ᠡᠷᠢᠶᠡᠨᠭᠤᠪᠢ ᠨᠡᠶᠢᠭᠡᠮ ᠲᠣᠭᠤᠷᠢᠭ  ᠤᠨ ︽1314︾ ᠰᠠᠶᠢᠨ ᠳᠤᠷ᠎ᠠ ᠶᠢᠨ ᠥᠢᠯᠡᠴᠢᠯᠡᠭᠡᠨ ᠤ ᠠᠩᠭᠢ ᠨᠢ ᠵᠣᠯ ᠵᠢᠷᠭᠠᠯᠲᠤ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2021/10/14
      ᠡᠷᠢᠶᠡᠨᠭᠤᠪᠢ ᠨᠡᠶᠢᠭᠡᠮ ᠲᠣᠭᠤᠷᠢᠭ ᠪᠠᠶᠢᠭᠤᠯᠤᠭᠳᠠᠭᠰᠠᠨ ᠠᠴᠠ ᠨᠠᠰᠢ᠂ ︽1314︾ ᠰᠠᠶᠢᠨ ᠳᠤᠷ᠎ᠠ ᠶᠢᠨ ᠥᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠣ᠂ ︽1314 ᠬᠡᠷ ᠣᠷᠣᠨ ᠤ e ᠥᠷᠲᠡᠭᠡ︾ ᠶᠢ ᠪᠣᠶ ᠪᠣᠯᠭᠠᠬᠤ ᠪᠠᠷ ᠳᠠᠮᠵᠢᠭᠤᠯᠤᠨ ᠥᠢᠯᠡᠴᠢᠯᠡᠭᠡᠨ ᠤ ᠨᠠᠷᠠᠲᠤ ᠲᠡᠮᠳᠡᠭ ᠢᠶᠠᠨ ᠪᠣᠯᠭᠠᠵᠤ᠂ ︽1314︾ ᠰᠠᠶᠢᠨ ᠳᠤᠷ᠎ᠠ ᠶᠢᠨ ᠥᠢᠯᠡᠴᠢᠯᠡᠭᠡᠨ ᠤ ᠠᠵᠢᠯ ᠤᠨ ᠠᠷᠭ᠎ᠠ ᠶᠢ ᠳ᠋ᠦᠩᠨᠡᠨ᠂ ᠨᠡᠶᠢᠭᠡᠮ ᠲᠣᠭᠤᠷᠢᠭ ᠤᠨ ᠵᠠᠰᠠᠯᠲᠠ ᠪᠠ ᠰᠠᠶᠢᠨ ᠳᠤᠷ᠎ᠠ ᠶᠢᠨ  ᠥᠢᠯᠡᠴᠢᠯᠡᠭᠡ ᠶᠢ ᠠᠬᠢᠭᠤᠯᠵᠤ᠂ ︽ᠨᠠᠮ ᠤᠨ ᠭᠡᠰᠢᠭᠦᠨ ᠲᠦᠷᠦᠭᠦᠯᠡᠨ᠂ ᠣᠯᠠᠨ ᠡᠰᠢᠴᠢᠯᠡᠨ ᠣᠷᠣᠯᠴᠠᠵᠤ᠂ ᠣᠯᠠᠨ ᠲᠦᠮᠡᠨ  ᠳᠤ᠂ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ︾ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠪᠠ᠃      ᠡᠭᠦᠨ ᠳᠤ ︽1︾ ᠨᠢ ᠬᠡᠷ ᠣᠷᠣᠨ ᠤ e ᠥᠷᠲᠡᠭᠡ ᠪᠠᠶᠢᠭᠤᠯᠬᠤ ᠶᠠᠪᠤᠳᠠᠯ ᠪᠣᠯᠤᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠺᠠᠳ᠋ᠷ ᠤᠯᠠᠨ ᠲᠦᠮᠡᠨ ᠤ ᠬᠡᠷᠡᠭ ᠵᠥᠪᠯᠡᠬᠦ ᠭᠡᠷ᠂ ᠤᠯᠠᠨ ᠲᠦᠮᠡᠨ ᠳᠤ ᠦᠢᠯᠡᠴᠢᠯᠡᠬᠦ ᠭᠡᠷ ᠪᠣᠯᠭᠠᠨ ᠪᠠᠶᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ︽3︾ ᠪᠣᠯ ᠭᠤᠷᠪᠠᠨ ᠱᠠᠲᠤᠨ ᠤ ᠥᠢᠯᠡᠴᠢᠯᠡᠭᠡᠨ ᠤ ᠡᠩᠨᠡᠭᠡ ᠶᠢ ᠨᠢᠭᠲᠠᠷᠠᠭᠤᠯᠬᠤ ᠶᠠᠪᠤᠳᠠᠯ ᠪᠣᠯᠤᠨ᠎ᠠ᠃ ᠨᠡᠶᠢᠭᠡᠮ ᠲᠣᠭᠤᠷᠢᠭ ᠤᠨ ᠨᠠᠮ ᠤᠨ ᠡᠭᠦᠷ᠂ ᠠᠳᠠᠯ ᠠᠬᠤᠢ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠵᠡᠷᠭᠡ ᠭᠤᠷᠪᠠᠨ ᠬᠦᠴᠦᠨ ᠢ ᠨᠢᠭᠲᠠᠷᠠᠭᠤᠯᠵᠤ᠂ ᠬᠦᠴᠦ ᠪᠠᠨ ᠬᠠᠮᠲᠤᠳᠬᠠᠵᠤ᠂ ᠪᠠᠭ᠎ᠠ ᠲᠣᠭᠤᠷᠢᠭ ᠢ ᠤᠨᠢᠨ ᠳᠡᠭᠡᠷ᠎ᠡ ᠨᠢ ᠵᠠᠰᠠᠬᠤ ᠶᠡᠭᠡ ᠦᠢᠯᠡᠰ ᠢ ᠪᠦᠲᠦᠭᠡᠪᠡ᠃ ︽1︾ ᠪᠣᠯ ︽ᠤᠯᠠᠨ ᠲᠦᠮᠡᠨ ᠳᠤ ᠦᠢᠯᠡᠴᠢᠯᠡᠬᠦ︾ ᠪᠠᠷ ᠭᠤᠣᠯᠯᠠᠭᠤᠯᠤᠭᠰᠠᠨ ᠬᠠᠷᠠᠯᠲᠠ ᠮᠥᠨ᠃ ᠦᠢᠯᠡᠴᠢᠯᠡᠭᠡ ᠶᠢ ᠲᠣᠣᠷᠵᠢᠯ ᠳᠤ ᠬᠦᠷᠭᠡᠵᠦ᠂ ᠭᠡᠷ ᠪᠦᠯᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠡᠶᠡᠯᠡᠭᠦᠯᠵᠦ᠂ ︽ᠦᠢᠯᠡᠴᠢᠯᠡᠭᠡ ᠶᠢ ᠶᠡᠬᠡᠪᠡᠷ ᠬᠤᠯᠪᠣᠯᠳᠤᠭᠤᠯᠵᠤ᠂ ᠵᠣᠯ ᠵᠢᠷᠭᠠᠯ ᠢ ᠥᠴᠦᠬᠡᠨ ᠴᠦ ᠵᠦᠷᠢᠶ᠎ᠡ ᠦᠭᠡᠢ  ᠪᠠᠶᠢᠯᠭᠠᠬᠤ︾ ᠶᠢ ᠪᠡᠶᠡᠯᠡᠭᠦᠯᠬᠦ ᠬᠡᠷᠡᠭᠲᠡᠢ᠃ ︽4︾ ᠪᠣᠯ ︽ᠲᠦᠷᠪᠡᠨ ᠰᠡᠳᠬᠢᠯ︾ ᠢ ᠪᠠᠶᠢᠭᠤᠯᠤᠨ ᠲᠡᠭᠦᠯᠳᠡᠷᠵᠢᠭᠦᠯᠬᠦ ᠦᠢᠯᠡᠴᠢᠯᠡᠭᠡ ᠮᠥᠨ᠃ ᠠᠷᠠᠳ ᠲᠤ ᠳᠦᠬᠦᠮ ᠦᠵᠡᠭᠦᠯᠬᠦ ᠰᠦᠯᠵᠢᠶᠡᠨ ᠤ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠰᠠᠭᠤᠭᠠᠯᠢ ᠠᠷᠠᠳ  ᠤᠨ ︽ᠰᠡᠳᠬᠢᠯ ᠳᠤ ᠲᠠᠭᠠᠰᠢᠶᠠᠭᠰᠠᠨ︾ ᠪᠣᠯᠭᠠᠨ᠎ᠠ︔ ᠤᠨᠴᠠᠯᠢᠬᠳᠤ ᠰᠠᠶᠢᠨ ᠳᠤᠷ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠰᠡᠳᠬᠢᠯ ᠢ ᠠᠭᠤᠵᠢᠷᠠᠭᠤᠯᠤᠨ᠎ᠠ︔ ᠰᠣᠶᠣᠯ ᠲᠠᠮᠢᠷ ᠤᠨ ᠠᠵᠢᠯᠯᠠᠭᠠᠨ ᠤ ᠠᠭᠤᠯᠭ᠎ᠠ ᠶᠢ ᠰᠠᠭᠤᠭᠠᠯᠢ ᠠᠷᠠᠳ ᠢ ︽ᠪᠠᠶᠠᠷ ᠬᠥᠷ ᠲᠠᠢ︾  ᠪᠣᠯᠭᠠᠵᠣ᠂ ᠨᠡᠶᠢᠭᠡᠮ ᠤᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠢ ᠰᠠᠨᠠᠭ᠎ᠠ ᠠᠮᠤᠷ ᠪᠠᠶᠢᠯᠭᠠᠨ᠎ᠠ ᠪᠣᠯᠣᠨ᠎ᠠ᠃      2021 ᠣᠨ ᠤ ᠡᠬᠢ ᠪᠠᠷ᠂ ᠡᠷᠢᠶᠡᠨᠭᠤᠪᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠠᠳᠠᠯ ᠠᠬᠤᠶ᠂ ᠰᠦᠯᠵᠢᠶᠡᠨ ᠤ ᠠᠵᠢᠯᠲᠠᠨ ᠵᠡᠷᠭᠡ ᠭᠤᠷᠪᠠᠨ ᠲᠠᠯ᠎ᠠ ᠪᠠᠷ ᠢᠶᠠᠨ ᠬᠠᠮᠲᠤᠷᠠᠨ ᠠᠵᠢᠯᠲᠠᠨ ᠢ ᠤᠶᠢᠯᠠᠭᠠᠨ ᠪᠠᠶᠢᠴᠠᠭᠠᠵᠤ᠂  ᠬᠠᠷᠢᠶ᠎ᠠ ᠲᠣᠭᠤᠷᠢᠭ ᠲᠤ ᠭᠠᠭᠴᠠᠭᠠᠷ ᠰᠠᠭᠤᠭ᠎ᠠ ᠨᠠᠰᠤᠲᠠᠨ ᠣᠯᠠᠨ᠂ ᠥᠨᠳᠥᠷ ᠨᠠᠰᠤᠲᠠᠶ ᠨᠠᠰᠤᠲᠠᠨ ᠣᠯᠠᠨ᠂ ᠬᠥᠯ ᠭᠠᠷ ᠳᠥᠭᠦᠮ ᠦᠭᠡᠢ ᠨᠠᠰᠤᠲᠠᠨ ᠨᠠᠩ ᠣᠯᠠᠨ ᠪᠠᠶᠢᠬᠤ ᠶᠢ ᠣᠯᠵᠤ ᠮᠡᠳᠡᠵᠡᠶ᠃ ᠨᠠᠰᠤᠲᠠᠶᠢᠴᠤᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠦ᠂ ᠨᠠᠰᠤᠲᠠᠶᠢᠴᠤᠳ ᠢ ᠰᠢᠨ᠎ᠡ ᠴᠠᠭ ᠦᠶ᠎ᠡ ᠶᠢᠨ ︽ᠵᠣᠯ ᠵᠢᠷᠭᠠᠯ ᠤᠨ ᠭᠠᠯᠲᠤ ᠲᠡᠷᠭᠡ︾ ᠳᠤ ᠰᠠᠭᠤᠯᠭᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠬᠢᠨ ︽1314︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠪᠠ᠃      ᠡᠷᠢᠶᠡᠨᠭᠤᠪᠢ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠬᠢᠨ ᠨᠠᠰᠤᠲᠠᠶᠢᠴᠤᠳ ᠤᠨ ᠱᠠᠭᠠᠷᠳᠠᠯᠭ᠎ᠠ ᠶᠢ ᠬᠠᠷᠠᠭᠠᠯᠠᠨ᠂ ᠪᠠᠭ᠎ᠠ ᠰᠠᠭ᠎ᠠ ᠦᠢᠯᠡ ᠠᠵᠢᠯᠯᠠᠭ᠎ᠠ ᠪᠠᠷ ᠢᠶᠠᠨ ᠨᠠᠰᠤᠲᠠᠶᠢᠴᠤᠳ ᠤᠨ ᠰᠡᠳᠬᠢᠯ ᠢ ᠳᠤᠯᠠᠭᠠᠴᠠᠭᠤᠯᠤᠨ᠎ᠠ᠃ ᠪᠠᠶᠢᠭᠤᠯᠤᠭᠳᠠᠭᠠᠳ ᠬᠠᠭᠠᠰ ᠵᠢᠯ ᠭᠠᠷᠤᠶ ᠶᠢᠨ ᠬᠤᠭᠤᠴᠠᠭᠠᠨ ᠳᠤ᠂ ᠨᠠᠰᠤᠲᠠᠶᠢᠴᠤᠳ ᠲᠤ  ᠰᠥᠢᠳᠭᠡᠯ ᠬᠤᠷᠢᠶᠠᠬᠤ ᠥᠬᠡᠶ ᠪᠠᠷ ᠦᠰᠦ ᠵᠠᠰᠠᠵᠤ ᠥᠭᠬᠦ᠂ ᠲᠣᠭᠲᠠᠮᠠᠯ ᠬᠤᠭᠤᠴᠠᠭ᠎ᠠ ᠲᠠᠢ ᠪᠠᠷ ᠬᠡᠷ ᠪᠠᠶᠢᠰᠢᠩ ᠴᠡᠪᠡᠷᠯᠡᠵᠦ ᠥᠭᠬᠦ᠂ ᠨᠠᠰᠤᠲᠠᠶᠢᠴᠤᠳ ᠲᠤ ᠬᠠᠨᠢ ᠪᠣᠯᠵᠣ ᠰᠡᠳᠬᠢᠯ ᠤᠨ ᠦᠭᠡ ᠪᠠᠨ ᠶᠠᠷᠢᠯᠴᠠᠬᠤ᠂ ᠨᠠᠰᠤᠲᠠᠶᠢᠴᠤᠳ ᠢ ᠵᠣᠬᠢᠶᠠᠨ ᠪᠠᠶᠢᠭᠤᠯᠵᠤ ᠪᠠᠶᠠᠷ ᠳᠤᠷᠠᠰᠬᠠᠯ ᠤᠨ ᠡᠳᠦᠷ ᠢ ᠬᠠᠮᠲᠤ ᠪᠠᠷ ᠥᠩᠭᠡᠷᠡᠭᠦᠯᠬᠦ᠂ ᠨᠠᠰᠤᠲᠠᠶᠢᠴᠤᠳ ᠲᠤ ᠣᠶᠤᠨᠯᠢᠭ ᠭᠠᠷ ᠤᠲᠠᠰᠤ ᠬᠡᠷᠡᠭᠯᠡᠬᠦ ᠶᠢ ᠵᠢᠭᠠᠵᠤ ᠥᠭᠬᠦ ᠵᠡᠷᠭᠡ ᠠᠯᠢ ᠣᠯᠠᠨ ᠬᠠᠯᠠᠭᠤᠨ ᠳᠣᠲᠣᠨᠣ ᠪᠣᠳᠠᠲᠤ ᠶᠠᠪᠤᠳᠠᠯ ᠤᠳ ᠨᠢ ᠨᠠᠰᠤᠲᠠᠶᠢᠴᠤᠳ ᠢ ᠲᠦᠢᠯ ᠤᠨ ᠶᠡᠭᠡ ᠪᠠᠷ ᠳᠣᠭᠳᠣᠯᠤᠭᠤᠯᠵᠠᠶ᠃ ︽ᠬᠠᠷᠢᠶᠠᠲᠤ ᠣᠷᠣᠨ ᠤ ᠨᠠᠰᠤᠲᠠᠶᠢᠴᠤᠳ ᠲᠤ ᠦᠨᠡᠨ ᠪᠣᠳᠠᠲᠠᠶ ᠥᠢᠯᠡᠴᠢᠯᠡᠬᠦ ᠶᠢᠨ ᠲᠥᠯᠥᠭᠡ ᠂ ︿1314﹀ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠰᠠ ᠰᠠᠷ᠎ᠠ ᠪᠦᠷᠢ ᠶᠢᠨ 15 ᠤ ᠡᠳᠦᠷ ᠢ ︿ᠨᠠᠰᠤᠲᠠᠶᠢᠴᠤᠳ ᠲᠤ  ᠥᠢᠯᠡᠴᠢᠯᠡᠬᠦ ᠡᠳᠦᠷ﹀ ᠢᠶᠠᠷ ᠲᠣᠭᠲᠠᠭᠠᠵᠤ᠂ ᠡᠳᠦᠷ ᠲᠤᠲᠤᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠠᠴᠠ ᠭᠠᠳᠠᠨ᠎ᠠ᠂ ᠪᠠᠰᠠ ᠲᠣᠭᠲᠠᠭᠰᠠᠨ ᠴᠠᠭ ᠢᠶᠠᠷ ᠨᠠᠰᠤᠲᠠᠶᠢᠴᠤᠳ ᠲᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ᠂ ᠬᠠᠶᠢᠷ᠎ᠠ ᠬᠠᠯᠠᠮᠵᠢ ᠶᠢᠨ ᠦᠰᠦ ᠵᠠᠰᠠᠬᠤ᠂ ᠠᠯᠪᠠᠨ ᠵᠢᠷᠤᠮ ᠤᠨ ᠡᠮᠴᠢᠯᠡᠭᠡ ᠪᠡᠶ᠎ᠡ ᠶᠢᠨ ᠪᠠᠶᠢᠴᠠᠭᠠᠯᠲᠠ ᠵᠡᠷᠭᠡ ᠣᠯᠠᠨ ᠬᠡᠯᠪᠡᠷᠢ ᠶᠢᠨ ᠥᠢᠯᠡᠴᠢᠯᠡᠭᠡ ᠥᠷᠨᠢᠭᠦᠯᠵᠦ᠂ ︿1314 ᠬᠡᠷ ᠣᠷᠣᠨ ᠤ e ᠥᠷᠲᠡᠭᠡ﹀ ᠶᠢᠨ ᠨᠠᠰᠤᠲᠠᠶᠢᠴᠤᠳ ᠲᠤ  ᠥᠢᠯᠡᠴᠢᠯᠡᠬᠦ ᠨᠠᠷᠠᠲᠤ ᠲᠡᠮᠳᠡᠭ ᠢ ᠠᠯᠬᠤᠮ ᠠᠯᠬᠤᠮ ᠢᠶᠠᠷ ᠪᠣᠶ ᠪᠣᠯᠭᠠᠪᠠ᠃      ︽1314︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠬᠢᠨ ᠬᠠᠭᠤᠴᠢᠨ ᠦᠢᠯᠡᠴᠢᠯᠡᠭᠡ ᠪᠠᠷ ᠭᠠᠷᠳᠠᠴᠠ ᠪᠣᠯᠭᠠᠵᠤ᠂ ᠦᠨᠡᠨ ᠰᠡᠳᠬᠢᠯ ᠤᠨ ᠠᠵᠢᠯᠯᠠᠭ᠎ᠠ ᠨᠢ ᠬᠠᠷᠢᠶᠠᠲᠤ ᠣᠷᠣᠨ ᠤ ᠤᠯᠠᠨ ᠲᠦᠮᠡᠨ ᠤ ᠰᠡᠳᠬᠢᠯ ᠢ ᠬᠥᠳᠡᠯᠭᠡᠵᠦ᠂ ᠤᠯᠠᠮ ᠠᠴᠠ ᠤᠯᠠᠮ ᠤᠯᠠᠨ ᠵᠠᠯᠠᠭᠤᠴᠤᠳ ᠪᠠᠭᠠᠴᠤᠳ᠂ ᠠᠵᠢᠯ ᠳᠤ ᠪᠠᠶᠢᠭ᠎ᠠ ᠨᠠᠮ ᠤᠨ ᠭᠡᠰᠢᠭᠦᠨ᠂ ᠬᠠᠯᠠᠭᠤᠨ ᠰᠡᠳᠬᠢᠯᠲᠦ ᠰᠠᠭᠤᠭᠠᠯᠢ ᠠᠷᠠᠳ᠂ ᠠᠳᠠᠯ ᠠᠬᠤᠢ ᠶᠢᠨ ᠠᠵᠢᠯᠳᠠᠨ᠂ ᠬᠠᠮᠲᠤᠪᠠᠷ ᠪᠠᠶᠢᠭᠤᠯᠬᠤ ᠨᠢᠭᠡᠴᠡ᠂ ᠬᠠᠮᠲᠤᠷᠠᠭᠰᠠᠨ ᠨᠠᠮ ᠤᠨ  ᠬᠤᠷᠢᠶ᠎ᠠ ᠵᠡᠷᠭᠡ ᠬᠥᠮᠦᠰ ᠡᠨᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠳᠤ ᠣᠷᠣᠯᠴᠠᠬᠤ ᠪᠣᠯᠵᠠᠢ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠨᠢ ᠴᠦ ᠬᠠᠮᠤᠭ ᠠᠩᠬᠠᠨ ᠤ ᠨᠡᠶᠢᠭᠡᠮ ᠲᠣᠭᠤᠷᠢᠭ ᠤᠨ ᠱᠦᠵᠢ ᠶᠢᠨ ᠳᠠᠭᠠᠭᠤᠯᠤᠭᠰᠠᠨ᠂ ᠰᠦᠯᠵᠢᠶᠡᠨ ᠤ ᠠᠵᠢᠯᠳᠠᠨ ᠵᠢᠴᠢ ᠠᠬᠠᠮᠠᠳ ᠨᠠᠮ ᠤᠨ ᠭᠡᠰᠢᠭᠦᠨ ᠤ ᠣᠷᠣᠯᠴᠠᠭᠰᠠᠨ 17 ᠬᠥᠮᠦᠨ ︽ᠰᠠᠯᠪᠤᠷᠢ ᠪᠠᠭ᠎ᠠ ᠠᠩᠬᠢ︾ ᠪᠠᠶᠢᠭᠰᠠᠨ ᠠᠴᠠ ᠪᠠᠨ ᠤᠳᠤ ᠶᠢᠨ 200 ᠭᠠᠷᠤᠢ ᠬᠥᠮᠦᠨ ᠲᠠᠢ ︽ᠶᠡᠭᠡ ᠴᠡᠷᠢᠭ ᠠᠩᠬᠢ︾ ᠪᠣᠯᠵᠠᠢ᠃      ᠲᠦᠷᠦᠭᠦᠬᠡᠨ᠂ ︽1314︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠡᠶᠢᠭᠡᠮ ᠲᠣᠭᠤᠷᠢᠭ ᠤᠨ ᠵᠠᠯᠠᠭᠤᠴᠤᠳ ᠪᠠᠭᠠᠴᠤᠳ ᠣᠯᠠᠨ᠂ ᠨᠠᠰᠤᠲᠠᠶᠢᠴᠤᠳ ᠣᠯᠠᠨ ᠪᠠᠶᠢᠬᠤ ᠣᠨᠴᠠᠯᠢᠭ ᠢ ᠦᠨᠳᠦᠰᠦᠯᠡᠵᠦ᠂ ᠵᠠᠯᠠᠭᠤᠴᠤᠳ ᠪᠠᠭᠠᠴᠤᠳ ᠤᠨ ᠰᠠᠶᠢᠨ ᠳᠤᠷ᠎ᠠ ᠶᠢᠨ ᠠᠵᠢᠯᠯᠠᠭᠴᠢ ︽ᠨᠢᠭᠡ ᠳᠤ ᠨᠢᠭᠡ︾ ᠪᠠᠷ ᠢᠶᠠᠨ ᠨᠡᠶᠢᠭᠡᠮ ᠲᠣᠭᠤᠷᠢᠭ ᠤᠨ ᠭᠤᠣᠨᠢ ᠪᠡᠯᠪᠡᠰᠦᠨ ᠨᠠᠰᠤᠲᠠᠳ ᠢ ᠬᠠᠪᠰᠤᠷᠴᠤ᠂ ᠶᠠᠳᠠᠭᠤ ᠬᠦᠴᠢᠷᠳᠡᠯᠲᠡᠢ ᠰᠠᠭᠤᠭᠠᠯᠢ ᠠᠷᠠᠳ ᠪᠠ ᠵᠡᠮᠳᠡᠭᠴᠦᠳ ᠢ ᠪᠠᠲᠤᠯᠠᠬᠤ ᠶᠢᠨ ᠬᠠᠮᠲᠤ ᠠᠵᠢᠯ ᠳᠤ ᠪᠠᠶᠢᠭ᠎ᠠ ᠨᠠᠮ ᠤᠨ ᠭᠡᠰᠢᠭᠦᠨ᠂ ᠵᠣᠬᠢᠬᠤ ᠣᠨᠴᠠ ᠴᠢᠳᠠᠪᠤᠷᠢ ᠲᠠᠢ ᠲᠤᠰᠬᠠᠢ ᠮᠡᠷᠭᠡᠵᠢᠯ ᠤᠨ ᠠᠵᠢᠯᠳᠠᠨ ︵ᠵᠢᠱᠢᠶᠡᠯᠡᠪᠡᠯ ᠤᠰᠤ ᠴᠠᠬᠢᠯᠭᠠᠨ ᠤ ᠠᠵᠢᠯᠴᠢᠨ᠂ ᠦᠰᠦ ᠵᠠᠰᠠᠭᠴᠢ ᠵᠡᠷᠭᠡ︶ ᠵᠡᠷᠭᠡ ᠶᠢ ᠵᠣᠬᠢᠶᠠᠨ ᠪᠠᠶᠢᠭᠤᠯᠵᠤ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠭᠤᠯᠵᠤ᠂ ᠨᠡᠩ ᠤᠯᠠᠨ ᠬᠥᠮᠦᠰ ᠢ ᠳᠠᠶᠢᠴᠢᠯᠠᠨ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠳᠤ ᠣᠷᠣᠯᠴᠠᠭᠤᠯᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠴᠣᠭᠴᠠᠯᠠᠨ᠎ᠠ᠃      ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠲᠠᠰᠤᠷᠠᠯᠲᠠ ᠥᠬᠡᠶ ᠪᠤᠵᠠᠭᠠᠶᠢᠷᠠᠬᠤ ᠶᠢᠨ ᠵᠡᠷᠭᠡ ᠳᠤ᠂ ᠡᠷᠢᠶᠡᠨᠭᠤᠪᠢ ᠨᠡᠶᠢᠭᠡᠮ ᠲᠣᠭᠤᠷᠢᠭ ᠪᠠᠰᠠ ︽1314︾ ᠰᠠᠶᠢᠨ ᠳᠤᠷ᠎ᠠ ᠶᠢᠨ ᠦᠢᠯᠡᠴᠢᠯᠡᠭᠡᠨ  ᠤ ᠠᠵᠢᠯ ᠤᠨ ᠠᠷᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠵᠢᠷᠤᠮᠵᠢᠭᠤᠯᠤᠯᠲᠠ ᠪᠠ ᠳᠦᠷᠢᠮᠵᠢᠯᠲᠡ ᠶᠢ ᠳᠥᠯᠭᠢᠨ ᠠᠬᠢᠭᠤᠯᠪᠠ᠃      ᠣᠯᠠᠨ ᠡᠰᠢᠲᠦ ᠥᠢᠯᠡᠴᠢᠯᠡᠭᠡ ᠨᠢ ᠵᠣᠯ ᠵᠢᠷᠭᠠᠯᠲᠤ ᠬᠡᠷ ᠣᠷᠣᠨ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ  ᠃      ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠲᠠᠨᠢᠯᠴᠠᠭᠤᠯᠬᠤ ᠳᠠᠭᠠᠨ᠂ ︽1314︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ  ᠡᠷᠢᠶᠡᠨᠭᠤᠪᠢ ᠨᠡᠶᠢᠭᠡᠮ ᠲᠣᠭᠤᠷᠢᠭ ᠤᠨ ᠵᠠᠰᠠᠯᠲᠠ ᠶᠢᠨ ᠬᠦᠴᠦᠲᠡᠶ ᠠᠴᠢᠶᠠᠯᠠᠭᠴᠢ ᠪᠣᠯᠤᠭᠰᠠᠨ ᠤ ᠬᠤᠪᠢ ᠳᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠴᠠᠭᠰᠠᠨ᠂ ᠣᠯᠠᠨ ᠶᠠᠩᠵᠤᠴᠢᠯᠠᠭᠰᠠᠨ ᠨᠢ ᠲᠠᠰᠤᠷᠠᠯᠲᠠ ᠥᠬᠡᠶ ᠳᠡᠭᠡᠭᠰᠢᠯᠡᠵᠦ᠂ ᠰᠠᠭᠤᠭᠠᠯᠢ ᠠᠷᠠᠳ ᠲᠤ ᠠᠰᠢᠭ ᠬᠦᠷᠲᠡᠭᠡᠬᠦ᠂ ᠣᠯᠠᠨ ᠲᠦᠮᠡᠨ ᠳᠤ ᠬᠠᠨᠤᠮᠵᠢᠲᠠᠶ ᠠᠵᠢᠯ ᠤᠨ ᠲᠥᠪ ᠤᠨ ᠲᠣᠭᠤᠷᠢᠨ ᠳᠤ᠂ ︽1314︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠨᠡᠶᠢᠭᠡᠮ ᠲᠣᠭᠤᠷᠢᠭ ᠢ ︽ᠬᠠᠮᠢᠶᠠᠷᠤᠯᠲᠠ ᠨᠢ ᠡᠮᠬᠢ ᠵᠢᠷᠤᠮ ᠲᠠᠢ᠂  ᠥᠢᠯᠡᠴᠢᠯᠡᠭᠡ ᠨᠢ ᠪᠦᠷᠢᠨ ᠲᠡᠭᠦᠯᠳᠡᠷ᠂ ᠠᠮᠤᠷ ᠲᠦᠪᠰᠢᠨ ᠨᠢ ᠰᠠᠶᠢᠨ᠂ ᠠᠮᠢᠳᠤᠷᠠᠯ ᠨᠢ ᠳᠥᠭᠦᠮ ᠳᠥᠲᠡ᠂ ᠬᠥᠮᠦᠰ ᠤᠨ ᠬᠤᠭᠤᠷᠣᠨᠳᠣᠬᠢ ᠡᠶ᠎ᠡ ᠵᠣᠬᠢᠴᠠᠯ ᠲᠠᠢ︾ ᠵᠣᠯ ᠵᠢᠷᠭᠠᠯᠲᠤ ᠬᠡᠷ ᠣᠷᠣᠨ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃      ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠵᠠᠯᠠᠭᠤᠴᠤᠳ ᠪᠠᠭᠠᠴᠤᠳ ᠲᠤ ᠥᠢᠯᠡᠴᠢᠯᠡᠬᠦ  ᠵᠥᠢᠯᠡᠰ᠂ ᠬᠠᠭᠤᠴᠢᠨ ᠦᠢᠯᠡᠴᠢᠯᠡᠭᠡᠨ ᠤ ᠵᠥᠢᠯᠡᠰ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠵᠥᠢᠯᠡᠰ ᠭᠡᠵᠦ ᠭᠤᠷᠪᠠᠨ ᠶᠡᠭᠡ ᠲᠥᠷᠥᠯ ᠳᠤ ᠬᠤᠪᠢᠶᠠᠨ᠎ᠠ᠃ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ︽ᠬᠠᠮᠲᠤ ᠪᠠᠷ ᠴᠣᠭᠴᠠᠯᠠᠨ ᠪᠠᠶᠢᠭᠤᠯᠬᠤ︾ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ︾ ᠭᠡᠬᠦ ᠭᠤᠷᠪᠠᠨ ᠶᠡᠭᠡ ᠨᠡᠶᠢᠭᠡᠮ ᠲᠣᠭᠤᠷᠢᠭ ᠤᠨ ᠠᠵᠢᠯ ᠤᠨ ᠵᠠᠭᠪᠤᠷ ᠲᠠᠢ ᠤᠶᠠᠯᠳᠤᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠨᠢ ᠪᠠᠰᠠ ᠠᠵᠢᠯ ᠢᠶᠠᠨ ᠦᠵᠡᠯ ᠰᠠᠨᠠᠭᠠᠨ ᠤ ᠤᠬᠠᠭᠤᠯᠭ᠎ᠠ᠂ ᠵᠠᠭᠤᠷᠠᠯᠳᠤᠭᠠᠨ ᠢ ᠡᠶᠡᠳᠡᠭᠦᠯᠬᠦ᠂ ᠣᠷᠴᠢᠨ ᠲᠣᠭᠤᠷᠢᠨ ᠢ ᠭᠤᠶᠤᠵᠢᠭᠤᠯᠬᠤ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ᠂ ᠪᠣᠯᠪᠠᠰᠤᠨ ᠪᠤᠰᠤ ᠠᠵᠢᠯᠯᠠᠭ᠎ᠠ ᠳᠤ ᠬᠢᠨᠠᠯᠲᠠ ᠲᠠᠯᠪᠢᠬᠤ᠂ ᠨᠠᠰᠤᠲᠠᠶᠢᠴᠤᠳ ᠲᠤ ᠦᠢᠯᠡᠴᠢᠯᠡᠬᠦ᠂ ᠨᠠᠰᠤᠨ ᠳᠤ ᠦᠯᠦ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ 8 ᠲᠠᠯ᠎ᠠ ᠪᠠᠷ ᠨᠠᠷᠢᠨ ᠬᠤᠪᠢᠶᠠᠵᠤ᠂ ᠤᠯᠠᠨ ᠡᠰᠢᠴᠢᠯᠡᠭᠰᠡᠨ ᠦᠢᠯᠡᠴᠢᠯᠡᠭᠡ ᠪᠠᠷ ᠤᠯᠠᠨ ᠲᠦᠮᠡᠨ ᠤ ᠪᠣᠳᠠᠰ ᠤᠨ ᠪᠠ ᠤᠶᠤᠨ ᠤ ᠰᠣᠶᠣᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠪᠠ᠃      ᠨᠡᠶᠢᠭᠡᠮ ᠲᠣᠭᠤᠷᠢᠭ ᠨᠢ ᠪᠠᠰᠠ ᠨᠡᠶᠢᠭᠡᠮ ᠲᠣᠭᠤᠷᠢᠭ ᠤᠨ ᠵᠠᠰᠠᠯᠲᠠ ᠳᠠᠬᠢ ᠰᠠᠶᠢᠨ ᠳᠤᠷ᠎ᠠ ᠶᠢᠨ ᠦᠢᠯᠡᠴᠢᠯᠡᠭᠡ ᠶᠢᠨ ᠢᠳᠡᠪᠬᠢ ᠦᠢᠯᠡᠳᠦᠯ ᠢ ᠦᠷᠭᠦᠯᠵᠢᠯᠡᠨ ᠪᠠᠳᠠᠷᠠᠭᠤᠯᠬᠤ ᠶᠢᠨ ᠬᠠᠮᠲᠤ ᠦᠢᠯᠡᠴᠢᠯᠡᠭᠡᠨ ᠤ ᠨᠠᠷᠢᠨ ᠵᠦᠢᠯᠡᠰ ᠢ ᠲᠡᠭᠦᠯᠳᠡᠷᠵᠢᠭᠦᠯᠬᠦ᠂ ᠦᠢᠯᠡᠴᠢᠯᠡᠭᠡᠨ ᠤ ᠣᠶᠢᠯᠠᠭᠠᠭᠳᠠᠬᠤᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠰᠠᠨ᠂ ᠵᠢᠷᠤᠮᠵᠢᠭᠰᠠᠨ ᠴᠢᠭᠯᠡᠯ ᠢᠶᠠᠷ ᠬᠥᠭᠵᠢᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠳᠤ ᠦᠢᠯᠡᠴᠢᠯᠡᠵᠦ᠂ ᠪᠣᠯᠪᠠᠰᠤᠨ ᠬᠡᠪ ᠰᠤᠷᠲᠠᠯ ᠢ ᠤᠯᠠᠮᠵᠢᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠬᠤ ᠪᠣᠯᠤᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号