ᠵᠡᠭᠦᠨ ᠬᠠᠲᠠᠪᠴᠢ ᠬᠢᠯᠢ ᠶᠢᠨ ᠪᠠᠶᠢᠴᠠᠭᠠᠯᠲᠠ ᠶᠢᠨ ᠥᠷᠲᠡᠭᠡ ᠠᠩᠬᠠᠳᠤᠭᠠᠷ ᠤᠳᠠᠭᠠᠨ ᠤ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠢ ᠪᠡᠯᠭᠡᠯᠡᠬᠦ ᠰᠢᠷᠢᠰ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/1/8
      1 ᠰᠠᠷ᠎ᠠ ᠶᠢᠨ 7 ᠤ ᠡᠳᠦᠷ᠂ ᠵᠡᠭᠦᠨ ᠬᠠᠲᠠᠪᠴᠢ ᠬᠢᠯᠢ ᠶᠢᠨ ᠪᠠᠶᠢᠴᠠᠭᠠᠯᠲᠠ ᠶᠢᠨ ᠥᠷᠲᠡᠭᠡ ᠨᠢ ᠰᠢᠷᠢᠰ ᠠᠵᠢᠯᠯᠠᠭ᠎ᠠ ᠥᠷᠨᠢᠭᠦᠯᠵᠦ᠂  ᠠᠩᠬᠠᠳᠤᠭᠠᠷ ᠤᠳᠠᠭᠠᠨ ᠤ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠢ ᠪᠡᠯᠭᠡᠯᠡᠪᠡ᠃      ᠦᠳᠡ ᠶᠢᠨ ᠡᠮᠦᠨᠡᠬᠢ 9 ᠴᠠᠭ ᠲᠤ᠂ ᠤᠯᠤᠰ ᠤᠨ ᠲᠤᠭ ᠮᠠᠨᠳᠤᠭᠤᠯᠬᠤ ᠶᠣᠰᠣᠯᠠᠯ ᠡᠬᠢᠯᠡᠵᠦ᠂ ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠠᠶ᠎ᠠ︾ ᠶᠢᠨ ᠳᠤᠮᠳᠠ ᠲᠠᠪᠤᠨ ᠣᠳᠣᠲᠤ ᠤᠯᠠᠭᠠᠨ ᠲᠤᠭ ᠠᠯᠭᠤᠷᠬᠠᠨ ᠢᠶᠠᠷ ᠮᠠᠨᠳᠤᠵᠤ᠂ ᠰᠠᠯᠬᠢᠨ ᠤ ᠠᠶ᠎ᠠ ᠪᠠᠷ ᠨᠠᠮᠢᠷᠠᠨ᠎ᠠ᠃ ᠪᠥᠬᠦ ᠠᠷᠠᠳ ᠤᠨ ᠴᠠᠭᠳᠠᠭ᠎ᠠ ᠤᠯᠤᠰ ᠤᠨ ᠲᠤᠭ ᠲᠤ ᠬᠠᠨᠳᠤᠨ ᠶᠣᠰᠣᠯᠠᠵᠤ᠂ ᠡᠬᠡ ᠤᠯᠤᠰ ᠲᠠᠭᠠᠨ ᠦᠨᠡᠨᠴᠢ ᠰᠢᠳᠤᠷᠭᠤ᠂ ᠬᠠᠶᠢᠷᠠᠲᠠᠶ ᠪᠠᠶᠢᠬᠤ ᠪᠠᠨ ᠢᠯᠡᠳᠬᠡᠪᠡ᠃ ᠳᠠᠷᠠᠭ᠎ᠠ ᠨᠢ᠂ ᠴᠠᠭᠳᠠᠭᠠᠨ ᠲᠤᠭ ᠲᠤ ᠲᠠᠩᠭᠠᠷᠢᠭᠯᠠᠬᠤ ᠶᠣᠰᠣᠯᠠᠯ ᠶᠠᠪᠤᠭᠳᠠᠭᠤᠯᠵᠤ᠂ ᠪᠦᠬᠦ ᠠᠷᠠᠳ ᠤᠨ ᠴᠠᠭᠳᠠᠭ᠎ᠠ ᠴᠠᠭᠳᠠᠭᠠᠨ ᠲᠤᠭ ᠲᠤ ᠬᠠᠨᠳᠤᠨ ᠲᠥᠪ ᠴᠢᠩᠭ᠎ᠠ ᠪᠠᠷ ᠲᠠᠩᠭᠠᠷᠢᠭᠯᠠᠪᠠ᠃ ᠤᠯᠤᠰ ᠤᠨ ᠲᠤᠭ ᠮᠠᠨᠳᠤᠭᠤᠯᠬᠤ᠂ ᠴᠠᠭᠳᠠᠭᠠᠨ ᠲᠤᠭ ᠲᠤ ᠬᠠᠨᠳᠤᠨ ᠲᠠᠩᠭᠠᠷᠢᠭᠯᠠᠬᠤ ᠶᠣᠰᠣᠯᠠᠯ ᠢᠶᠠᠷ ᠳᠠᠮᠵᠢᠭᠤᠯᠤᠨ᠂ ᠴᠠᠭᠳᠠᠭᠠᠨ ᠰᠡᠳᠬᠢᠯ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠲᠡᠮᠡᠴᠡᠯ ᠤᠨ ᠵᠣᠷᠢᠭ ᠢ ᠨᠢ ᠬᠥᠪᠴᠢᠯᠡᠵᠦ᠂ ᠪᠥᠬᠦ ᠠᠷᠠᠳ ᠤᠨ ᠴᠠᠭᠳᠠᠭ᠎ᠠ ᠶᠢᠨ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ᠂ ᠬᠢᠯᠢ ᠶᠢᠨ ᠬᠠᠮᠠᠭᠠᠯᠠᠯᠲᠠ ᠶᠢ ᠴᠢᠩᠭᠠᠳᠬᠠᠬᠤ ᠢᠲᠡᠭᠡᠯ ᠵᠣᠷᠢᠭ ᠢ ᠨᠢ ᠴᠢᠩᠭᠠᠷᠠᠭᠤᠯᠪᠠ᠃      ᠦᠳᠡ ᠶᠢᠨ ᠡᠮᠦᠨᠡᠬᠢ 10 ᠴᠠᠭ ᠲᠤ᠂ ᠴᠠᠭᠳᠠᠭᠠᠨ ᠤ ᠳᠠᠭᠤᠤ ᠶᠢ ᠳᠠᠭᠤᠯᠠᠬᠤ ᠠᠵᠢᠯᠯᠠᠭ᠎ᠠ ᠡᠬᠢᠯᠡᠵᠦ᠂ ︽ᠠᠷᠠᠳ ᠤᠨ  ᠴᠠᠭᠳᠠᠭ᠎ᠠ ᠠᠷᠠᠳ ᠲᠦᠮᠡᠨ ᠤ ᠲᠥᠯᠥᠭᠡ᠂ ᠮᠠᠨ ᠤ ᠨᠡᠷ᠎ᠡ ᠴᠠᠭᠳᠠᠭᠠᠨ ᠰᠦᠯᠳᠡ ᠶᠢᠨ ᠳᠤᠮᠳᠠ ᠭᠢᠯᠠᠯᠵᠠᠨ᠎ᠠ︾ ᠭᠡᠬᠦ ᠦᠭᠡ ᠥᠭᠦᠯᠡᠪᠦᠷᠢ ᠨᠢ  ᠪᠥᠬᠦ ᠠᠷᠠᠳ ᠤᠨ ᠴᠠᠭᠳᠠᠭ᠎ᠠ ᠶᠢᠨ ᠢᠲᠡᠭᠡᠯ ᠵᠤᠷᠢᠭ ᠢ  ᠬᠥᠪᠴᠢᠯᠡᠵᠦ ᠂ ᠨᠢᠭᠡ ᠤᠳᠠᠭᠠᠨ ᠤ ᠢᠷᠠᠭᠤ ᠠᠯᠳᠠᠷ ᠤᠨ ᠬᠥᠮᠦᠵᠢᠯ ᠬᠦᠷᠲᠡᠭᠡᠵᠦ᠂  ᠠᠷᠠᠳ ᠤᠨ  ᠴᠠᠭᠳᠠᠭ᠎ᠠ ᠭᠡᠬᠦ ᠡᠨᠡ ᠬᠦ ᠡᠷᠬᠢᠮ ᠳᠡᠭᠡᠳᠦ ᠠᠵᠢᠯ ᠢ ᠨᠡᠩ ᠢᠯᠡᠭᠦᠦ ᠨᠠᠨᠳᠢᠩᠨᠠᠬᠤ ᠪᠤᠯᠭᠠᠪᠠ᠃      11 ᠴᠠᠭ ᠲᠤ᠂ ᠠᠩᠬᠠᠳᠠᠭᠴᠢ ᠴᠠᠭᠳᠠᠭᠠᠨ ᠪᠠᠶᠠᠷ ᠢ ᠪᠡᠯᠭᠡᠯᠡᠬᠦ ᠪᠥᠬᠦ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ  ᠴᠠᠭᠳᠠᠭᠠᠨ ᠤ ᠪᠡᠶ᠎ᠡ ᠴᠢᠭᠢᠷᠠᠭᠵᠢᠭᠤᠯᠬᠤ ᠭᠤᠤᠯ ᠰᠡᠳᠦᠪᠲᠦ ᠮᠠᠷᠠᠽᠤᠨ ᠤᠷᠤᠯᠳᠤᠭᠠᠨ ᠵᠢᠩᠬᠢᠨᠢ ᠪᠠᠷ ᠡᠬᠢᠯᠡᠪᠡ᠃ ᠤᠷᠤᠯᠳᠤᠭᠠᠨ ᠤ ᠶᠠᠪᠤᠴᠠ ᠳᠤ᠂ ᠪᠥᠬᠦ ᠠᠷᠠᠳ ᠤᠨ ᠴᠠᠭᠳᠠᠭ᠎ᠠ - 36  ᠭᠷᠠᠳᠥᠰ ᠤᠨ  ᠬᠦᠢᠲᠡᠨ ᠢ ᠢᠯᠡᠨ ᠳᠠᠪᠠᠵᠤ᠂ ᠨᠠᠷ ᠨᠢᠭᠡ ᠨᠢᠭᠡ ᠪᠠᠷ ᠢᠶᠠᠨ ᠭᠠᠪᠰᠢᠭᠠᠶᠢᠯᠠᠨ ᠲᠡᠮᠡᠴᠡᠵᠦ᠂ ᠡᠷᠴᠢ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂  ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠵᠣᠷᠢᠭ ᠰᠠᠨᠠᠭ᠎ᠠ ᠶᠢ ᠭᠦᠢᠴᠡᠳ  ᠪᠠᠳᠠᠷᠠᠭᠤᠯᠤᠨ᠂ ᠨᠢᠭᠡ ᠤᠳᠠᠭᠠᠨ ᠤ ᠤᠷᠤᠯᠳᠤᠭᠠᠨ ᠢᠶᠠᠷ ᠴᠡᠷᠢᠭ  ᠪᠤᠯᠪᠠᠰᠣᠷᠠᠭᠰᠠᠨ ᠦᠷ᠎ᠡ ᠪᠦᠲᠦᠮᠵᠢ ᠶᠢ ᠰᠢᠯᠭᠠᠵᠤ ᠂ ᠰᠢᠯᠢᠳᠡᠭ ᠬᠢᠷᠢ ᠪᠦᠲᠦᠮᠵᠢ ᠪᠠᠷ ᠠᠩᠬᠠᠳᠤᠭᠠᠷ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠪᠡ᠃      ᠠᠩᠬᠠᠳᠤᠭᠠᠷ ᠤᠳᠠᠭᠠᠨ ᠤ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠢ ᠪᠠᠶᠠᠷᠯᠠᠨ ᠤᠭᠲᠤᠬᠤ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠢᠨ᠎ᠡ ᠴᠠᠭ ᠦᠶ᠎ᠡ ᠶᠢᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠶᠢᠨ ᠨᠢᠭᠡ ᠰᠡᠳᠬᠢᠯ ᠢᠶᠠᠷ ᠨᠠᠮ ᠳᠠᠭᠠᠨ ᠬᠠᠨᠳᠤᠵᠤ᠂ ᠨᠤᠭᠤᠷᠠᠰᠢ ᠥᠬᠡᠶ ᠲᠡᠮᠡᠴᠡᠬᠦ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂  ᠪᠥᠬᠦ  ᠠᠷᠠᠳ ᠤᠨ ᠴᠠᠭᠳᠠᠭ᠎ᠠ  ᠳᠤᠮᠳᠠ ᠴᠡᠷᠢᠭ ᠪᠣᠯᠪᠠᠰᠤᠷᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠠᠷᠠᠳ ᠤᠨ ᠴᠠᠭᠳᠠᠭ᠎ᠠ ᠶᠢᠨ ᠠᠵᠢᠯ ᠤᠨ ᠣᠮᠣᠭᠰᠢᠯᠲᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠵᠦ᠂ ᠥᠷᠭᠡᠨ ᠣᠯᠠᠨ ᠠᠷᠠᠳ ᠤᠨ ᠴᠠᠭᠳᠠᠭ᠎ᠠ ᠶᠢᠨ ᠨᠠᠮ ᠪᠠ ᠠᠷᠠᠳ ᠲᠦᠮᠡᠨ ᠠᠴᠠ ᠣᠯᠭᠤᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠡᠭᠦᠷᠭᠡᠯᠡᠵᠦ᠂ ᠤᠯᠤᠰ ᠤᠨ ᠡᠭᠦᠳᠡ ᠪᠠᠨ ᠰᠠᠶᠢᠲᠤᠷ ᠰᠠᠬᠢᠵᠤ᠂ ᠰᠠᠭᠤᠭ᠎ᠠ ᠣᠷᠤᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠪᠠᠶᠢᠳᠠᠯ ᠳᠤ ᠬᠤᠪᠢ ᠨᠡᠮᠡᠷᠢ ᠪᠠᠨ ᠦᠵᠡᠭᠦᠯᠬᠦ ᠶᠢ ᠨᠡᠩ ᠢᠯᠡᠭᠦᠦ ᠵᠤᠷᠢᠭᠵᠢᠭᠤᠯᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号