ᠠᠯᠲᠠᠨᠬᠢᠯᠢ ᠰᠣᠮᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ  ᠪᠠᠶᠢᠷᠢᠯᠠᠭᠤᠯᠤᠯᠲᠠ ᠵᠢᠴᠢ ᠪᠣᠯᠪᠠᠰᠤᠷᠠᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/10/13
      10 ᠰᠠᠷ᠎ᠠ ᠶᠢᠨ 11 ᠤ ᠡᠳᠦᠷ᠂ ᠠᠯᠲᠠᠨᠬᠢᠯᠢ ᠰᠣᠮᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠪᠠᠶᠢᠷᠢᠯᠠᠭᠤᠯᠤᠯᠲᠠ ᠵᠢᠴᠢ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠰᠣᠮᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠠᠯᠲᠠ ᠨᠥᠬᠦᠷ ᠠᠴᠠ ᠡᠷᠬᠢᠯᠠᠨ᠂ ᠰᠤᠮᠤᠨ ᠤ ᠣᠳᠣᠷᠢᠳᠬᠤ ᠪᠠᠭ ᠤᠨ ᠭᠡᠰᠢᠭᠦᠨ᠂ ᠪᠥᠬᠦ ᠺᠠᠳ᠋ᠷ ᠠᠵᠢᠯᠲᠠᠨ᠂ ᠡᠯ᠎ᠡ ᠭᠠᠴᠠᠭ᠎ᠠ  ︵ᠨᠡᠶᠢᠭᠡᠮ ᠲᠣᠭᠤᠷᠢᠭ︶ ᠶᠢᠨ  ︽ᠬᠤᠶᠠᠷ ᠵᠥᠪᠯᠡᠯ  ︾  ᠤᠨ ᠬᠡᠰᠢᠭᠦᠳ ᠬᠤᠷᠠᠯ ᠳᠤ ᠣᠷᠣᠯᠴᠠᠪᠠ  ᠃      ᠬᠤᠷᠠᠯ ᠳᠤ᠂ ᠰᠣᠮᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠰᠦᠬᠡ ᠨᠥᠬᠦᠷ ᠠᠴᠠ  ︽ᠠᠯᠲᠠᠨᠬᠢᠯᠢ ᠰᠣᠮᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠥᠪᠯᠡᠯ ᠵᠢᠴᠢ ᠠᠯᠪᠠᠨ ᠭᠡᠷ ᠪᠣᠯᠤᠨ ᠠᠵᠢᠯ ᠤᠨ ᠪᠠᠶᠢᠭᠤᠯᠤᠮᠵᠢ ᠶᠢ ᠪᠠᠶᠢᠭᠤᠯᠬᠤ ᠲᠤᠬᠠᠢ ᠮᠡᠳᠡᠭᠳᠡᠯ︾ ᠢ ᠤᠯᠠᠮᠵᠢᠯᠠᠭᠰᠠᠨ ᠪᠥᠭᠡᠳ ︽ᠠᠯᠲᠠᠨᠬᠢᠯᠢ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠡᠷᠡᠭᠵᠢᠭᠦᠯᠬᠦ ᠲᠥᠰᠦᠯ︾ ᠳᠤ ᠨᠠᠷᠢᠨ ᠵᠠᠳᠠᠯᠤᠯᠲᠠ ᠬᠢᠪᠠ  ᠃
          ᠬᠤᠷᠠᠯ ᠳᠤ᠂ ᠰᠣᠮᠣᠨ ᠤ ᠨᠠᠮ ᠤᠨ ᠬᠤᠷᠢᠶᠠᠨ ᠤ ᠱᠦᠵᠢ ᠶᠣᠰᠣᠲᠦ ᠨᠥᠬᠦᠷ ᠠᠴᠠ  ᠴᠢᠬᠤᠯᠠᠴᠢᠯᠠᠭᠰᠠᠨ ᠨᠢ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠲᠠᠬᠡᠭᠰᠢᠯᠠᠬᠦᠯᠤᠨ᠂ ᠦᠵᠡᠯ ᠲᠠᠨᠢᠯᠲᠠ  ᠪᠠᠨ ᠨᠢᠭᠡᠳᠬᠡᠬᠦ ᠬᠡᠷᠡᠭᠲᠡᠶ᠃ ᠰᠣᠮᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ  ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠵᠤ᠂ ᠤᠯᠤᠰ ᠲᠥᠷᠦ ᠶᠢᠨ ᠴᠢᠭᠯᠡᠯ ᠢ ᠪᠠᠲᠤ ᠡᠵᠡᠮᠳᠡᠨ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ ᠲᠥᠷᠥᠯ ᠤᠨ ᠠᠵᠢᠯ ᠤᠨ ᠯᠠᠪᠳᠠᠭᠤᠨ ᠢᠶᠠᠷ ᠶᠠᠪᠣᠭᠳᠠᠬᠤ ᠶᠢ ᠪᠠᠲᠣᠯᠠᠬᠤ ᠬᠡᠷᠡᠭᠲᠠᠢ᠃ ᠬᠤᠶᠠᠷ ᠲᠤ᠂ ᠦᠨᠳᠦᠰᠦᠨ ᠵᠠᠷᠴᠢᠮ ᠢ ᠪᠠᠷᠢᠮᠲᠠᠯᠠᠨ᠂ ᠠᠷᠠᠳᠴᠢᠯᠠᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠱᠠᠭᠠᠷᠳᠠᠯᠭ᠎ᠠ ᠶᠢ ᠪᠠᠲᠤ ᠡᠵᠡᠮᠰᠢᠨ᠂ ᠬᠠᠤᠯᠢ ᠲᠦᠷᠢᠮ ᠢ ᠴᠢᠩᠭ᠎ᠠ  ᠵᠢᠷᠤᠮᠯᠠᠨ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠢᠮᠠᠭᠲᠠ  ᠪᠠᠷᠢᠮᠲᠠᠯᠠᠵᠤ᠂ ᠠᠷᠠᠳ ᠤᠨ ᠢᠳᠡᠪᠬᠢᠵᠢᠯ ᠢ ᠳᠠᠶᠢᠴᠢᠯᠠᠨ᠂ ᠠᠷᠠᠳ ᠤᠨ ᠰᠣᠩᠭᠤᠬᠤ ᠡᠷᠬᠡ ᠪᠣᠯᠤᠨ ᠰᠣᠩᠭᠤᠭᠳᠠᠬᠤ ᠡᠷᠬᠡ ᠶᠢ ᠬᠠᠤᠯᠢ ᠶᠣᠰᠣᠭᠠᠷ ᠪᠠᠲᠤᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ︽ᠪᠦᠬᠦ ᠶᠠᠪᠤᠴᠠ ᠶᠢᠨ ᠠᠷᠠᠳᠴᠢᠯᠠᠯ  ︾ ᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠵᠣᠬᠢᠶᠠᠨ ᠪᠠᠶᠢᠭᠤᠯᠣᠯᠲᠠ᠂ ᠤᠳᠤᠷᠢᠳᠬᠤ ᠪᠠᠨ ᠴᠢᠩᠭᠠᠳᠬᠠᠨ᠂ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠶ  ᠃ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠠᠷᠠᠯᠲᠠ ᠡᠭᠦᠷᠭᠡ᠂ ᠴᠠᠭ ᠬᠤᠭᠤᠴᠠᠭ᠎ᠠ᠂ ᠠᠷᠭ᠎ᠠ ᠬᠡᠮᠵᠢᠶ᠎ᠡ ᠪᠠ ᠠᠯᠬᠤᠮ ᠳᠠᠷᠠᠭ᠎ᠠ ᠶᠢ ᠴᠢᠩᠭ᠎ᠠ ᠵᠢᠷᠤᠮᠯᠠᠨ᠂ ᠨᠢᠭᠡᠳᠦᠯᠲᠡᠢ ᠲᠦᠯᠦᠪᠵᠢᠭᠦᠯᠵᠦ᠂  ᠣᠬᠠᠭᠤᠯᠣᠨ ᠬᠥᠲᠥᠯᠥᠨ ᠵᠢᠯᠤᠭᠤᠳᠴᠤ᠂ ᠰᠣᠩᠭᠤᠭᠤᠯᠢ ᠶᠢᠨ ᠠᠵᠢᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠢ ᠪᠠᠷ  ᠰᠠᠷᠬᠡᠶᠢᠯᠠᠨ᠂ ᠴᠠᠭ ᠲᠤᠬᠠᠢ ᠳᠤᠨᠢ ᠰᠢᠢᠳᠪᠦᠷᠢᠯᠡᠵᠦ᠂  ᠰᠣᠮᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ  ᠪᠠᠲᠣᠯᠠᠬᠤ ᠬᠡᠷᠡᠭᠲᠠᠢ  ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号