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ︽ᠴᠢᠬᠤᠯᠠ ᠥᠬᠡᠶ ᠪᠣᠯ ᠴᠣᠭᠯᠠᠷᠠᠯ ᠤᠨ ᠴᠢᠨᠠᠷᠲᠠᠢ ᠠᠵᠢᠯᠯᠠᠭ᠎ᠠ  ᠵᠣᠬᠢᠶᠠᠨ ᠪᠠᠶᠢᠭᠤᠯᠬᠤ ᠦᠭᠡᠢ︾ ᠵᠠᠷᠴᠢᠮ ᠶᠣᠰᠣᠭᠠᠷ᠂ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠨ᠎ᠠ᠃ ᠵᠠᠷᠴᠢᠮ ᠳᠡᠭᠡᠷ᠎ᠡ ᠪᠠᠨ ᠡᠯ᠎ᠡ ᠪᠠᠶᠢᠭᠤᠯᠭ᠎ᠠ ᠨᠢᠭᠡᠴᠡ ᠪᠣᠶᠣ ᠬᠤᠪᠢ ᠬᠦᠮᠦᠨ ᠴᠣᠭᠯᠠᠷᠠᠯ ᠤᠨ ᠴᠢᠨᠠᠷᠲᠠᠢ ᠵᠢᠯ ᠣᠷᠣᠭᠤᠯᠬᠤ᠂ ᠬᠤᠷᠢᠮ ᠤᠨ ᠶᠣᠰᠣᠯᠠᠯ᠂ ᠲᠣᠮᠣ ᠬᠡᠯᠪᠡᠷᠢ ᠶᠢᠨ ᠰᠢᠨ᠎ᠡ ᠣᠨ ᠢᠶᠠᠨ ᠪᠡᠯᠭᠡᠯᠡᠬᠦ᠂ ᠬᠠᠮᠲᠤ ᠶᠢᠨ ᠵᠣᠯᠭᠠᠯᠲᠠ᠂ ᠦᠳᠡᠰᠢᠯᠡᠭᠡ᠂ ᠬᠠᠮᠲᠤ ᠬᠤᠭᠤᠯᠠᠯᠯᠠᠬᠤ ᠵᠡᠷᠭᠡ ᠠᠵᠢᠯᠯᠠᠭ᠎ᠠ ᠶᠢ ᠡᠷᠬᠢᠯᠡᠵᠣ ᠪᠣᠯᠬᠤ ᠦᠭᠡᠢ᠂ ᠬᠤᠪᠢ ᠬᠦᠮᠦᠨ ᠤ ᠳᠠᠶᠢᠯᠠᠯᠭ᠎ᠠ᠂ ᠬᠠᠮᠲᠣ ᠬᠤᠭᠤᠯᠠᠯᠯᠠᠬᠤ ᠳᠠᠭᠠᠨ 10 ᠬᠥᠮᠦᠨ ᠠᠴᠠ ᠬᠡᠳᠣᠷᠡᠵᠣ ᠪᠣᠯᠬᠤ ᠦᠭᠡᠢ᠃ ᠬᠤᠷᠠᠨ ᠴᠤᠭᠯᠠᠷᠠᠭᠰᠠᠨ ᠠᠴᠠ ᠪᠣᠯᠵᠣ ᠬᠢᠵᠢᠭ  ᠬᠠᠯᠳᠠᠪᠣᠷᠢᠯᠠᠬᠤ ᠪᠣᠶᠣ ᠳᠡᠯᠭᠡᠷᠡᠭᠰᠡᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠪᠠᠶᠢᠴᠠᠭᠠᠵᠤ ᠬᠦᠨᠳᠦ ᠪᠠᠷ ᠰᠢᠳᠬᠡᠨ᠎ᠡ᠃ ᠬᠡᠷᠪᠡ ᠡᠷᠬᠡᠪᠰᠢ ᠡᠷᠬᠢᠯᠡᠬᠦ ᠴᠢᠬᠤᠯᠠᠲᠠᠶ ᠪᠣᠯ᠂ ᠬᠠᠷᠢᠶ᠎ᠠ ᠭᠠᠵᠠᠷ ᠣᠷᠣᠨ᠂ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠠᠴᠠ ᠭᠤᠤᠯ ᠬᠠᠷᠢᠭᠤᠴᠠᠯᠭ᠎ᠠ ᠶᠢ ᠡᠭᠦᠷᠭᠡᠯᠡᠵᠦ᠂ ᠨᠠᠷᠢᠯᠢᠭ ᠵᠢᠷᠤᠮᠵᠢᠭᠰᠠᠨ ᠰᠡᠷᠭᠡᠶᠢᠯᠡᠨ ᠡᠵᠡᠮᠳᠡᠬᠦ ᠲᠥᠰᠦᠯ ᠲᠣᠭᠲᠠᠭᠠᠵᠤ᠂ ᠬᠤᠰᠢᠭᠤᠨ ᠳᠤ ᠢᠷᠡᠬᠦ ︵ᠪᠤᠴᠠᠵᠤ ᠢᠷᠡᠭᠰᠡᠨ︶ ᠬᠥᠮᠦᠰ ᠢ ᠬᠠᠷᠭᠤᠭᠤᠯᠤᠨ ᠪᠠᠶᠢᠴᠠᠭᠠᠬᠤ ᠵᠡᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠡᠬᠦᠰᠬᠦ ᠠᠴᠠ ᠴᠢᠩᠭ᠎ᠠ ᠰᠡᠷᠭᠡᠶᠢᠯᠡᠬᠦ ᠬᠡᠷᠡᠭᠲᠡᠶ᠃      ᠳᠥᠷᠪᠡ᠂ ᠬᠡᠷ ᠤᠨ ᠣᠷᠴᠢᠨ ᠲᠣᠭᠤᠷᠢᠨ ᠪᠠ ᠬᠤᠪᠢ ᠬᠥᠮᠦᠨ ᠤ ᠰᠡᠷᠭᠡᠶᠢᠯᠡᠯᠲᠡ ᠪᠠᠨ ᠴᠢᠩᠭᠠᠳᠬᠠᠬᠤ ᠭᠡᠷᠡᠭᠲᠠᠢ᠃ ᠬᠤᠪᠢ ᠬᠥᠮᠦᠨ ᠤ ᠡᠷᠡᠭᠦᠯ ᠬᠠᠮᠠᠭᠠᠯᠠᠯ ᠪᠠᠨ ᠬᠠᠮᠠᠭᠠᠯᠠᠬᠤ ᠳᠠᠳᠬᠠᠯ ᠢ ᠪᠣᠶ ᠪᠣᠯᠭᠠᠵᠤ᠂ ᠦᠷᠭᠦᠯᠵᠢ ᠭᠠᠷ ᠢᠶᠠᠨ ᠤᠬᠢᠶᠠᠵᠤ᠂ ᠰᠠᠯᠬᠢ ᠨᠡᠪᠲᠡᠷᠡᠭᠦᠯᠦᠨ᠂ ᠴᠡᠪᠡᠷᠯᠡᠨ ᠠᠷᠢᠭᠤᠳᠬᠠᠵᠣ᠂ ᠬᠤᠪᠢ ᠬᠦᠮᠦᠨ ᠪᠠ ᠬᠡᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢᠶᠠᠨ ᠪᠠᠳᠣᠯᠠᠬᠤ ᠭᠡᠷᠡᠭᠲᠠᠢ᠃ ᠢᠷᠡᠯᠲᠡ ᠨᠢ ᠲᠣᠳᠣ ᠦᠭᠡᠢ ᠮᠠᠯ ᠵᠢᠭᠦᠷᠲᠡᠨ᠂ ᠬᠥᠯᠳᠡᠭᠡᠭᠰᠡᠨ ᠢᠳᠡᠭᠡᠨ᠂ ᠤᠰᠤᠨ ᠭᠠᠷᠤᠯᠲᠠ ᠶᠢ ᠬᠤᠳᠠᠯᠳᠤᠨ ᠠᠪᠬᠤ ᠪᠣᠶᠣ ᠢᠳᠡᠵᠣ ᠪᠣᠯᠬᠤ ᠦᠭᠡᠢ᠃ ᠬᠡᠷᠪᠡ ᠬᠠᠯᠠᠭᠤᠷᠠᠬᠤ ᠵᠡᠷᠭᠡ ᠬᠡᠪ ᠤᠨ ᠪᠤᠰᠤ ᠪᠠᠶᠢᠳᠠᠯ ᠢᠯᠡᠷᠡᠪᠡᠯ᠂ ᠳᠠᠷᠦ᠋ᠢᠬᠠᠨ ᠥᠪᠡᠷ ᠢ ᠪᠠᠨ ᠲᠤᠰᠠᠭᠠᠷᠯᠠᠵᠤ᠂ ᠬᠤᠪᠢ ᠬᠥᠮᠦᠨ ᠤ ᠰᠡᠷᠭᠡᠶᠢᠯᠡᠯᠲᠡ ᠪᠠᠨ ᠰᠠᠶᠢᠲᠤᠷ ᠬᠢᠵᠦ ᠬᠤᠰᠢᠭᠤ ᠡᠮᠨᠡᠯᠭᠡ ᠶᠢᠨ ᠬᠤᠷᠢᠶᠠᠨ ᠤ  ᠬᠠᠯᠠᠭᠤᠷᠠᠬᠤ ᠶᠢ ᠵᠠᠰᠠᠬᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠶ︔ ᠭᠠᠳᠠᠷ ᠣᠷᠣᠨ ᠤ ᠡᠯ᠎ᠡ ᠲᠥᠷᠥᠯ ᠤᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠳᠤ ᠣᠷᠣᠯᠴᠠᠬᠤ ᠦᠭᠡᠢ ᠪᠠᠶᠢᠵᠣ᠂ ᠬᠠᠮᠲᠣ ᠬᠤᠭᠤᠯᠠᠯᠯᠠᠬᠤ ᠳᠠᠭᠠᠨ 10 ᠬᠥᠮᠦᠨ ᠠᠴᠠ ᠬᠡᠳᠣᠷᠡᠵᠣ ᠪᠣᠯᠬᠤ ᠦᠭᠡᠢ᠃ ᠪᠤᠰᠤᠳ ᠲᠠᠢ ᠬᠠᠷᠢᠯᠴᠠᠬᠤ ᠳᠤ ᠪᠠᠨ ᠡᠷᠬᠡᠪᠰᠢ ᠠᠮᠠᠪᠴᠢ ᠵᠡᠭᠦᠵᠦ᠂ ᠠᠮᠣᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠳᠣᠯᠬᠠᠣ ᠬᠡᠷᠡᠭᠲᠡᠶ᠃      ᠲᠠᠪᠤ᠂ ᠭᠤᠣᠯᠳᠠᠯᠭ᠎ᠠ ᠲᠠᠢ ᠲᠠᠯᠠᠪᠤᠷ ᠨᠢ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠠᠵᠢᠯᠯᠠᠬᠤ ᠭᠠᠵᠠᠷ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ  ᠲᠢᠩᠬᠢᠮ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠪᠠᠭᠤᠳᠠᠯ᠂ ᠨᠣᠮ ᠤᠨ ᠰᠠᠩ᠂ ᠡᠮ ᠤᠨ ᠳᠡᠯᠭᠡᠭᠦᠷ᠂ ᠺᠢᠨᠣ᠋ ᠶᠢᠨ ᠣᠷᠳᠣᠨ᠂ ᠰᠦᠯᠵᠢᠶᠡᠨ ᠪᠠᠭᠠᠷ᠂ KTV᠂ ᠠᠷᠢᠬᠢᠨ ᠮᠤᠬᠤᠯᠠᠭ᠂ ᠤᠬᠢᠶᠠᠯᠭ᠎ᠠ ᠶᠢᠨ ᠭᠠᠵᠠᠷ᠂ ᠨᠠᠰᠣᠳᠠᠶᠢᠴᠣᠳ ᠢ ᠠᠰᠠᠷᠠᠬᠤ ᠬᠦᠷᠢᠶᠡᠯᠡᠩ᠂ ᠣᠷᠣᠰᠢᠭᠤᠯᠭ᠎ᠠ ᠶᠢᠨ ᠭᠠᠵᠠᠷ ᠵᠡᠷᠭᠡ ᠣᠯᠠᠨ ᠨᠡᠶᠢᠲᠡ ᠶᠢᠨ ᠲᠠᠯᠠᠪᠤᠷ ᠪᠣᠯᠤᠨ ᠬᠢᠨᠠᠨ ᠬᠠᠮᠢᠶᠠᠷᠬᠤ ᠲᠠᠯᠠᠪᠤᠷ ᠨᠢ ︽ᠠᠮᠠᠪᠴᠢ ᠵᠡᠭᠦᠬᠦ᠂ ᠪᠡᠶ᠎ᠡ ᠶᠢᠨ ᠳᠣᠯᠠᠭᠠᠨ ᠢ ᠬᠡᠮᠵᠢᠬᠦ︾ ᠲᠦᠷᠢᠮ ᠪᠠ ᠰᠠᠯᠬᠢ ᠨᠡᠪᠲᠡᠷᠡᠭᠦᠯᠬᠦ᠂ ᠠᠷᠢᠭᠤᠳᠬᠠᠬᠤ ᠵᠡᠷᠭᠡ ᠬᠢᠵᠢᠭ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃      ᠵᠢᠷᠭᠤᠭ᠎ᠠ᠂ ᠵᠠᠮ ᠬᠠᠷᠢᠯᠴᠠᠭᠠᠨ ᠤ ᠦᠷᠲᠡᠭᠡᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠨᠢ ᠣᠷᠣᠵᠣ ᠭᠠᠷᠬᠤ ᠠᠶᠠᠨᠴᠢᠳ ᠤᠨ ︽ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠬᠤ︾ ᠲᠦᠷᠢᠮ ᠢ ᠴᠢᠩᠭ᠎ᠠ ᠬᠡᠷᠡᠭᠵᠢᠭᠦᠯᠵᠦ᠂ ᠠᠶᠠᠨᠴᠢᠳ ᠤᠨ ᠮᠠᠰᠢᠨ ᠤ ᠡᠭᠡᠯᠵᠢ ᠶᠢ ᠵᠤᠬᠢᠰᠳᠡᠢ ᠲᠤᠬᠢᠷᠠᠭᠤᠯᠵᠤ᠂ ᠬᠦᠯᠢᠶᠡᠬᠦ ᠮᠥᠷᠯᠡᠬᠦ ᠴᠠᠭ ᠢ ᠪᠠᠭᠠᠰᠬᠠᠵᠤ᠂ ᠪᠦᠭᠡᠮᠨᠡᠷᠡᠨ ᠰᠢᠬᠠᠯᠳᠤᠬᠤ ᠠᠴᠠ ᠵᠠᠶᠢᠯᠠᠰᠭᠢᠬᠦ ᠬᠡᠷᠡᠭᠲᠡᠶ᠃ ᠠᠶᠠᠨᠴᠢᠳ ᠨᠢ ᠠᠷᠠᠳ ᠢᠷᠭᠡᠳ ᠤᠨ ᠡᠭᠦᠷᠭᠡ ᠬᠠᠷᠢᠭᠤᠴᠠᠯᠭ᠎ᠠ  ᠪᠠᠨ ᠭᠦᠢᠴᠡᠳᠬᠡᠵᠦ᠂ ᠵᠠᠮ ᠬᠠᠷᠢᠯᠴᠠᠭᠠᠨ ᠤ ᠥᠷᠲᠡᠭᠡ ᠶᠢᠨ ᠠᠵᠢᠯᠲᠠᠨ ᠲᠠᠢ ᠬᠠᠮᠵᠢᠯᠴᠠᠨ ᠬᠢᠵᠢᠭ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ︔ ᠲᠦᠷᠢᠶᠡᠰᠦᠨ ᠮᠠᠰᠢᠨ ᠤ ᠡᠵᠡᠨ ᠵᠢᠴᠢ ᠵᠢᠯᠣᠭᠤᠴᠢ ᠠᠴᠠ ᠲᠡᠷᠭᠡᠨ ᠳᠤ ᠰᠠᠭᠤᠬᠤ ᠬᠦᠮᠦᠰ ᠤᠨ ᠠᠮᠠᠪᠴᠢ ᠵᠡᠭᠦᠬᠦ᠂ ᠲᠡᠷᠭᠡᠨ ᠳᠣᠲᠤᠷᠡᠬᠢ ᠠᠷᠢᠭᠤᠨ ᠴᠡᠪᠡᠷ ᠢ ᠪᠠᠲᠤᠯᠠᠵᠤ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠢᠴᠢ ᠠᠦ᠋ᠲ᠋ᠣᠴᠢᠯᠠᠭᠰᠠᠨ ᠬᠡᠯᠪᠡᠷᠢ ᠪᠠᠷ ᠮᠥᠩᠬᠦ ᠬᠤᠷᠢᠶᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠬᠤᠰᠢᠭᠤ ᠵᠠᠮ ᠬᠠᠷᠢᠯᠴᠠᠭᠠᠨ ᠤ ᠰᠠᠯᠠᠭ᠎ᠠ ᠮᠥᠴᠢᠷ ᠨᠢ ᠮᠠᠰᠢᠨ ᠲᠡᠷᠭᠡᠨ ᠤ ᠥᠷᠲᠡᠭᠡ᠂ ᠲᠦᠷᠢᠶᠡᠰᠦᠨ ᠮᠠᠰᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠬᠢᠨᠠᠯᠲᠠ ᠵᠢᠯᠣᠭᠤᠳᠣᠯᠭ᠎ᠠ ᠶᠢ ᠰᠠᠶᠢᠲᠤᠷ ᠬᠢᠬᠦ ᠬᠡᠷᠡᠭᠲᠡᠶ︔ ᠵᠡᠭᠦᠨ ᠬᠠᠲᠠᠪᠴᠢ ᠪᠣᠭᠤᠮᠲᠠ ᠶᠢᠨ ᠬᠤᠯᠪᠣᠭᠠᠯᠠᠨ ᠪᠠᠶᠢᠴᠠᠭᠠᠬᠤ ᠰᠠᠯᠠᠭ᠎ᠠ ᠮᠥᠴᠢᠷ ᠨᠢ ᠪᠢᠲᠡᠭᠦᠮᠵᠢᠯᠡᠭᠰᠡᠨ ᠬᠠᠮᠢᠶᠠᠷᠤᠯᠲᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠪᠣᠭᠤᠮᠲᠠ ᠪᠠᠷ ᠳᠠᠮᠵᠢᠨ ᠣᠷᠣᠵᠤ ᠢᠷᠡᠬᠦ ᠶᠢ ᠡᠷᠡᠰ ᠬᠤᠷᠢᠭᠯᠠᠬᠤ ᠬᠡᠷᠡᠭᠲᠡᠶ᠃      ᠳᠣᠯᠤᠭ᠎ᠠ᠂ ᠬᠡᠷᠡᠭᠯᠡᠭᠡ ᠬᠢᠬᠦ ᠦᠶᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠯ᠎ᠡ ᠲᠥᠷᠥᠯ ᠤᠨ ᠬᠤᠳᠠᠯᠳᠤᠭᠠᠨ ᠤ ᠪᠠᠶᠢᠭᠤᠯᠤᠮᠵᠢ ᠨᠢ ᠠᠬᠤᠢ ᠲᠠᠯᠠᠪᠠᠢ ᠶᠢᠨ ᠲᠣᠮᠣ ᠬᠡᠯᠪᠡᠷᠢ ᠶᠢᠨ ᠳᠡᠯᠭᠡᠨ ᠪᠣᠷᠣᠯᠠᠭᠤᠯᠬᠤ᠂ ᠬᠢᠮᠳᠠᠷᠠᠭᠤᠯᠣᠨ ᠪᠣᠷᠣᠯᠠᠭᠤᠯᠬᠤ ᠵᠡᠷᠭᠡ ᠠᠵᠢᠯᠯᠠᠭ᠎ᠠ ᠶᠢ ᠡᠷᠬᠢᠯᠡᠵᠦ ᠪᠣᠯᠬᠤ ᠦᠭᠡᠢ᠃ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠡᠷᠭᠡ ᠲᠠᠯᠠᠪᠤᠷ ᠨᠢ ᠬᠤᠳᠠᠯᠳᠤᠨ ᠠᠪᠣᠭᠴᠢᠳ ᠤᠨ ᠪᠠᠶᠢᠳᠠᠯ ᠢ ᠠᠩᠬᠠᠷᠴᠣ᠂ ᠠᠦ᠋ᠲ᠋ᠣᠴᠢᠯᠠᠭᠰᠠᠨ ᠬᠡᠯᠪᠡᠷᠢ ᠪᠠᠷ ᠳᠠᠩᠰᠠᠨ ᠪᠣᠳᠣᠬᠤ ᠶᠢ ᠰᠠᠨᠠᠭᠠᠴᠢᠯᠠᠵᠤ᠂ ᠮᠥᠷᠯᠡᠨ ᠬᠦᠯᠢᠶᠡᠬᠦ ᠴᠠᠭ ᠢ ᠪᠣᠭᠤᠨᠢᠰᠬᠠᠬᠤ ᠬᠡᠷᠡᠭᠲᠡᠶ᠃ ᠣᠯᠠᠨ ᠨᠡᠶᠢᠲᠡ ᠶᠢᠨ ᠲᠠᠯᠠᠪᠤᠷ ᠲᠠᠬᠢ ᠦᠷᠭᠦᠯᠵᠢ ᠣᠶᠢᠷᠠᠲᠤᠳᠠᠭ ᠬᠡᠷᠡᠭᠰᠡᠯ ᠪᠣᠯᠤᠨ ᠪᠡᠯᠡᠳᠬᠡᠮᠵᠢ ᠶᠢ ᠠᠷᠢᠭᠤᠳᠬᠠᠨ ᠴᠡᠪᠡᠷᠯᠡᠬᠦ ᠠᠵᠢᠯ ᠢ ᠰᠠᠶᠢᠲᠤᠷ ᠬᠢᠵᠦ᠂ ᠬᠡᠷ ᠳᠣᠲᠣᠷ᠎ᠠ ᠰᠠᠯᠬᠢ ᠠᠭᠠᠷ ᠨᠡᠪᠳᠡᠷᠡᠭᠦᠯᠬᠦ ᠶᠢ ᠪᠠᠲᠤᠯᠠᠨ᠂ ︽ᠨᠢᠭᠡ ᠮᠧᠲᠷ ᠤᠨ ᠱᠤᠭᠤᠮ︾ ᠳᠣᠭᠢᠷᠠᠭᠤᠯᠵᠤ᠂ ᠦᠢᠯᠡᠴᠢᠯᠡᠭᠴᠢ᠂ ᠵᠣᠴᠢᠳ ᠤᠨ ᠠᠮᠠᠪᠴᠢ ᠵᠡᠭᠦᠵᠦ᠂ ᠠᠮᠤᠷ ᠲᠦᠪᠰᠢᠨ ᠤ ᠵᠠᠶ ᠲᠠᠢ ᠪᠠᠶᠢᠬᠤ ᠶᠢ ᠱᠠᠭᠠᠷᠳᠠᠬᠤ ᠬᠡᠷᠡᠭᠲᠡᠶ᠃      ᠨᠠᠢᠮᠠ᠂ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠡᠷᠬᠡᠪᠰᠢ ᠬᠦᠢᠲᠡᠨ ᠬᠡᠯᠬᠢᠶᠡᠲᠦ ᠢᠳᠡᠭᠡᠨ ᠢ ᠮᠠᠨ ᠤ ᠬᠤᠰᠢᠭᠤᠨ ᠳᠤ ᠣᠷᠣᠭᠤᠯᠬᠤ ᠠᠴᠠ 24 ᠴᠠᠭ ᠤᠨ ᠡᠮᠦᠨ᠎ᠡ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠪᠠᠷᠠᠭ᠎ᠠ ᠬᠤᠳᠠᠯᠳᠤᠨ ᠠᠪᠬᠤ ᠭᠡᠷᠡᠴᠢ ᠪᠠᠷᠢᠮᠲᠠ᠂ ᠪᠣᠭᠤᠮᠲᠠ ᠳᠤ ᠮᠡᠳᠡᠭᠦᠯᠬᠦ ᠭᠠᠷᠳᠠᠮ᠂ ᠬᠢᠯᠢ ᠪᠠᠷ ᠣᠷᠣᠭᠤᠯᠬᠤ ᠪᠠᠷᠠᠭ᠎ᠠ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠰᠠᠨ ᠭᠡᠷᠡᠴᠢ᠂ ᠪᠥᠭᠡᠮ ᠬᠦᠴᠢᠯ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ᠂ ᠠᠷᠢᠭᠤᠳᠬᠠᠭᠰᠠᠨ ᠭᠡᠷᠡᠴᠢ ᠵᠡᠷᠭᠡ ᠬᠢᠷᠢ ᠲᠡᠩᠴᠡᠭᠰᠡᠨ ᠭᠡᠷᠡᠴᠢ ᠪᠢᠴᠢᠭ ᠮᠠᠲ᠋ᠧᠷᠢᠶᠠᠯ ᠦᠭᠡᠶ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠬᠤᠳᠠᠯᠳᠤᠨ ᠠᠪᠬᠤ ᠪᠣᠶᠣ ᠵᠠᠬ᠎ᠠ ᠳᠡᠯᠭᠡᠭᠦᠷ ᠲᠤ ᠪᠣᠷᠣᠯᠠᠭᠤᠯᠵᠤ ᠪᠣᠯᠬᠤ ᠦᠭᠡᠶ᠃      ᠶᠢᠰᠦ᠂ ᠪᠠᠭᠰᠢ ᠰᠣᠷᠣᠭᠴᠢᠳ ᠤᠨ ᠠᠮᠠᠷᠠᠯᠲᠠ ᠶᠢᠨ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠰᠢᠨ᠎ᠡ ᠣᠨ᠂ ᠴᠠᠭᠠᠨ ᠰᠠᠷ᠎ᠠ ᠶᠢᠨ ᠬᠤᠭᠤᠴᠠᠭ᠎ᠠ ᠪᠣᠯ ᠶᠠᠭ ᠰᠠᠶ᠋ᠢᠬᠠᠨ ᠭᠠᠳᠠᠨ᠎ᠠ ᠰᠤᠷᠤᠯᠴᠠᠵᠤ ᠪᠠᠶᠢᠭ᠎ᠠ ᠰᠤᠷᠤᠭᠴᠢᠳ ᠤᠨ ᠬᠤᠰᠢᠭᠤᠨ ᠳᠠᠭᠠᠨ ᠪᠤᠴᠠᠬᠤ ᠣᠷᠭᠢᠯ ᠤᠨ ᠬᠤᠭᠤᠴᠠᠭ᠎ᠠ ᠪᠣᠯᠤᠨ᠎ᠠ᠂ ᠰᠣᠷᠣᠭᠴᠢ ᠶᠢᠨ ᠬᠡᠷ ᠤᠨ ᠠᠬᠠᠮᠠᠳ ᠪᠤᠶᠤ ᠰᠣᠷᠣᠭᠴᠢ ᠶᠢᠨ ᠲᠣᠰ ᠬᠥᠮᠦᠨ ᠨᠢ ᠰᠤᠮᠤ ᠪᠠᠯᠭᠠᠰᠤ ︵ᠲᠠᠯᠠᠪᠠᠶ︶᠂ ᠭᠠᠴᠠᠭ᠎ᠠ ︵ᠨᠡᠶᠢᠭᠡᠮ ᠲᠣᠭᠤᠷᠢᠭ︶᠎ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠭᠡᠷᠡᠴᠢ ᠶᠢ ᠬᠠᠷᠭᠤᠭᠤᠯᠤᠨ ᠪᠠᠶᠢᠴᠠᠭᠠᠬᠤ᠂ ᠨᠡᠶᠢᠭᠡᠮ ᠲᠣᠭᠤᠷᠢᠭ ︵ᠭᠠᠴᠠᠭ᠎ᠠ︶᠎ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ︔ ᠬᠤᠰᠢᠭᠤᠨ ᠤ ᠡᠯ᠎ᠡ ᠰᠤᠷᠭᠠᠭᠤᠯᠢ ᠨᠢ ᠰᠣᠷᠣᠭᠴᠢᠳ ᠤᠨ ᠰᠤᠷᠭᠠᠭᠤᠯᠢ ᠠᠴᠠ ᠰᠠᠯᠬᠤ ᠶᠢ ᠣᠨᠣᠪᠴᠢᠲᠠᠶ ᠪᠥᠭᠡᠳ ᠡᠮᠬᠢ ᠵᠢᠷᠤᠮ ᠲᠠᠢ ᠳᠣᠭᠢᠷᠠᠭᠤᠯᠵᠤ᠂ ᠰᠤᠷᠭᠠᠭᠤᠯᠢ ᠠᠴᠠ ᠰᠠᠯᠤᠭᠰᠠᠨ ᠰᠣᠷᠣᠭᠴᠢ ᠶᠢᠨ ᠰᠠᠭᠤᠷᠢ ᠲᠤᠭ᠎ᠠ ᠨᠢ ᠲᠣᠳᠣᠷᠬᠠᠶ᠂ ᠬᠡᠷ ᠲᠡᠭᠡᠨ ᠪᠤᠴᠠᠬᠤ ᠠᠶᠠᠯᠠᠯ ᠨᠢ ᠮᠦᠷᠳᠡᠯ ᠲᠠᠢ᠂ ᠬᠡᠷ ᠪᠦᠯᠢ ᠪᠤᠯᠤᠨ ᠰᠤᠷᠭᠠᠭᠤᠯᠢ ᠬᠠᠮᠵᠢᠯᠴᠠᠭᠰᠠᠨ ᠬᠠᠷᠢᠭᠤ ᠲᠣᠰᠬᠠᠯ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠃ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ ᠪᠠᠭᠰᠢ ᠰᠤᠷᠤᠭᠴᠢᠳ ᠬᠢᠯᠢ ᠶᠢᠨ ᠭᠠᠳᠠᠨᠠᠬᠢ ᠪᠤᠶᠤ ᠳᠤᠮᠳᠠ᠂ ᠥᠨᠳᠥᠷ ᠳᠡᠰ ᠤᠨ ᠲᠦᠭᠰᠢᠭᠦᠷᠢᠲᠡᠶ ᠭᠠᠵᠠᠷ ᠣᠷᠣᠨ ᠳᠤ ᠬᠦᠷᠴᠦ ᠲᠥᠷᠥᠯ ᠰᠠᠳᠤᠨ ᠢᠶᠠᠨ ᠡᠷᠭᠢᠵᠦ ᠠᠶᠢᠯᠴᠢᠯᠠᠬᠤ ᠠᠴᠠ ᠵᠠᠶᠢᠯᠠᠰᠬᠢᠵᠦ᠂ ᠦᠨᠡᠬᠡᠷ ᠣᠴᠢᠬᠤ ᠴᠢᠬᠤᠯᠠᠲᠠᠶ ᠪᠣᠯ ᠬᠤᠪᠢ ᠬᠥᠮᠦᠨ ᠤ ᠰᠡᠷᠭᠡᠶᠢᠯᠡᠡ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠃ ᠰᠤᠷᠭᠠᠭᠤᠯᠢ ᠨᠢ ᠮᠥᠷᠳᠡᠨ ᠰᠣᠷᠪᠣᠯᠵᠢᠯᠠᠭ᠎ᠠ ᠶᠢ ᠰᠠᠶᠢᠲᠤᠷ ᠬᠢᠵᠦ᠂ ᠪᠠᠭᠰᠢ ᠰᠤᠷᠤᠭᠴᠢᠳ ᠤᠨ ᠬᠡᠷ ᠲᠡᠭᠡᠨ ᠰᠠᠭᠤᠵᠤ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ᠃      ᠠᠷᠪᠠ᠂ ᠡᠮᠴᠢᠯᠡᠭᠡᠨ ᠤ ᠪᠠᠶᠢᠭᠤᠯᠤᠮᠵᠢ ᠶᠢᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠰᠠᠯᠠᠭ᠎ᠠ ᠲᠠᠰᠤᠭ᠂ ᠭᠤᠣᠯᠳᠠᠯᠭ᠎ᠠ ᠲᠠᠢ ᠰᠠᠯᠠᠭ᠎ᠠ ᠮᠥᠴᠢᠷ ᠪᠠ ᠭᠤᠣᠯᠳᠠᠯᠭ᠎ᠠ ᠲᠠᠢ ᠭᠤᠭᠴᠤᠭ᠎ᠠ ᠶᠢᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠯᠠᠯ ᠢ ᠬᠢᠨᠠᠨ ᠪᠠᠶᠢᠴᠠᠭᠠᠬᠤ ᠬᠠᠮᠢᠶᠠᠷᠤᠯᠲᠠ ᠶᠢ ᠴᠢᠩᠭᠠᠳᠬᠠᠨ᠂ ᠡᠮᠴᠢᠯᠡᠭᠡᠨ ᠤ ᠪᠠᠶᠢᠭᠤᠯᠤᠮᠵᠢ ᠳᠤ ᠤᠷᠤᠭᠰᠠᠨ ᠪᠣᠶ ᠪᠥᠬᠦᠶ ᠬᠥᠮᠦᠰ ᠴᠥᠮ ᠠᠮᠠᠪᠴᠢ ᠵᠡᠭᠦᠵᠦ᠂ ᠪᠡᠶ᠎ᠡ ᠶᠢᠨ ᠬᠠᠯᠠᠭᠤᠨ ᠢᠶᠠᠨ ᠬᠡᠮᠵᠢᠨ᠂ ᠡᠷᠡᠭᠦᠯ ᠮᠡᠨᠳᠦ ᠶᠢᠨ ᠺᠣᠳ᠋ ᠢᠶᠠᠨ ᠦᠵᠡᠭᠦᠯᠬᠦ ᠬᠡᠷᠡᠭᠲᠡᠶ᠃ ᠬᠠᠯᠠᠭᠤᠷᠠᠭᠰᠠᠨ ᠡᠪᠡᠳᠴᠢᠲᠡᠨ ᠢ ᠡᠮᠨᠡᠬᠦ ᠡᠭᠦᠳᠡᠨ ᠡᠮᠨᠡᠯᠭᠡ ᠶᠢᠨ ᠡᠪᠡᠳᠴᠢᠲᠡᠨ᠂ ᠡᠮᠨᠡᠯᠭᠡ ᠳᠤ ᠰᠢᠨ᠎ᠡ ᠪᠠᠷ ᠰᠠᠭᠤᠭᠰᠠᠨ ᠡᠪᠡᠳᠴᠢᠲᠡᠨ ᠵᠢᠴᠢ ᠪᠠᠷ᠎ᠠ ᠪᠣᠯᠤᠭᠰᠠᠳ ᠨᠢ ᠡᠮᠴᠢ ᠲᠠᠢ ᠬᠠᠮᠵᠢᠯᠴᠠᠨ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠲᠠᠬᠤᠯ ᠡᠪᠡᠳᠴᠢᠨ ᠤ ᠰᠤᠳᠤᠯᠤᠯ ᠤᠨ ᠲᠡᠦᠬᠡ ᠶᠢᠨ ᠪᠠᠶᠢᠴᠠᠭᠠᠯᠲᠠ ᠶᠢ ᠬᠢᠬᠦ ᠬᠡᠷᠡᠭᠲᠡᠶ᠃      ᠠᠷᠪᠠᠨ ᠨᠢᠭᠡ᠂ ᠭᠠᠴᠠᠭᠠᠨ ︵ᠨᠡᠶᠢᠭᠡᠮ ᠲᠣᠭᠤᠷᠢᠭ︶᠎ ᠎ ᠤ ᠰᠡᠷᠭᠡᠶᠢᠯᠡᠨ ᠡᠵᠡᠮᠳᠡᠬᠦ ᠠᠵᠢᠯ ᠤᠨ ᠨᠠᠷᠢᠯᠢᠬᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠳᠡᠢ᠃ ᠡᠯ᠎ᠡ ᠰᠤᠮᠤ ᠪᠠᠯᠭᠠᠰᠤᠨ ᠤ ᠬᠢᠨ ᠭᠠᠴᠠᠭ᠎ᠠ ︵ᠨᠡᠶᠢᠭᠡᠮ ᠲᠣᠭᠤᠷᠢᠭ︶᠎ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠴᠦᠨ ᠢ ᠵᠣᠬᠢᠶᠠᠨ ᠪᠠᠶᠢᠭᠤᠯᠵᠤ᠂ ᠭᠠᠴᠠᠭ᠎ᠠ ︵ᠨᠡᠶᠢᠭᠡᠮ ᠲᠣᠭᠤᠷᠢᠭ︶᠎ ᠶᠢᠨ ᠲᠤᠤᠷᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠭᠠᠴᠠᠭ᠎ᠠ ︵ ᠨᠡᠶᠢᠭᠡᠮ ᠲᠣᠭᠤᠷᠢᠭ︶  ᠎ ᠨᠢ ᠬᠠᠷᠢᠶ᠎ᠠ ᠲᠣᠭᠤᠷᠢᠭ ᠤᠨ ᠪᠦᠬᠦ ᠬᠦᠮᠦᠰ ᠤᠨ 7 ᠡᠳᠣᠷ ᠤᠨ ᠳᠣᠳᠣᠷᠠᠬᠢ ᠢᠷᠡᠵᠣ ᠶᠠᠪᠣᠭᠰᠠᠨ ᠪᠠᠶᠢᠳᠠᠯ ᠢ ᠳᠠᠩᠰᠠᠯᠠᠨ ᠪᠦᠷᠢᠳᠭᠡᠬᠦ ᠠᠵᠢᠯ ᠢ ᠳᠠᠷᠣᠶᠢᠬᠠᠨ ᠨᠠᠷᠢᠨ ᠬᠢᠨᠠᠮᠠᠭᠠᠶ ᠥᠷᠨᠢᠭᠦᠯᠵᠦ᠂ ᠢᠯᠠᠩᠭᠤᠶ᠎ᠠ ᠬᠢᠵᠢᠭ ᠤᠨ ᠳᠤᠮᠳᠠ᠂ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠢᠷᠡᠭᠰᠡᠨ ᠬᠥᠮᠦᠰ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠣᠯᠤᠨ ᠮᠥᠷᠳᠡᠨ ᠪᠠᠶᠢᠴᠠᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠳᠠᠯᠳᠠ ᠭᠡᠮ ᠢ ᠠᠷᠢᠯᠭᠠᠬᠤ ᠬᠡᠷᠡᠭᠲᠡᠶ᠃      ᠠᠷᠪᠠᠨ ᠬᠤᠶᠠᠷ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠤᠨ ᠠᠵᠢᠯ ᠤᠨ ᠦᠷ᠎ᠡ ᠪᠦᠲᠦᠮᠵᠢ ᠶᠢ ᠪᠠᠲᠤᠯᠠᠵᠤ᠂ ︽ᠳᠥᠷᠪᠡᠨ ᠲᠠᠯ᠎ᠠ︾᠎ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠨ᠎ᠡ ᠣᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠢ ᠲᠣᠭᠲᠠᠭᠠᠬᠤ ᠬᠡᠷᠡᠭᠲᠡᠶ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠬᠢᠨᠠᠨ ᠵᠢᠯᠣᠭᠤᠳᠴᠣ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠨᠠᠷᠢᠨ ᠬᠢᠨᠠᠮᠠᠭᠠᠶ ᠬᠠᠷᠢᠭᠤᠴᠠᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠡᠷᠡᠭᠦᠯ ᠮᠡᠨᠳᠦ᠂ ᠠᠮᠤᠷ ᠲᠦᠪᠰᠢᠨ᠂ ᠡᠶ᠎ᠡ ᠨᠠᠶᠢᠷᠠᠮᠳᠠᠭᠤ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ᠠᠰᠠᠭᠤᠨ ᠯᠠᠪᠯᠠᠬᠤ ᠤᠲᠠᠰᠤ᠄ 0479 — 3225010      ᠬᠤᠰᠢᠭᠤ ᠳᠣᠭᠳᠠᠭᠰᠠᠨ ᠬᠠᠯᠠᠭᠤᠷᠠᠭᠰᠠᠨ ᠡᠪᠡᠳᠴᠢᠳᠡᠨ ᠢ ᠡᠮᠨᠡᠬᠦ ᠡᠭᠦᠳᠡᠨ ᠡᠮᠨᠡᠯᠭᠡ᠄ 0479—6709612      ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0479 — 3220799      ᠵᠡᠭᠦᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ      ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                2020 ᠣᠨ ᠤ 1ᠰᠠᠷ᠎ᠠ ᠶᠢᠨ 7᠎ ᠤ ᠡᠳᠦᠷ  
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号