ᠤᠯᠢᠶᠠᠰᠤᠲᠠᠢ ᠪᠠᠯᠭᠠᠰᠤ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ  ᠤᠨ ᠣᠷᠳᠣᠨ ᠤ ᠬᠤᠭᠤᠴᠠᠭ᠎ᠠ ᠰᠤᠯᠢᠬᠤ ᠰᠣᠩᠭᠤᠭᠤᠯᠢ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠦᠷᠨᠢᠭᠦᠯᠪᠠ
ᠨᠡᠶᠢᠲᠡᠯᠡᠭᠰᠡᠨ ᠴᠠᠭ᠄
2021/10/14
      10 ᠳ᠋ᠤᠭᠠᠷ ᠰᠠᠷ᠎ᠠ ᠶᠢᠨ 8  ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ  ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠤᠯᠢᠬᠤ ᠰᠣᠩᠭᠤᠭᠤᠯᠢ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠢᠵᠦ᠂ ᠪᠠᠯᠭᠠᠰᠤᠨ ᠤ ᠰᠣᠩᠭᠤᠭᠤᠯᠢ ᠶᠢᠨ ᠵᠥᠪᠯᠡᠯ ᠤᠨ ᠪᠥᠬᠦ ᠪᠦᠷᠢᠯᠳᠦᠬᠦᠨ᠂ ᠭᠠᠴᠠᠭ᠎ᠠ᠂ ᠨᠡᠶᠢᠭᠡᠮ ᠲᠣᠭᠤᠷᠢᠭ ᠤᠨ ᠰᠣᠩᠭᠤᠭᠤᠯᠢ ᠶᠢᠨ ᠠᠵᠢᠯ ᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠬᠤᠶᠠᠷ ᠵᠥᠪᠯᠡᠯ ᠢᠶᠠᠷ ᠪᠦᠷᠢᠯᠳᠦᠭᠰᠡᠨ ᠰᠣᠩᠭᠤᠭᠤᠯᠢ ᠶᠢᠨ ᠲᠣᠭᠤᠷᠢᠭ ᠤᠨ ᠠᠵᠢᠯ ᠤᠨ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠪᠣᠯᠪᠠᠰᠤᠷᠠᠯ ᠤᠨ ᠬᠤᠷᠠᠯ ᠳᠡᠭᠡᠷ᠎ᠡ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠮᠥᠩᠬᠡ   ᠠᠴᠠ《 ᠵᠡᠭᠦᠨ ᠦᠵᠦᠮᠦᠴᠢᠨ ᠬᠤᠰᠢᠭᠤ ᠪᠠ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠣᠩᠭᠤᠭᠤᠯᠢ ᠶᠢᠨ ᠠᠷᠠᠳ ᠢ ᠳᠠᠩᠰᠠᠯᠠᠬᠤ ᠠᠷᠭ᠎ᠠ 》᠂ 《 ᠰᠣᠩᠭᠤᠭᠤᠯᠢ ᠶᠢᠨ ᠠᠷᠠᠳ ᠤᠨ ᠡᠷᠬᠡᠪᠰᠢ ᠮᠡᠳᠡᠬᠦ ᠵᠦᠶ᠋ᠯ 》᠂ 《 ᠰᠣᠩᠭᠤᠭᠤᠯᠢ ᠶᠢᠨ ᠠᠷᠠᠳ ᠲᠤ ᠥᠭᠭᠦᠭᠰᠡᠨ ᠵᠠᠬᠢᠳᠠᠯ 》 ᠵᠡᠷᠭᠡ ᠪᠢᠴᠢᠭ ᠮᠠᠲ᠋ᠧᠷᠢᠶᠠᠯ ᠳᠤ ᠨᠠᠷᠢᠨ ᠲᠠᠶᠢᠯᠤᠮᠵᠢ ᠬᠢᠵᠦ᠂ ᠰᠣᠩᠭᠤᠭᠤᠯᠢ  ᠪᠦᠬᠦ ᠶᠠᠪᠤᠴᠠ ᠳᠠᠬᠢ ᠵᠢᠷᠭᠤᠭᠠᠨ ᠱᠠᠲᠤᠨ ᠤ ᠠᠵᠢᠯ ᠤᠨ ᠡᠭᠦᠷᠭᠡ ᠵᠢᠴᠢ  ᠵᠠᠩᠭᠢᠯᠭ᠎ᠠ ᠶᠢᠨ ᠴᠠᠭ᠂ ᠰᠣᠩᠭᠤᠭᠤᠯᠢ ᠶᠢᠨ ᠶᠠᠪᠤᠴᠠ ᠳᠠᠬᠢ ᠡᠯ᠎ᠡ ᠵᠦᠢᠯ ᠤᠨ ᠬᠦᠰᠦᠨᠦᠭᠲᠦ ᠪᠠ ᠰᠣᠩᠭᠤᠭᠤᠯᠢ ᠶᠢᠨ ᠳᠤᠮᠳᠠ ᠳᠡᠭᠡᠭᠰᠢ ᠮᠡᠳᠡᠭᠦᠯᠬᠦ ᠵᠢᠴᠢ ᠲᠠᠩᠰᠠ ᠡᠪᠬᠡᠮᠡᠯ ᠳᠤ ᠣᠷᠣᠭᠤᠯᠬᠤ ᠴᠢᠬᠤᠯᠠᠲᠠᠶ ᠮᠠᠲ᠋ᠧᠷᠢᠶᠠᠯ ᠵᠡᠷᠭᠡ ᠲᠠᠯ᠎ᠠ ᠠᠴᠠ ᠰᠢᠰᠲ᠋ᠧᠮ ᠲᠠᠢ ᠪᠣᠯᠪᠠᠰᠤᠷᠠᠯ ᠥᠷᠨᠢᠭᠦᠯᠪᠡ᠃      ᠬᠤᠷᠠᠯ ᠠᠴᠠ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠰᠣᠩᠭᠤᠭᠤᠯᠢ ᠪᠣᠯ ᠪᠥᠬᠦ ᠪᠠᠯᠭᠠᠰᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ ᠮᠥᠨ᠃ ᠪᠥᠬᠦ ᠪᠠᠯᠭᠠᠰᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠰᠢᠶᠠᠨ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠨ ᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠤᠯᠢ ᠶᠣᠰᠣᠭᠠᠷ ᠡᠮᠬᠢ ᠵᠢᠷᠤᠮ ᠲᠠᠢ ᠶᠠᠪᠤᠭᠳᠠᠵᠤ᠂ ᠲᠡᠭᠦᠰ ᠠᠮᠵᠢᠯᠲᠠ ᠤᠯᠬᠤ ᠶᠢ ᠪᠠᠲᠤᠯᠠᠨ᠎ᠠ᠃
 
ᠢᠷᠡᠯᠲᠡ᠄ ᠤᠯᠢᠶᠠᠰᠤᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号