ᠬᠤᠰᠢᠭᠤ ᠨᠠᠮ ᠤᠨ ᠬᠤᠷᠢᠶ᠎ᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠭᠤᠷᠪᠠᠳᠤᠭᠠᠷ ᠱᠠᠭᠠᠷᠲᠠᠨ ᠪᠠᠶᠢᠴᠠᠭᠠᠬᠤ ᠳᠤᠭᠤᠶᠢᠯᠠᠩ ᠨᠢ ᠠᠯᠲᠠᠨᠬᠢᠯᠢ ᠰᠤᠮᠤᠨ ᠳᠤ  ᠬᠦᠨᠵᠡᠬᠡᠶᠢᠷᠠᠨ  ᠲᠤᠰᠬᠠᠢ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2021/10/13
      10 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠭᠤᠷᠪᠠᠳᠤᠭᠠᠷ ᠱᠠᠭᠠᠷᠲᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ ᠶᠢᠨ ᠯᠢᠶᠠᠩ᠂ ᠳᠡᠳ᠋ ᠳᠤᠭᠤᠶᠢᠯᠠᠩ ᠤᠨ ᠳᠠᠷᠤᠭ᠎ᠠ ᠡᠤ ᠳ᠋ᠦᠩ ᠮᠧᠶ ᠨᠡᠷ ᠠᠯᠲᠠᠨᠬᠢᠯᠢ ᠰᠤᠮᠤᠨ ᠳᠤ ᠭᠦᠨᠵᠡᠭᠡᠶᠢᠷᠡᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠲᠠᠨ ᠪᠠᠶᠢᠴᠠᠭᠠᠨ ᠵᠢᠯᠤᠭᠤᠳᠪᠠ᠃
     ᠱᠠᠭᠠᠷᠲᠠᠨ ᠪᠠᠶᠢᠴᠠᠭᠠᠬᠤ ᠳᠤᠭᠤᠶᠢᠯᠠᠩ ᠨᠢ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠮᠠᠨ ᠤ ᠰᠤᠮᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠣᠨᠣᠯ ᠤᠨ ᠰᠤᠷᠤᠯᠴᠠᠯᠭ᠎ᠠ᠂ ︽ᠱᠠᠯᠢᠭ ᠵᠠᠪᠬᠠᠶ ᠦᠢᠯᠡ ᠶᠠᠪᠣᠳᠠᠯ ᠢ ᠬᠤᠷᠢᠭᠯᠠᠨ ᠬᠠᠤᠯᠢ ᠪᠤᠰᠤ ᠬᠡᠪᠯᠡᠯ ᠤᠨ ᠪᠦᠲᠦᠭᠡᠭᠳᠡᠭᠦᠨ ᠳᠤ ᠴᠣᠬᠢᠯᠲᠠ ᠥᠭᠬᠦ  ︾ ᠠᠵᠢᠯ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠪᠠᠶᠢᠭᠤᠯᠤᠯᠲᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠠᠲᠤᠯᠬᠡ ᠶᠢᠨ ᠰᠠᠯᠪᠤᠷᠢ ︵ᠥᠷᠲᠡᠭᠡ︶  ᠶᠢᠨ ᠪᠠᠶᠢᠭᠤᠯᠤᠯᠲᠠ ᠵᠢᠴᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠭᠰᠠᠨ ᠪᠥᠭᠡᠳ ᠣᠯᠤᠭᠰᠠᠨ ᠦᠷ᠎ᠡ ᠪᠦᠲᠦᠮᠵᠢ ᠶᠢ ᠭᠦᠶᠴᠡᠳ ᠨᠤᠲᠠᠯᠠᠪᠠ  ᠃
     ᠱᠠᠭᠠᠷᠲᠠᠨ ᠪᠠᠶᠢᠴᠠᠭᠠᠬᠤ ᠳᠤᠭᠤᠶᠢᠯᠠᠩ ᠠᠴᠠ᠂ ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠵᠢᠭᠠᠪᠤᠷᠢ ᠶᠢᠨ ᠵᠣᠷᠢᠭ ᠰᠠᠨᠠᠭ᠎ᠠ ᠶᠢ  ᠪᠠᠲᠤ ᠴᠡᠬᠡᠵᠢᠯᠠᠨ᠂ ︽ᠲᠦᠷᠪᠡᠨ ᠬᠠᠷᠢᠭᠤᠴᠠᠯᠭ᠎ᠠ︾ ᠶᠢ ᠨᠠᠶᠢᠲᠠᠪᠤᠷᠢᠵᠢᠭᠤᠯᠤᠨ᠂ ᠴᠠᠭ ᠲᠤᠬᠠᠢ ᠳᠤᠨᠢ  ᠰᠤᠲᠤᠯᠤᠨ ᠮᠠᠭᠠᠳᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠢ ᠪᠠᠬᠢᠵᠢᠬᠦᠯᠬᠦ ᠬᠡᠷᠡᠭᠲᠡᠢ︔ ᠬᠤᠶᠠᠷ ᠲᠤ᠂ ᠰᠠᠭᠤᠷᠢᠨ ᠭᠠᠵᠠᠷ ᠤᠨ ᠲᠤᠤᠷᠴᠢᠯᠠᠨ ᠬᠠᠮᠢᠶᠠᠷᠤᠯᠲᠠ ᠶᠢ ᠴᠢᠩᠭᠠᠳᠬᠠᠵᠤ᠂ ᠡᠩᠨᠡᠭᠡᠨ ᠤ ᠪᠠᠶᠢᠭᠤᠯᠤᠯᠲᠠ ᠶᠢᠨ ᠲᠤᠤᠷᠴᠢᠯᠠᠭᠰᠠᠨ ᠨᠢᠭᠡ ᠴᠤᠬᠴᠠᠵᠢᠯᠳᠠ ᠶᠢ ᠪᠠᠶᠠᠯᠠᠬᠦᠯᠤᠨ᠂ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢᠨ ᠲᠦᠷᠢᠮ ᠢ ᠨᠠᠶᠢᠲᠠᠪᠤᠷᠢᠵᠢᠭᠤᠯᠤᠨ᠂ ᠬᠠᠷᠢᠶ᠎ᠠ ᠤᠷᠤᠨ ᠳᠠᠬᠢ ᠬᠠᠷᠢᠭᠤᠴᠠᠯᠭ᠎ᠠ ᠪᠠᠨ ᠦᠨᠡᠨᠬᠦ ᠪᠤᠲᠠᠲᠠᠶᠢᠵᠢᠭᠤᠯᠬᠤ ᠬᠡᠷᠡᠭᠲᠡᠢ︔ ᠭᠤᠷᠪᠠ ᠳᠤ᠂ ᠰᠦᠯᠵᠢᠶᠡᠨ ᠤ  ᠦᠨᠠᠯᠠᠯᠲᠠ ᠶᠢ ᠬᠦᠳᠦᠯᠦᠨ ᠵᠢᠯᠣᠭᠤᠳᠬᠤ ᠠᠵᠢᠯ ᠢ ᠴᠢᠩᠭᠠᠳᠬᠠᠨ᠂ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠤᠨ ᠠᠭᠤᠰᠤᠯᠴᠠᠯ ᠢ ᠠᠬᠢᠭᠤᠯᠵᠤ᠂ ᠲᠤᠮᠤ ᠰᠦᠯᠵᠢᠶ᠎ᠠ᠂ ᠲᠤᠮᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠮ ᠵᠠᠭᠤᠴᠢᠯᠠᠭᠤᠷ ᠤᠨ ᠠᠵᠢᠯ ᠤᠨ ᠪᠠᠶᠢᠷᠢᠰᠢᠯ ᠢ ᠪᠠᠶᠢᠭᠤᠯᠬᠤ ᠶᠢ ᠴᠢᠩᠭᠠᠳᠬᠠᠬᠤ ᠬᠡᠷᠡᠭᠲᠡᠢ︔ ᠲᠦᠷᠪᠡ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠪᠠᠶᠢᠴᠠᠭᠠᠨ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠶᠯᠡᠳᠦᠯᠭᠡ ᠶᠢᠨ ᠠᠵᠢᠯᠯᠠᠭ᠎ᠠ ᠪᠠᠷ ᠰᠤᠷᠤᠯᠴᠠᠯᠭ᠎ᠠ ᠬᠥᠮᠦᠵᠢᠯ ᠤᠨ ᠠᠵᠢᠯ ᠤᠨ ᠵᠣᠭᠰᠣᠴᠠ ᠪᠣᠯᠭᠠᠵᠤ᠂ ᠬᠠᠷᠢᠭᠤᠴᠠᠯᠭᠠᠲᠤ ᠤᠬᠠᠮᠰᠠᠷ ᠪᠠ ᠡᠭᠦᠷᠭᠡᠲᠦ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ︔ ᠲᠠᠪᠤ ᠳᠤ᠂ ᠥᠪᠡᠷᠮᠢᠴᠡ ᠣᠨᠴᠠᠯᠢᠭ ᠲᠠᠢ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠰᠠᠭᠤᠷᠢᠨ ᠭᠠᠵᠠᠷ ᠲᠠᠢ ᠣᠷᠭᠠᠨᠢᠭ ᠢᠶᠠᠷ ᠤᠶᠠᠯᠲᠤᠭᠤᠯᠤᠨ᠂ ᠭᠤᠤᠯᠯᠠᠬᠤ ᠦᠵᠡᠯ ᠤᠬᠠᠮᠰᠠᠷ ᠤᠨ ᠬᠡᠯᠪᠡᠷᠢ ᠶᠢᠨ ᠤᠬᠠᠭᠤᠯᠭ᠎ᠠ ᠶᠢᠨ ᠰᠠᠭᠤᠷᠢᠨ ᠭᠠᠵᠠᠷ ᠢ ᠪᠠᠬᠢᠵᠢᠭᠦᠯᠵᠦ᠂ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢ ᠰᠤᠷᠤᠯᠴᠠᠨ ᠤᠬᠠᠭᠤᠯᠬᠤ᠂ ᠪᠦᠯᠬᠦᠮ ᠢᠶᠠᠷ ᠦᠢᠯᠡᠳᠦᠯᠭᠡᠵᠢᠭᠦᠯᠬᠦ᠂ ᠰᠢᠨ᠎ᠡ ᠴᠠᠭ ᠦᠶ᠎ᠡ ᠶᠢᠨ ᠰᠢᠨ᠎ᠡ ᠦᠵᠡᠯ ᠰᠠᠨᠠᠭ᠎ᠠ ᠰᠢᠨ᠎ᠡ ᠤᠨᠤᠯ ᠢ ᠳᠡᠯᠭᠡᠨ ᠦᠵᠡᠭᠦᠯᠬᠦ ᠶᠢ ᠨᠢᠭᠡ ᠴᠤᠭᠴᠠᠵᠢᠭᠤᠯᠤᠭᠰᠠᠨ ᠰᠢᠨ᠎ᠡ ᠲᠠᠪᠴᠠᠩ᠂ ᠰᠢᠨ᠎ᠡ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号