ᠮᠠᠨ ᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/10/18
      10 ᠰᠠᠷ᠎ᠠ ᠶᠢᠨ 9 ᠤ ᠡᠳᠦᠷ᠂ ᠮᠠᠨ ᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ ᠬᠤᠷᠠᠯ  ᠳᠤ ᠣᠷᠣᠯᠴᠠᠨ ᠶᠠᠷᠢᠶ᠎ᠠ ᠲᠠᠯᠪᠢᠵᠠᠢ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠵᠠᠩ‌ᠵᠢᠨ ᠯᠢᠶᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠳᠡᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠠᠶ ᠪᠣᠣ  ᠬᠤᠷᠠᠯ ᠳᠤ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠤᠶᠤᠨᠭᠡᠷᠡᠯ ᠬᠤᠷᠠᠯ ᠢ ᠡᠷᠭᠢᠯᠡᠪᠡ  ᠃      ᠪᠠᠭᠠᠲᠤᠷ ᠶᠠᠷᠢᠶᠠᠨ ᠳ᠋ᠠᠭᠠᠨ‌ᠵᠢᠭᠠᠬᠤ ᠳᠠᠭᠠᠨ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ‌‍ᠰᠣᠯᠢᠬᠤ ᠰᠣᠩᠭᠤᠭᠤᠯᠢ ᠨᠢ ᠮᠠᠨ ᠤ ᠨᠠᠮ ᠤᠨ ᠣᠷᠳᠣ ᠬᠤᠭᠤᠴᠠᠭ᠎ᠠ‌‍ᠪᠠᠷ ᠲᠥᠷᠥ ᠪᠠᠷᠢᠬᠤ ᠰᠠᠭᠤᠷᠢ ᠶᠢ ᠪᠠᠬᠢᠵᠢᠭᠦᠯᠬᠦ᠂ ᠠᠷᠠᠳ ᠲᠦᠮᠡᠨ ᠤ ᠡᠷᠬᠡ‌ᠮᠡᠳᠡᠵᠦ ᠡᠵᠡᠨ ᠰᠠᠭᠤᠬᠤ  ᠶᠢ ᠪᠠᠲᠤᠯᠠᠬᠤ᠂ ᠦᠨᠳᠦᠰᠦᠨ ᠱᠠᠲᠤᠨ ᠤ ᠲᠥᠷᠥ ᠶᠢᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠬᠤ᠂ 《 ᠠᠷᠪᠠᠨ ᠳᠥᠷᠪᠡᠳᠦᠭᠡᠷ ᠲᠠᠪᠤᠨ ᠵᠢᠯ  ᠤᠨ ᠲᠥᠯᠦᠪᠵᠢᠭᠦᠯᠭᠡ》 ᠶᠢᠨ  ᠬᠤᠭᠤᠴᠠᠭᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ  ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ  ᠃ ᠪᠠᠭᠠᠲᠤᠷ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ‌‍ᠲ᠋ᠠᠶ ᠦᠨᠡᠨᠬᠦ ᠨᠢᠭᠡᠳᠬᠡᠵᠦ᠂ ᠲᠣᠰ ᠤᠳᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ  ᠤᠨ ᠶᠡᠷᠦᠩᠬᠡᠶ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠬᠦ ᠬᠡᠷᠡᠭᠲᠡᠶ  ᠃ ᠬᠠᠤᠯᠢ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ  ᠶᠠᠪᠤᠴᠠ᠂ ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭ᠎ᠠ‌‍ᠪᠠ‌ᠬᠠᠤᠯᠢ ᠪᠠᠷ ᠲᠣᠭᠲᠠᠭᠠᠭᠰᠠᠨ ᠬᠥᠮᠦᠨ ᠤ ᠲᠤᠭ᠎ᠠ ᠶᠢ ᠣᠨᠣᠪᠴᠢᠲᠠᠢ ᠡᠵᠡᠮᠳᠡᠵᠦ᠂ ᠬᠠᠤᠯᠢ ᠶᠢ ᠴᠢᠩᠭ᠎ᠠ ᠵᠢᠷᠤᠮᠯᠠᠨ᠂ ᠵᠢᠷᠤᠮ ᠶᠣᠰᠣᠭᠠᠷ ᠡᠯ᠎ᠡ‌ᠵᠦ᠋ᠢᠯ ᠤᠨ ᠠᠵᠢᠯ ᠢᠶᠠᠨ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ  ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠪᠦᠬᠦ ᠲᠠᠯ᠎ᠠ‌‍ᠪᠠᠷ ᠴᠢᠩᠭᠠᠳᠬᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠬᠤᠭᠤᠴᠠᠭ᠎ᠠ‌‍ᠰᠣᠯᠢᠬᠤ ᠰᠠᠬᠢᠯᠭ᠎ᠠ‌‍ᠪᠠᠲᠤ ᠶᠢ ᠴᠢᠩᠳᠠᠯᠠᠵᠤ᠂ ᠤᠬᠠᠭᠤᠯᠵᠤ ᠬᠦᠳᠦᠯᠥᠨ ᠵᠢᠯᠣᠭᠤᠳᠬᠤ ᠪᠠᠨ ᠴᠢᠩᠭᠠᠳᠬᠠᠵᠤ᠂ ᠲᠤᠰ ᠤᠳᠠᠭ᠎ᠠ ᠶᠢᠨ ᠬᠤᠭᠤᠴᠠᠭ᠎ᠠ‌‍ᠰᠣᠯᠢᠬᠤ ᠰᠣᠩᠭᠤᠭᠤᠯᠢ ᠶᠢᠨ ᠠᠵᠢᠯ ᠢ ᠬᠠᠤᠯᠢ ᠶᠣᠰᠣᠭᠠᠷ ᠡᠮᠬᠢ ᠳᠢᠭᠯᠢᠮ ᠲᠠᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ  ᠃      ᠬᠤᠷᠠᠯ ᠳᠡᠭᠡᠷ᠎ᠡ᠂ ᠵᠠᠩ ᠶᠢᠨ ᠯᠢᠶᠠᠩ 《 ᠳᠤᠮᠳᠠᠳᠤ ᠤᠯᠤᠰ ᠤᠨ ᠡᠪ‌ᠬᠠᠮᠲᠤ ᠨᠠᠮ ᠤᠨ ᠲᠥᠪ‌ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠭᠤᠯᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ‍ᠦᠨ‌ᠬᠤᠭᠤᠴᠠᠭ᠎ᠠ‌‍ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ ᠬᠤᠭᠤᠴᠠᠭ᠎ᠠ‌‍ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠶ ᠮᠡᠳᠡᠭᠳᠡᠯ 》 ᠢ ᠤᠯᠠᠮᠵᠢᠯᠠᠪᠠ  ᠃  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯᠲᠠᠨ ᠤ ᠶᠠᠪᠤᠳᠠᠯ ᠤᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ《 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠶᠢᠨ ᠠᠵᠢᠯ ᠤᠨ ᠴᠤᠪᠤᠷᠠᠯ 》 ᠢ ᠲᠠᠶᠢᠯᠪᠤᠷᠢᠯᠠᠵᠤ᠂ ᠪᠥᠬᠦ ᠠᠵᠢᠯᠲᠠᠳ ᠬᠤᠭᠤᠴᠠᠭ᠎ᠠ‌‍ᠰᠣᠯᠢᠬᠤ ᠰᠠᠬᠢᠯᠭ᠎ᠠ ᠪᠠᠲᠤ ᠶᠢᠨ ᠲᠤᠬᠠᠢ ᠰᠡᠷᠡᠮᠵᠢ ᠶᠢᠨ ᠹᠢᠯᠢᠮ ᠢ ᠦᠵᠡᠪᠡ  ᠃      ᠤᠶᠤᠨᠭᠡᠷᠡᠯ ᠴᠢᠬᠤᠯᠠᠴᠢᠯᠠᠬᠤ ᠳᠠᠭᠠᠨ᠂ ᠳᠡᠭᠡᠳᠦ ᠬᠡᠮᠵᠢᠶ᠎ᠡ‌‍ᠪᠡᠷ ᠴᠢᠬᠤᠯᠠᠴᠢᠯᠠᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠬᠤᠭᠤᠴᠠᠭ᠎ᠠ‌‍ᠰᠣᠯᠢᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ  ᠃ ᠥᠷᠭᠡᠨ ᠢᠶᠠᠷ ᠲᠠᠶᠢᠴᠢᠯᠠᠵᠥ᠂ ᠨᠠᠷᠢᠨ ᠨᠢᠭᠲᠠ ᠨᠢᠭᠡᠳᠦᠯᠲᠡᠢ ᠲᠥᠯᠥᠪᠵᠢᠭᠦᠯᠵᠦ᠂ ᠬᠤᠭᠤᠴᠠᠭ᠎ᠠ ᠰᠣᠯᠢᠬᠤ ᠠᠵᠢᠯ ᠤᠨ ᠠᠷᠠᠳᠴᠢᠯᠠᠯ ᠲᠠᠢ᠂ ᠢᠯᠡ ᠲᠣᠳᠣ ᠪᠠᠶᠢᠬᠤ ᠶᠢ ᠪᠠᠲᠤᠯᠠᠬᠤ ᠬᠡᠷᠡᠭᠲᠡᠢ  ᠃ ᠬᠠᠤᠯᠢ ᠰᠠᠬᠢᠯᠭ᠎ᠠ᠂ ᠶᠣᠰᠣ ᠲᠦᠷᠢᠮ‌‍ᠶᠢ ᠴᠢᠩᠭ᠎ᠠ ᠵᠢᠷᠤᠮᠯᠠᠵᠤ᠂ ᠬᠤᠭᠤᠴᠠᠭ᠎ᠠ‌‍ᠰᠣᠯᠢᠬᠤ ᠠᠵᠢᠯ ᠤᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ ᠭᠡᠪᠡ  ᠃      ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ   ᠠᠵᠢᠯᠲᠠᠨ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ‌ᠵᠥ᠋ᠪᠯᠡᠯ᠂ ᠠᠯᠪᠠᠨ ᠬᠡᠷ  ᠤᠨ ᠡᠷᠬᠢᠯᠡᠭᠴᠢ᠂  ᠬᠤᠰᠢᠭᠤ ᠰᠢᠭᠤᠳ ᠬᠠᠷᠢᠶ᠎ᠠ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠵᠢᠯ  ᠤᠨ ᠳᠤᠭᠤᠶᠢᠯᠠᠩ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号