ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠢᠷᠡᠵᠡᠢ︕ ᠭᠡᠷ ᠲᠤ ᠴᠢᠨᠢ ᠴᠢᠲᠠᠪᠤᠷᠢ ᠠᠯᠳᠠᠬᠰᠠᠳ ᠪᠠᠶᠢᠪᠠᠯ ᠡᠷᠡᠮᠡᠯᠵᠡᠬᠦ ᠪᠠᠨ ᠪᠢᠲᠡᠭᠡᠢ ᠮᠠᠷᠲᠠ
ᠨᠡᠶᠢᠲᠡᠯᠡᠭᠰᠡᠨ ᠴᠠᠭ᠄
2021/10/14
      ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠭᠡᠳᠡᠭ ᠨᠢ ᠨᠠᠰᠤ ᠠᠭᠢᠭᠰᠠᠨ᠂ ᠡᠪᠡᠳᠴᠢᠨ ᠡᠮᠭᠡᠭ ᠪᠤᠶᠤ ᠵᠡᠮᠳᠡᠭ ᠠᠴᠠ ᠪᠣᠯᠵᠣ ᠡᠳᠦᠷ ᠲᠤᠲᠤᠮ ᠤᠨ ᠠᠮᠢᠳᠤᠷᠠᠯ ᠢᠶᠠᠨ ᠥᠪᠡᠰᠦᠪᠡᠨ ᠠᠷᠭᠠᠴᠠᠭᠠᠬᠤ ᠴᠢᠳᠠᠪᠤᠷᠢ ᠪᠠᠨ ᠠᠯᠳᠠᠭᠰᠠᠨ᠂ ᠣᠷᠳᠣ ᠬᠤᠭᠤᠴᠠᠭ᠎ᠠ ᠪᠠᠷ ᠬᠠᠷᠠᠭᠠᠯᠵᠠᠬᠤ ᠴᠢᠬᠤᠯᠠᠲᠠᠶ ᠬᠥᠮᠦᠨ ᠤ ᠰᠤᠪᠢᠯᠠᠯᠲᠠ ᠶᠢᠨ ᠵᠠᠷᠤᠳᠠᠯ ᠪᠤᠶᠤ ᠰᠤᠪᠢᠯᠠᠯᠲᠠ ᠶᠢᠨ ᠦᠢᠯᠡᠴᠢᠯᠡᠭᠡ ᠬᠠᠩᠭᠠᠭᠰᠠᠨ ᠳᠠᠭᠠᠳᠬᠠᠯ ᠢ ᠵᠢᠭᠠᠨ᠎ᠠ᠂ ᠡᠭᠦᠨ ᠢ ︽ᠨᠡᠶᠢᠭᠡᠮ ᠤᠨ ᠳᠠᠭᠠᠳᠬᠠᠯ ᠤᠨ ᠵᠢᠷᠭᠤᠳᠤᠭᠠᠷ ᠳᠠᠭᠠᠳᠬᠠᠯ︾ ᠭᠡᠳᠡᠭ᠃      ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠭᠰᠡᠨ ᠤ ᠳᠠᠷᠠᠭ᠎ᠠ᠂ ᠰᠤᠪᠢᠯᠠᠯᠲᠠ ᠶᠢᠨ ᠪᠠᠶᠢᠭᠤᠯᠤᠮᠵᠢ ᠰᠠᠷ᠎ᠠ ᠪᠦᠷᠢ 12 ᠴᠠᠭ ᠬᠡᠷ ᠲᠤᠨᠢ ᠬᠦᠷᠴᠦ ᠦᠶ᠋ᠯᠡᠴᠢᠯᠡᠨ᠎ᠡ᠂ ᠬᠡᠷ ᠤᠨ ᠬᠥᠮᠦᠰ  ᠨᠢ ᠥᠪᠡᠷ ᠤᠨ ᠪᠠᠶᠢᠳᠠᠯ ᠢᠶᠠᠨ ᠦᠨᠳᠦᠰᠦᠯᠡᠨ ᠤᠳᠠᠭ᠎ᠠ ᠪᠦᠷᠢ ᠬᠡᠷ ᠲᠤᠨᠢ ᠣᠴᠢᠬᠤ ᠴᠠᠭ ᠤᠨ ᠣᠷᠳᠣ ᠶᠢ ᠵᠥᠪᠳᠡᠯᠴᠡᠵᠦ ᠪᠠᠶᠢᠭᠠᠳ ᠨᠠᠰᠤᠲᠠᠨ ᠢᠶᠠᠨ ᠠᠷᠢᠭᠤᠨ ᠴᠡᠪᠡᠷ ᠢᠶᠠᠷ ᠬᠠᠷᠠᠭᠠᠯᠵᠠᠬᠤ᠂ ᠡᠷᠡᠭᠦᠯᠵᠢᠭᠦᠯᠬᠦ ᠰᠤᠪᠢᠯᠠᠯᠲᠠ ᠬᠢᠬᠦ ᠵᠡᠷᠭᠡ 32 ᠵᠦᠢᠯ ᠤᠨ ᠰᠤᠪᠢᠯᠠᠯᠲᠠ ᠬᠢᠵᠦ ᠪᠣᠯᠤᠨ᠎ᠠ᠃ ᠨᠠᠰᠤᠲᠠᠨ ᠢ ᠬᠠᠷᠠᠭᠠᠯᠵᠠᠬᠤ ᠳᠤ ᠬᠠᠮᠤᠭ ᠤᠨ ᠬᠦᠴᠢᠷᠲᠡᠶ ᠪᠥᠭᠡᠳ ᠬᠠᠮᠤᠭ ᠤᠨ ᠮᠡᠷᠭᠡᠵᠢᠯ ᠲᠠᠢ ᠬᠡᠰᠡᠭ ᠢ ᠨᠢ ᠦᠨᠳᠦᠰᠦᠨ ᠳᠡᠭᠡᠨ ᠪᠦᠷ ᠠᠰᠠᠷᠠᠭᠴᠢ ᠳᠤ ᠲᠤᠰᠢᠶᠠᠵᠤ᠂ ᠭᠡᠷ ᠪᠦᠯᠢ ᠶᠢᠨ ᠬᠢᠨᠢ ᠬᠠᠷᠠᠭᠠᠯᠵᠠᠬᠤ ᠳᠠᠷᠤᠭᠠᠰᠤ ᠶᠢ ᠲᠦᠢᠯ ᠤᠨ ᠶᠡᠭᠡ ᠪᠠᠷ ᠬᠥᠩᠭᠡᠷᠡᠭᠦᠯᠪᠡ ᠭᠡᠵᠦ ᠬᠡᠯᠡᠵᠦ ᠪᠣᠯᠤᠨ᠎ᠠ᠃ ᠡᠭᠦᠨ ᠠᠴᠠ ᠭᠠᠳᠠᠨ᠎ᠠ᠂ ᠰᠠᠷ᠎ᠠ ᠪᠦᠷᠢ ᠪᠠᠰᠠ 1000 ᠭᠠᠷᠤᠢ ᠲᠥᠭᠦᠷᠢᠭ ᠤᠨ ᠭᠡᠷ ᠪᠦᠯᠢ ᠶᠢᠨ ᠰᠤᠪᠢᠯᠠᠯᠲᠠ ᠶᠢᠨ ᠨᠥᠬᠦᠪᠥᠷᠢ ᠣᠯᠵᠤ᠂ ᠴᠢᠳᠠᠯ ᠲᠡᠩᠬᠡᠭᠡ ᠪᠠᠨ ᠠᠯᠳᠠᠭᠰᠠᠳ ᠤᠨ ᠭᠡᠷ ᠪᠦᠯᠢ ᠶᠢᠨ ᠬᠢᠨ ᠤ ᠠᠵᠤ ᠠᠬᠤᠢ ᠶᠢᠨ ᠳᠠᠷᠤᠭᠠᠰᠤ ᠶᠢ ᠶᠡᠭᠡ ᠪᠠᠷ ᠬᠥᠩᠭᠡᠷᠡᠭᠦᠯᠪᠡ᠃ ᠲᠠ ᠲᠤᠬᠠᠶ ᠶᠢᠨ ᠭᠠᠵᠠᠷ ᠤᠨ ᠡᠮᠨᠡᠯᠭᠡ ᠶᠢᠨ ᠳᠠᠭᠠᠳᠬᠠᠯ ᠳᠤ ᠣᠷᠣᠪᠠᠯ᠂ ᠰᠤᠷᠤᠭᠴᠢ᠂ ᠬᠡᠦᠬᠡᠳ ᠠᠴᠠ ᠭᠠᠳᠠᠨ᠎ᠠ ᠪᠦᠷ ᠤᠷᠳᠤ ᠬᠤᠭᠤᠴᠠᠭᠠᠨ ᠤ ᠬᠠᠮᠠᠭᠠᠯᠠᠬᠤ ᠳᠠᠭᠠᠳᠬᠠᠯ ᠭᠤᠶᠤᠴᠢᠯᠠᠵᠤ ᠪᠣᠯᠤᠨ᠎ᠠ᠃ ᠳᠠᠭᠠᠳᠬᠠᠯ ᠳᠤ ᠣᠷᠣᠯᠴᠠᠬᠤ ᠵᠠᠷᠤᠳᠠᠯ ᠨᠢ ᠵᠢᠯ ᠪᠦᠷᠢ 90 ᠲᠥᠭᠦᠷᠢᠭ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号