ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠰᠢᠰᠲ᠋ᠧᠮ ᠤᠨ ᠬᠢᠨ ᠳᠣᠬᠤᠨᠢᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/10/18
      ᠤᠯᠤᠰ ᠪᠠᠶᠢᠭᠤᠯᠤᠭᠳᠠᠭᠰᠠᠨ 72 ᠵᠢᠯ ᠤᠨ ᠣᠶ ᠶᠢ ᠪᠡᠯᠭᠡᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠤᠯᠠᠮ ᠨᠢᠭᠡ ᠠᠯᠬᠤᠮ ᠠᠬᠢᠭᠤᠯᠵᠦ᠂ ᠳᠤᠮᠳᠠᠳᠤ ᠵᠢᠨ‌ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠲᠤ ᠴᠣᠭᠴᠠᠯᠠᠵᠤ᠂ ᠬᠢᠯᠢ ᠶᠢᠨ ᠭᠠᠯ ᠰᠡᠷᠭᠡᠶᠢᠯᠡᠬᠦ ᠥᠷᠲᠡᠭᠡᠨ ᠤ ᠨᠥᠬᠦᠳ ᠤᠨ ᠣᠶᠤᠨ ᠰᠠᠨᠠᠭ᠎ᠠ‌‍ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠡᠶ᠎ᠡ‌ᠨᠠᠶᠢᠷᠠᠮᠳᠠᠭᠤ᠂ ᠪᠠᠶᠠᠷ ᠪᠠᠶᠠᠰᠤᠯ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠤᠯᠠᠭᠠᠨᠮᠥ᠋ᠴᠢᠷ᠂ ᠨᠣᠮ ᠤᠨ ᠰᠠᠩ᠂ ᠡᠷᠢᠶᠡᠨᠭᠤᠪᠢ ᠬᠢᠯᠢ ᠶᠢᠨ ᠭᠠᠯ ᠰᠡᠷᠭᠡᠶᠢᠯᠡᠬᠦ ᠥᠷᠲᠡᠭᠡ᠂ ᠣᠶ ᠰᠢᠭᠤᠶ ᠶᠢᠨ ᠴᠠᠭᠳᠠᠭᠠᠨ ᠤ ᠮᠠᠨᠳᠣᠬᠤᠪᠣᠯᠠᠭ ᠳᠠᠬᠢ ᠳᠤᠮᠳᠠ ᠠᠩᠭᠢ ᠵᠡᠷᠭᠡ ᠨᠢᠭᠡᠴᠡ ᠡᠷᠢᠶᠡᠨᠭᠤᠪᠢ ᠬᠢᠯᠢ ᠶᠢᠨ ᠭᠠᠯ ᠰᠡᠷᠭᠡᠶᠢᠯᠡᠬᠦ ᠥᠷᠲᠡᠭᠡ‌‍ᠳᠤ ᠬᠦᠷᠴᠦ ᠳᠣᠬᠤᠨᠢᠭᠤᠯᠭ᠎ᠠ ᠶᠢᠨ ᠠᠵᠢᠯᠯᠠᠭ᠎ᠠ‌ᠥᠷᠨᠢᠭᠦᠯᠪᠡ᠃      ᠡᠨᠡ ᠬᠦ ᠬᠤᠭᠤᠴᠠᠭᠠᠨ ᠳᠤ᠂ ᠬᠤᠰᠢᠭᠤ ᠨᠣᠮ ‍ᠤᠨ‌‍ᠰᠠᠩ ‍ᠤᠨ‌ᠮᠠᠨᠳᠤᠬᠤᠪᠤᠯᠠᠭ ᠪᠠᠯᠭᠠᠰᠤᠨ ᠳᠠᠬᠢ ᠬᠤᠪᠢᠶᠠᠷᠢ ᠨᠣᠮ ᠤᠨ ᠰᠠᠩ ‍ᠤᠨ‌‍ᠪᠠᠶᠢᠭᠤᠯᠤᠯᠲᠠ ᠶᠢ ᠲᠣᠭᠤᠷᠢᠨ ᠦᠵᠡᠵᠦ ᠵᠢᠭᠠᠨ ᠵᠢᠯᠣᠭᠤᠳᠤᠭᠰᠠᠨ ᠪᠥᠭᠡᠳ ᠰᠠᠨᠠᠯ ᠰᠠᠨᠠᠭᠤᠯᠭ᠎ᠠ‌ᠬᠠᠩᠭᠠᠪᠠ  ᠃      ᠠᠵᠢᠯᠯᠠᠭᠠᠨ ᠳᠤ᠂ ᠤᠯᠤᠰ ᠤᠨ ᠲᠤᠭ ᠮᠠᠨᠳᠤᠭᠤᠯᠬᠤ᠂ ︽ᠪᠢ ᠡᠬᠡ‌ᠣᠷᠣᠨ ᠲᠠᠢ ᠪᠠᠨ︾ —  ᠬᠦᠰᠡᠯ ᠢᠶᠠᠨ ᠪᠢᠴᠢᠬᠦ  ᠂ ᠬᠠᠮᠲᠦᠪᠡᠷ ︽ᠪᠢ ᠡᠬᠡ ᠣᠷᠣᠨ‌‍ᠲ᠋ᠠᠢ ᠪᠠᠨ︾ ᠳᠠᠭᠤᠤ ᠶᠢ ᠳᠠᠭᠤᠯᠠᠬᠤ᠂ ᠤᠯᠠᠭᠠᠨᠮᠥ᠋ᠴᠢᠷ ᠤᠨ ᠲᠣᠭᠯᠠᠯᠲᠠ ᠂ ᠨᠣᠮ ᠪᠡᠯᠡᠭᠯᠡᠬᠦ᠂ ︽ᠪᠢ ᠲᠠᠨ ᠳᠤ  ᠬᠠᠪᠰᠣᠷᠣᠶ᠎ᠠ︾ ᠰᠠᠶᠢᠨ ᠳᠤᠷ᠎ᠠ ᠶᠢᠨ ᠦᠢᠯᠡᠴᠢᠯᠡᠭᠡ᠂ ᠤᠯᠤᠰ ᠤᠨ ᠪᠠᠶᠠᠷ ᠤᠨ ᠲᠤᠷ᠎ᠠ‌‍ᠰᠣᠨᠢᠷᠬᠠᠯᠲᠤ ᠠᠵᠢᠯᠯᠠᠭ᠎ᠠ ᠵᠡᠷᠭᠡ ᠪᠠᠷ ᠳᠠᠮᠵᠢᠭᠤᠯᠤᠨ ᠠᠭᠤᠤ ᠶᠡᠭᠡ‌ᠡᠬᠡ ᠤᠯᠤᠰ ᠤᠨ ᠢᠶᠠᠨ 72 ᠵᠢᠯ ᠤᠨ ᠣᠶ ᠶᠢ ᠬᠠᠮᠲᠤ ᠪᠠᠷ ᠪᠡᠯᠭᠡᠯᠡᠵᠦ᠂ ᠡᠬᠡ‌ᠤᠯᠤᠰ ᠳᠠᠭᠠᠨ ᠴᠢᠩ‌ᠦᠨᠡᠨᠴᠢ ᠬᠠᠶᠢᠷ᠎ᠠ‌‍ᠰᠡᠳᠬᠢᠯᠭᠡ ᠪᠠᠨ ᠢᠯᠡᠳᠬᠡᠪᠡ      ᠣᠶᠢᠯᠠᠭᠠᠭᠰᠠᠨ ᠢᠶᠠᠷ᠂  ᠡᠷᠢᠶᠡᠨᠭᠤᠪᠢ ᠬᠢᠯᠢ ᠶᠢᠨ ᠭᠠᠯ ᠰᠡᠷᠭᠡᠶᠢᠯᠡᠬᠦ ᠥᠷᠲᠡᠭᠡ‌ᠨᠢ ᠮᠠᠨ ᠤ ᠬᠤᠰᠢᠭᠤᠨ ᠤ 527 ᠺᠢᠯᠣᠮᠧᠲᠷ ᠬᠢᠯᠢ ᠶᠢᠨ ᠭᠠᠯ ᠰᠡᠷᠭᠡᠶᠢᠯᠡᠬᠦ ᠴᠠᠷᠠᠭ᠎ᠠ ᠶᠢᠨ 295 ᠺᠢᠯᠣᠮᠧᠲᠷ ᠤᠨ  ᠴᠠᠷᠠᠭ᠎ᠠ‌ᠬᠠᠭᠠᠯᠪᠦᠷᠢᠯᠠᠬᠤ ᠡᠭᠦᠷᠭᠡ ᠶᠢ ᠡᠭᠦᠷᠭᠡᠯᠡᠵᠦ᠂ ᠴᠠᠭ ᠠᠭᠠᠷ ᠤᠨ ᠮᠠᠭᠤ ᠨᠥᠬᠦᠴᠡᠯ ᠳᠣᠣᠷ᠎ᠠ‌ᠵᠢᠯ ᠪᠦᠷᠢ ᠶᠢᠨ ᠠᠵᠢᠯ ᠤᠨ ᠡᠭᠦᠷᠭᠡ‌‍ᠪᠠᠨ ᠨᠠᠷᠢᠨ ᠬᠢᠨᠠᠮᠠᠭᠠᠶ  ᠪᠡᠶᠡᠯᠡᠭᠦᠯᠦᠭᠰᠡᠭᠡᠷ ᠢᠷᠡᠵᠡᠢ᠃      ᠲᠣᠰ ᠤᠳᠠᠭᠠᠨ ᠤ ᠳᠣᠬᠤᠨᠢᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠰᠢᠰᠲ᠋ᠧᠮ ᠳᠤ ᠦᠨᠳᠦᠰᠦᠲᠡᠨ ᠤ ᠪᠦᠯᠬᠦᠮᠳᠡᠯ ᠪᠣᠯ ᠨᠢᠭᠡ‌‍ᠬᠡᠷ ᠤᠨ ᠬᠥᠮᠦᠨ ᠮᠡᠲᠦ ᠳᠣᠲᠣᠨᠣ᠂ ᠳᠤᠮᠳᠠᠳᠤ ᠶᠢᠨ ᠵᠡᠭᠦᠳᠦ ᠶᠢ ᠰᠡᠳᠬᠢᠯ ᠨᠢᠭᠡᠳᠦᠨ ᠬᠠᠮᠲᠤ ᠪᠠᠷ ᠲᠡᠷᠭᠡᠯᠰᠢᠭᠦᠯᠬᠦ ᠪᠣᠯ ᠪᠥᠬᠦ ᠳᠤᠮᠳᠠᠳᠤ ᠶᠢᠨ ᠬᠠᠮᠲᠤ ᠶᠢᠨ ᠬᠦᠰᠡᠯ ᠡᠷᠡᠮᠡᠯᠵᠡᠯ ᠮᠥᠨ ᠭᠡᠳᠡᠭ ᠢ ᠨᠠᠩ‌‍ᠭᠦ᠋ᠨᠵᠡᠭᠡᠶ    ᠣᠶᠢᠯᠠᠭᠠᠭᠤᠯᠵᠠᠢ᠃ ᠬᠤᠶᠢᠰᠢᠳᠠ ᠶᠢᠨ ᠠᠵᠢᠯ ᠤᠨ ᠳᠤᠮᠳᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠰᠢᠰᠲ᠋ᠧᠮ ᠤᠨ ᠪᠥᠬᠦ ᠺᠠᠳ᠋ᠷ ᠠᠵᠢᠯᠲᠠᠨ  ᠠᠴᠠ ᠡᠯ᠎ᠠ‌ᠦᠨᠳᠦᠰᠦᠲᠡᠨ ᠠᠨᠠᠷ ᠤᠨ ᠦᠷ᠎ᠡ ᠰᠢᠭ‌ᠨᠢᠭᠲᠠᠷᠠᠨ ᠪᠦᠯᠬᠦᠮᠳᠡᠬᠦ ᠵᠣᠷᠢᠭ ᠰᠠᠨᠠᠭ᠎ᠠ‌‍ᠶᠢ ᠪᠠᠷᠢᠮᠲᠠᠯᠠᠵᠤ᠂ ᠪᠢ ᠡᠬᠡ‌ᠤᠯᠤᠰ ᠲᠠᠢ ᠪᠠᠨ ᠬᠡᠵᠢᠶᠡᠳᠡ ᠬᠠᠮᠲᠦ ᠪᠠᠶᠢᠬᠤ ᠡᠬᠡ‌ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂  ᠬᠦᠴᠦᠯᠡᠨ ᠴᠢᠷᠮᠠᠶᠢᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠤᠯᠤᠰ ᠣᠷᠣᠨ ᠤ ᠬᠥᠭᠵᠢᠨ ᠴᠡᠴᠡᠭᠯᠡᠵᠦ ᠪᠠᠶᠠᠵᠢᠨ ᠬᠦᠴᠦᠷᠭᠡᠭᠵᠢᠬᠦ ᠳᠤ ᠥᠪᠡᠷ ᠤᠨ ᠬᠤᠪᠢ ᠨᠡᠮᠡᠷᠢ ᠪᠠᠨ  ᠦᠵᠡᠭᠦᠯᠬᠦ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号