ᠴᠢᠰᠤ ᠪᠦᠲᠦᠭᠡᠬᠦ ᠡᠰ ᠢᠶᠠᠨ ᠬᠠᠨᠳᠢᠪᠯᠠᠵᠤ ᠡᠪᠡᠳᠴᠢᠲᠡᠨ ᠤ ᠠᠮᠢ ᠨᠠᠰᠤ ᠶᠢ ᠠᠪᠤᠷᠠᠭᠰᠠᠨ ᠡᠮᠴᠢ ᠰᠢᠦᠢ ᠭᠤᠸᠠᠩ ᠼᠠᠢ
ᠨᠡᠶᠢᠲᠡᠯᠡᠭᠰᠡᠨ ᠴᠠᠭ᠄
2021/10/18
      ᠡᠨᠡ ᠵᠢᠯ 41 ᠨᠠᠰᠤᠲᠠᠢ ᠰᠢᠤᠢ ᠭᠤᠸᠠᠩ ᠼᠠᠢ ᠪᠣᠯ ᠬᠤᠰᠢᠭᠤ ᠡᠮᠨᠡᠯᠭᠡ ᠶᠢᠨ ᠬᠤᠷᠢᠶᠠᠨ ᠤ ᠲᠦᠷᠭᠡᠨ‌ᠠᠪᠤᠷᠠᠯᠲᠠ ᠶᠢᠨ ᠰᠠᠯᠠᠭᠠᠨ ᠤ ᠡᠮᠴᠢ ᠪᠣᠯᠤᠨ᠎ᠠ  ᠃ 2015 ᠣᠨ ᠤ 6 ᠰᠠᠷ᠎ᠠ‌‍ᠳᠤ᠂ ᠲᠡᠷᠡ ᠨᠢᠭᠡᠨ ᠣᠳᠠᠭᠠᠨ ᠤ ᠴᠢᠰᠤ ᠬᠠᠨᠳᠢᠪᠯᠠᠬᠤ ᠶᠠᠪᠤᠴᠠ ᠳᠤ ᠳᠤᠮᠳᠠᠳᠤ ᠶᠢᠨ ᠴᠢᠮᠥᠭᠡ ᠶᠢᠨ ᠬᠥᠮᠥᠷᠭᠡ ᠳᠤ ᠡᠷᠡᠮᠡᠯᠵᠡᠯᠡᠨ ᠪᠦᠷᠢᠳᠬᠡᠭᠦᠯᠵᠡᠢ᠃ ᠡᠨᠡ ᠵᠢᠯ ᠤᠨ 6 ᠰᠠᠷ᠎ᠠ ᠶᠢᠨ 14 ᠤ ᠡᠳᠦᠷ᠂ ᠲᠡᠷᠡ ᠥᠪᠡᠷ ᠢ  ᠪᠠᠨ ᠨᠢᠭᠡᠨ ᠡᠪᠡᠳᠴᠢᠲᠡᠨ ᠲᠠᠢ ᠳᠣᠣᠷ᠎ᠠ‌ᠢᠯᠭᠠᠮᠵᠢᠳᠤ ᠬᠡᠯᠪᠡᠷᠢ ᠪᠠᠷ ᠨᠡᠶᠢᠴᠡᠵᠦ᠂ ᠴᠢᠰᠤ ᠪᠦᠲᠦᠭᠡᠬᠦ ᠡᠰ ᠬᠠᠨᠳᠢᠪᠯᠠᠬᠤ ᠳᠤ ᠲᠣᠬᠢᠷᠠᠮᠵᠢᠲᠠᠢ ᠪᠠᠶᠢᠬᠤ ᠪᠠᠨ ᠮᠡᠳᠡᠭᠰᠡᠨ ᠤ ᠳᠠᠷᠠᠭ᠎ᠠ᠂ ᠥᠴᠦᠬᠡᠨ ᠴᠦ ᠲᠠᠲᠠᠭᠠᠯᠵᠠᠯ ᠦᠬᠡᠢ ᠪᠠᠷ ᠴᠢᠰᠤ ᠪᠦᠲᠦᠭᠡᠬᠦ ᠡᠰ ᠢᠶᠠᠨ ᠬᠠᠨᠳᠢᠪᠯᠠᠬᠤ ᠶᠢ ᠵᠥᠪᠰᠢᠶᠡᠷᠡᠪᠡ᠃ ᠠᠯᠢ ᠤᠯᠠᠨ ᠪᠠᠶᠢᠴᠠᠭᠠᠯᠲᠠ ᠶᠢ ᠥᠩᠭᠡᠷᠡᠭᠡᠭᠰᠡᠨ ᠤ ᠳᠠᠷᠠᠭ᠎ᠠ᠂ 9 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ  ᠦᠪᠡᠷᠳᠡᠭᠡᠨ ᠵᠠᠰᠠᠬᠤ  ᠣᠷᠣᠨ ᠤ  ᠣᠯᠠᠨ ᠤᠯᠤᠰ ᠤᠨ ᠮᠣᠩᠭᠤᠯ ᠡᠮᠨᠡᠯᠭᠡ‌‍ᠶᠢᠨ ᠬᠤᠷᠢᠶ᠎ᠠ‌‍ᠳᠤ᠂ ᠰᠢᠤᠢ ᠭᠤᠸᠠᠩ ᠼᠠᠢ ᠴᠢᠰᠤ ᠪᠦᠲᠦᠭᠡᠬᠦ ᠡᠰ ᠤᠨ ᠬᠤᠯᠢᠮᠠᠭ ᠬᠥᠪᠦᠮᠡᠯ ᠰᠢᠩᠭᠡᠨ ᠢᠶᠠᠨ  285 ᠮᠢᠯᠢᠯᠢᠲᠷ ᠬᠠᠨᠳᠢᠪᠯᠠᠵᠤ᠂ ᠠᠮᠵᠢᠯᠲᠠᠲᠠᠶ ᠪᠠᠷ ᠨᠢᠭᠡᠨ 28 ᠨᠠᠰᠤᠲᠠᠶ ᠲᠠᠨᠢᠯ ᠪᠤᠰᠤ  ᠴᠢᠰᠤ ᠴᠠᠶᠢᠬᠤ ᠡᠪᠡᠳᠴᠢᠲᠡᠨ ᠳᠠᠬᠢᠨ ᠠᠮᠢᠵᠢᠷᠠᠯ ᠤᠨ ᠬᠦᠴᠦᠨ ᠤᠯᠭᠤᠭᠰᠠᠨ ᠪᠠᠶᠢᠨ᠎ᠠ᠃      ᠲᠡᠷᠡ ᠪᠣᠯ ᠰᠢᠯᠢ ᠶᠢᠨ ᠭᠤᠤᠯ ᠠᠶᠢᠮᠠᠭ ᠤᠨ ᠲᠠᠪᠤᠳᠠᠬᠢ ᠴᠢᠰᠤ ᠪᠦᠲᠦᠭᠡᠬᠦ ᠡᠰ ᠬᠠᠨᠳᠢᠪᠯᠠᠭᠴᠢ ᠪᠣᠯᠬᠤ ᠪᠥᠭᠡᠳ ᠰᠢᠯᠢ ᠶᠢᠨ ᠭᠤᠤᠯ ᠠᠶᠢᠮᠠᠭ ᠤᠨ ᠡᠮᠴᠢᠯᠡᠭᠡᠨ ᠤ ᠰᠢᠰᠲ᠋ᠧᠮ ᠤᠨ ᠠᠩᠬᠠᠳᠠᠭᠴᠢ ᠴᠢᠰᠤ  ᠪᠦᠲᠦᠭᠡᠬᠦ ᠡᠰ ᠬᠠᠨᠳᠢᠪᠯᠠᠭᠴᠢ ᠪᠣᠯᠤᠨ᠎ᠠ  ᠃      ᠰᠢᠤᠢ ᠭᠤᠸᠠᠩ ᠼᠠᠢ ᠵᠢᠨ‌ᠡᠨᠡᠬᠦ ᠰᠠᠶᠢᠨ ᠳᠣᠷ᠎ᠠ‌‍ᠶᠢᠨ ᠠᠵᠢᠯᠯᠠᠭ᠎ᠠ‌ᠨᠢ ᠭᠡᠷ ᠤᠨ ᠬᠥᠮᠦᠰ ᠤᠨ   ᠢᠶᠠᠨ ᠳᠡᠮᠵᠢᠯᠭᠡ ᠪᠠ ᠵᠣᠷᠢᠭᠵᠢᠭᠤᠯᠤᠯ ᠢ ᠣᠯᠵᠤ᠂ ᠣᠨᠴᠠᠭᠠᠶᠢᠯᠠᠨ ᠲᠡᠭᠦᠨ ᠤ ᠡᠬᠡᠨᠡᠷ ᠨᠢ ᠨᠥᠬᠦᠷ ᠤᠨ ᠢᠶᠠᠨ ᠪᠣᠰᠣᠳ ᠲᠤ ᠮᠠᠰᠢ ᠶᠡᠭᠡ ᠬᠠᠪᠰᠣᠷᠣᠯᠭ᠎ᠠ ᠪᠣᠯᠣᠭᠰᠠᠨ ᠳᠤ ᠶᠡᠬᠡᠳᠡ ᠣᠮᠣᠭᠰᠢᠵᠤ ᠪᠠᠶᠢᠯ᠎ᠠ  ᠃      10 ᠰᠠᠷ᠎ᠠ ᠶᠢᠨ 8 ᠤ ᠡᠳᠦᠷ᠂ ᠳᠡᠳ᠋ ᠬᠤᠰᠢᠭᠤ ᠳᠠᠷᠤᠭ᠎ᠠ᠂  ᠬᠤᠰᠢᠭᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠠᠷᠤᠭ᠎ᠠ ᠶᠣᠣ ᠬᠠᠢ ᠰᠢᠶᠠ ᠨᠠᠷ ᠰᠢᠤᠢ ᠭᠤᠸᠠᠩ ᠼᠠᠢ ᠶᠢᠨ ᠭᠡᠷ ᠲᠤ ᠬᠦᠷᠴᠦ ᠲᠡᠭᠦᠨ ᠢ ᠪᠣᠯᠭᠤᠭᠠᠨ ᠳᠣᠬᠤᠨᠢᠭᠤᠯᠵᠤ᠂  ᠲᠡᠭᠦᠨ ᠤ ᠴᠢᠰᠤ ᠪᠦᠲᠦᠭᠡᠬᠦ ᠡᠰ ᠬᠠᠨᠳᠢᠪᠯᠠᠭᠰᠠᠨ ᠥᠩᠭᠡᠷᠡᠯᠲᠡ ᠪᠣᠯᠤᠨ ᠪᠡᠶ᠎ᠡ‌ᠮᠠᠬᠠᠪᠣᠳ ᠤᠨ ᠬᠢᠨᠢ ᠡᠷᠡᠭᠦᠯᠵᠢᠯ ᠤᠨ ᠪᠠᠶᠢᠳᠠᠯ ᠢ ᠬᠠᠯᠠᠮᠵᠢᠯᠠᠨ ᠣᠶᠢᠯᠠᠭᠠᠵᠤ᠂ ᠲᠡᠭᠦᠨ ᠤ  ᠦᠢᠯᠡ ᠠᠵᠢᠯᠯᠠᠭ᠎ᠠ ᠶᠢ ᠮᠠᠭᠲᠠᠨ  ᠰᠠᠶᠢᠰᠢᠶᠠᠭᠰᠠᠨ ᠪᠦᠭᠡᠳ ᠴᠢᠩ ᠰᠡᠳᠬᠢᠯ  ᠤᠨ ᠲᠠᠯᠠᠷᠬᠠᠯ ᠢᠶᠠᠨ  ᠢᠯᠡᠷᠬᠡᠶᠢᠯᠡᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠪᠣᠯᠤᠨ ᠮᠡᠨᠳᠦᠴᠢᠯᠡᠭᠡ ᠶᠢ ᠬᠦᠷᠭᠡᠪᠡ  ᠃      ᠣᠶᠢᠯᠠᠭᠠᠭᠰᠠᠨ ᠢᠶᠠᠷ᠂ ᠴᠢᠰᠤ  ᠪᠦᠲᠦᠭᠡᠬᠦ ᠡᠰ ᠢ ᠰᠢᠯᠵᠢᠭᠦᠯᠦᠨ ᠰᠠᠭᠤᠯᠭᠠᠬᠤ ᠪᠣᠯ ᠴᠢᠰᠤ ᠴᠠᠶᠢᠬᠤ ᠡᠪᠡᠳᠴᠢᠨ᠂ ᠳᠠᠬᠢᠨ ᠠᠮᠢᠯᠠᠬᠤ ᠰᠠᠭᠠᠳ ᠲᠠᠢ ᠴᠢᠰᠤ ᠳᠤᠲᠠᠬᠤ ᠡᠪᠡᠳᠴᠢᠨ ᠵᠡᠷᠭᠡ ᠴᠢᠰᠤ  ᠪᠦᠲᠦᠭᠡᠬᠦ ᠵᠢᠴᠢ ᠡᠭᠡᠯᠢᠯᠡᠭᠡ ᠶᠢᠨ ᠰᠢᠰᠲ᠋ᠧᠮ ᠤᠨ ᠴᠢᠳᠠᠮᠵᠢ ᠰᠠᠭᠠᠳ ᠲᠠᠢ ᠡᠪᠡᠳᠴᠢᠨ ᠡᠮᠭᠡᠭ ᠢ ᠡᠮᠨᠡᠨ ᠵᠠᠰᠠᠬᠤ ᠪᠦᠲᠦᠮᠵᠢᠲᠡᠶ ᠠᠷᠭ᠎ᠠ‌‍ᠪᠠᠷᠢᠯ ᠮᠥᠨ᠂ ᠬᠥᠮᠦᠨ ᠤ ᠪᠡᠶ᠎ᠡ‌ᠨᠢ ᠴᠢᠰᠤ ᠪᠦᠲᠦᠭᠡᠬᠦ ᠡᠰ ᠤᠨ ᠬᠦᠴᠦᠷᠬᠡᠭ ᠶᠡᠭᠡ ᠳᠠᠬᠢᠨ ᠠᠮᠢᠯᠠᠬᠤ ᠴᠢᠳᠠᠪᠤᠷᠢ ᠳᠤ ᠰᠠᠭᠤᠷᠢᠯᠠᠨ᠂ ᠬᠠᠨᠳᠢᠪᠯᠠᠭᠴᠢ ᠶᠢᠨ ᠲᠣᠰ ᠪᠡᠶ᠎ᠡ ᠶᠢᠨ ᠡᠷᠡᠭᠦᠯ ᠮᠡᠨᠳᠦ ᠶᠢ ᠨᠥᠯᠥᠭᠡᠯᠡᠬᠦ ᠥᠬᠡᠶ᠂ ᠨᠠᠩ ᠴᠤ ᠬᠠᠨᠳᠢᠪᠯᠠᠭᠴᠢ ᠶᠢᠨ ᠡᠭᠡᠯᠢᠯᠡᠭᠡ ᠶᠢᠨ ᠴᠢᠳᠠᠮᠵᠢ ᠪᠠ ᠴᠢᠰᠤ ᠪᠦᠲᠦᠭᠡᠬᠦ ᠴᠢᠳᠠᠮᠵᠢ ᠶᠢ ᠪᠠᠭᠤᠷᠠᠭᠤᠯᠬᠤ ᠥᠬᠡᠶ ᠶᠤᠮ᠂  ᠬᠠᠷᠢᠨ ᠬᠠᠨᠳᠢᠪ‌‍ᠬᠦ᠋ᠷᠲᠡᠭᠰᠡᠳ ᠲᠤ ᠠᠪᠴᠤ ᠬᠡᠯᠡᠪᠡᠯ᠂  ᠠᠮᠢ ᠨᠠᠰᠤ ᠪᠠ‌ᠡᠷᠡᠭᠦᠯ ᠮᠡᠨᠳᠦ ᠶᠢ ᠳᠠᠬᠢᠨ ᠤᠯᠬᠤ ᠬᠦᠰᠡᠯ ᠡᠷᠡᠮᠡᠯᠵᠡᠯ ᠪᠣᠯᠬᠤ ᠶᠤᠮ  ᠃ ᠨᠠᠩ‌ᠣᠯᠠᠨ ᠬᠠᠯᠠᠭᠤᠨ ᠰᠡᠳᠬᠢᠯᠲᠦ ᠬᠥᠮᠦᠰ ᠢ ᠴᠢᠰᠤ ᠪᠦᠲᠦᠭᠡᠬᠦ ᠡᠰ ᠬᠠᠨᠳᠢᠪᠯᠠᠬᠤ ᠰᠠᠶᠢᠨ ᠳᠣᠷᠠᠴᠣᠣᠯ ᠤᠨ ᠡᠩᠨᠡᠭᠡᠨ ᠳᠤ ᠣᠷᠣᠯᠴᠠᠵᠤ᠂ ᠨᠠᠩ‌ᠣᠯᠠᠨ ᠡᠪᠡᠳᠴᠢᠲᠡᠨ ᠳᠤ ᠠᠮᠢ ᠨᠠᠰᠤᠨ ᠤ ᠬᠦᠰᠡᠯ ᠡᠷᠡᠮᠡᠯᠵᠡᠯ ᠪᠠ‌‍ᠬᠦ᠋ᠴᠦᠨ ᠴᠢᠳᠠᠯ ᠣᠯᠭᠤᠬᠤ ᠶᠢ ᠠᠳᠡ ᠠᠴᠠ ᠬᠦᠰᠡᠵᠦ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号