ᠶᠡᠷᠦᠩᠬᠡᠶ ᠱᠦᠵᠢ ᠰᠢ ᠶᠢᠨ ᠫᠢᠩ ᠤᠨ ᠲᠤᠯᠤᠭᠠᠨ ᠰᠠᠷ᠎ᠠ ᠶᠢᠨ ᠨᠢᠭᠡᠨ ᠤ ᠴᠢᠬᠤᠯᠠ ᠶᠠᠷᠢᠶᠠᠨ ᠤ ᠵᠣᠷᠢᠭ | ᠰᠠᠨᠠᠭᠠᠪᠠᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠤ ᠢᠷᠠᠭᠤ | ᠠᠯᠳᠠᠷᠲᠤ ᠰᠡᠳᠬᠢᠯᠭᠡ ᠶᠢ ᠨᠡᠮᠡᠭᠳᠡᠭᠦᠯᠵᠦ᠂ ᠬᠡᠦᠬᠡᠳ ᠤᠳ ᠢ | 《 ᠪᠠᠭ᠎ᠠ ᠠᠴᠠ ᠪᠠᠨ ᠬᠤᠰᠢᠭᠤᠴᠢ ᠠᠴᠠ ᠰᠤᠷᠤᠯᠴᠠᠵᠤ᠂ ᠲᠣᠮᠣ ᠪᠣᠯᠤᠭᠰᠠᠨ ᠤ ᠪᠠᠨ ᠳᠠᠷᠠᠭ᠎ᠠ ᠬᠤᠰᠢᠭᠤᠴᠢ | ᠪᠤᠯᠬᠤ ᠪᠠᠷ ᠴᠢᠷᠮᠠᠶᠢᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡᠡᠭᠦᠷᠭᠡ ᠶᠢ ᠡᠭᠦᠷᠭᠡᠯᠡᠵᠦ ᠳᠡᠶᠢᠯᠬᠦ ᠴᠠᠭ | ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠬᠤ 》 ᠶᠢ ᠵᠣᠷᠢᠭᠵᠢᠭᠤᠯᠬᠤ ᠶᠢᠨ ᠲᠥᠯᠥᠭᠡ᠂ 10 ᠰᠠᠷ᠎ᠠ ᠶᠢᠨ | 13 ᠤ ᠡᠳᠦᠷ᠂ ᠮᠠᠨ ᠤ ᠬᠤᠰᠢᠭᠤ 《 ᠠᠭᠤᠤ ᠨᠠᠮ ᠮᠢᠨᠢ ᠰᠠᠨᠠᠭᠠᠠᠮᠤᠷ ᠪᠠᠶᠢᠭᠠᠷᠠᠢ᠂ ᠡᠬᠡᠤᠯᠤᠰ ᠢᠶᠠᠨ | ᠬᠦᠴᠦᠷᠬᠡᠭᠵᠢᠭᠦᠯᠬᠦ ᠳᠤ ᠪᠢᠳᠡ ᠪᠠᠶᠢᠨ᠎ᠠ 》 ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ | ᠪᠠᠶᠢᠭᠤᠯᠤᠭᠳᠠᠭᠰᠠᠨ 72 ᠵᠢᠯ ᠤᠨ ᠣᠶ ᠶᠢ ᠪᠡᠯᠭᠡᠯᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠣᠣ ᠸᠠᠨ ᠬᠤᠸᠠ ᠪᠣᠯᠣᠨ ᠬᠤᠰᠢᠭᠤ | ᠰᠤᠷᠭᠠᠨ ᠬᠥᠮᠦᠵᠢᠯ ᠤᠨ ᠲᠣᠪᠴᠢᠶ᠎ᠠ᠂ ᠡᠪᠯᠡᠯ ᠤᠨ ᠬᠤᠷᠢᠶ᠎ᠠ ᠵᠡᠷᠭᠡ ᠪᠠᠶᠢᠭᠤᠯᠭ᠎ᠠ ᠨᠢᠭᠡᠴᠡ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠵᠢᠴᠢ ᠪᠦᠬᠦ ᠬᠤᠰᠢᠭᠤᠨ ᠤ ᠡᠯ᠎ᠡ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ | ᠠᠵᠢᠯᠲᠠᠨ ᠵᠢᠴᠢ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢ ᠠᠵᠢᠯᠯᠠᠭ᠎ᠠ ᠳᠤ | ᠣᠷᠣᠯᠴᠠᠪᠠ ᠃ | ᠠᠵᠢᠯᠯᠠᠭ᠎ᠠ ᠨᠢ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠵᠦ᠂ ᠪᠥᠬᠦ ᠬᠥᠮᠦᠰ ᠤᠯᠤᠰ ᠤᠨ ᠲᠤᠭ | ᠲᠤ ᠬᠠᠨᠳᠤᠨ ᠲᠥᠪ ᠵᠣᠭᠰᠣᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ ᠃ ᠬᠤᠰᠢᠭᠤ | ᠮᠣᠩᠭᠤᠯ ᠦᠨᠳᠦᠰᠦᠲᠡᠨ ᠤ ᠬᠤᠶᠠᠳᠤᠭᠠᠷ ᠪᠠᠭ᠎ᠠᠰᠤᠷᠭᠠᠭᠤᠯᠢ ᠪᠣᠯᠤᠨ ᠮᠣᠩᠭᠤᠯ ᠦᠨᠳᠦᠰᠦᠲᠡᠨ ᠤ ᠨᠢᠭᠡᠳᠦᠭᠡᠷ | ᠪᠠᠭ᠎ᠠᠰᠤᠷᠭᠠᠭᠤᠯᠢ ᠶᠢᠨ ᠬᠤᠶᠠᠷ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠤᠯᠤᠰ ᠤᠨ ᠲᠤᠭ ᠤᠨ | ᠳᠣᠤᠷᠠᠬᠢ 《 ᠠᠭᠤᠤ ᠨᠠᠮ ᠮᠢᠨᠢ ᠰᠠᠨᠠᠭᠠᠠᠮᠤᠷ ᠪᠠᠶᠢᠭᠠᠷᠠᠢ᠂ ᠡᠬᠡ ᠤᠯᠤᠰ ᠢᠶᠠᠨ ᠬᠦᠴᠦᠷᠬᠡᠭᠵᠢᠭᠦᠯᠬᠦ ᠳᠤ ᠪᠢᠳᠡ | ᠪᠠᠶᠢᠨ᠎ᠠ 》ᠭᠡᠬᠦ ᠪᠠᠶᠠᠷ ᠤᠨ ᠦᠭᠡ ᠶᠢ ᠳᠡᠪᠰᠢᠭᠦᠯᠪᠡ᠃ | ᠪᠣᠣ ᠸᠠᠨ ᠬᠤᠸᠠ ᠶᠠᠷᠢᠶᠠᠨ ᠳᠠᠭᠠᠨ ᠵᠢᠭᠠᠭᠰᠠᠨ ᠨᠢ᠂ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ | ᠶᠢᠨ ᠭᠡᠰᠢᠭᠦᠨ ᠡᠬᠡ ᠤᠯᠤᠰ ᠢᠶᠠᠨ ᠬᠠᠶᠢᠷᠠᠯᠠᠵᠤ᠂ ᠠᠷᠠᠳ ᠲᠦᠮᠡᠨ ᠢᠶᠠᠨ ᠬᠠᠶᠢᠷᠠᠯᠠᠵᠤ᠂ ᠳᠤᠮᠳᠠᠳᠤ ᠤᠯᠤᠰ ᠤᠨ | ᠡᠪ ᠬᠠᠮᠲᠤ ᠨᠠᠮ ᠢᠶᠠᠨ ᠬᠠᠶᠢᠷᠠᠯᠠᠵᠤ᠂ ᠠᠯᠤᠰ ᠬᠡᠲᠦ ᠶᠢᠨ ᠬᠦᠰᠡᠯᠡᠩ ᠢ ᠪᠣᠶ ᠪᠤᠯᠠᠭᠠᠨ᠂ ᠰᠢᠯᠢᠳᠡᠭ ᠰᠠᠶᠢᠨ ᠵᠠᠩ | ᠮᠣᠷᠠᠯ ᠢ ᠬᠥᠮᠦᠵᠢᠭᠦᠯᠵᠦ᠂ ᠡᠷᠳᠡᠮ ᠮᠡᠳᠡᠯᠭᠡ ᠶᠢ ᠰᠢᠷᠭᠠᠭᠤ ᠰᠤᠷᠤᠯᠴᠠᠵᠤ᠂ ᠪᠡᠶ᠎ᠡᠮᠠᠬᠠᠪᠣᠳ ᠢᠶᠠᠨ | ᠴᠢᠭᠢᠷᠠᠭᠵᠢᠭᠤᠯᠤᠨ᠂ ᠬᠥᠳᠡᠯᠮᠦᠷᠢᠴᠢ ᠵᠣᠷᠢᠭ ᠰᠠᠨᠠᠭ᠎ᠠ ᠶᠢ ᠬᠥᠮᠦᠵᠢᠭᠦᠯᠵᠦ᠂ ᠬᠤᠪᠢᠰᠬᠠᠯ ᠤᠨ ᠤᠳᠤᠮᠰᠢᠯ ᠢ | ᠵᠠᠯᠭᠠᠮᠵᠢᠯᠠᠨ᠂ ᠣᠭ ᠰᠠᠨᠠᠭᠠᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠠᠭ ᠢᠮᠠᠭᠲᠠ ᠪᠡᠯᠡᠬᠡᠨ | ᠪᠠᠶᠢᠬᠤ ᠬᠡᠷᠡᠭᠲᠡᠶ᠃ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠲᠠᠳ ᠵᠣᠷᠢᠭᠲᠠᠶ ᠪᠠᠷ | ᠬᠠᠷᠢᠭᠤᠴᠠᠯᠭ᠎ᠠᠡᠭᠦᠷᠭᠡᠯᠡᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ ᠲᠦᠷᠭᠡᠳᠬᠡᠨ ᠠᠬᠢᠭᠤᠯᠵᠤ ᠶᠡᠭᠡ | ᠬᠥᠭᠵᠢᠯᠲᠡ᠂ ᠦᠨᠡᠨ ᠬᠤᠪᠢᠰᠤᠯᠲᠠ ᠶᠢ ᠪᠡᠶᠡᠯᠡᠭᠦᠯᠬᠦ ᠬᠡᠷᠡᠭᠲᠡᠶ ᠭᠡᠪᠡ ᠃ | ᠠᠵᠢᠯᠯᠠᠭᠠᠨ ᠳᠤ᠂ ᠲᠤᠭᠴᠢ ᠨᠠᠷ ᠬᠤᠰᠢᠭᠤᠴᠢ ᠠᠩᠭᠢ ᠶᠢᠨ ᠲᠤᠭ ᠢᠶᠠᠨ ᠡᠷᠭᠦᠨ ᠬᠤᠷᠠᠯ ᠤᠨ ᠲᠠᠯᠠᠪᠠᠶ ᠳᠤ | ᠠᠯᠬᠤᠨ ᠣᠷᠣᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ︿︿ᠪᠠᠭᠠᠴᠤᠳ ᠤᠨ ᠬᠤᠰᠢᠭᠤᠴᠢ | ᠠᠩᠭᠢ ᠶᠢᠨ ᠳᠠᠭᠤᠤ﹀﹀ ᠶᠢ ᠬᠠᠮᠲᠤ ᠪᠠᠷ ᠳᠠᠭᠤᠯᠠᠪᠠ ᠃ ᠳᠡᠭᠡᠷ᠎ᠡ ᠣᠨ ᠤ ᠬᠤᠰᠢᠭᠤᠴᠢ ᠠᠩᠭᠢ ᠶᠢᠨ | ᠭᠡᠰᠢᠭᠦᠳ ᠠᠴᠠ ᠰᠢᠨᠡᠭᠡᠰᠢᠭᠦᠳ ᠲᠤ ᠤᠯᠠᠭᠠᠨ ᠪᠦᠴᠡ ᠵᠡᠭᠦᠯᠭᠡᠵᠦ ᠂ ᠰᠢᠨ᠎ᠡ ᠭᠡᠰᠢᠭᠦᠳ ᠲᠥᠪ ᠴᠢᠩᠭ᠎ᠠ ᠪᠠᠷ | ᠲᠠᠩᠭᠠᠷᠢᠭᠯᠠᠵᠤ᠂ ᠳᠡᠭᠡᠷ᠎ᠡ ᠣᠨ ᠤ ᠭᠡᠰᠢᠭᠦᠳ ᠬᠤᠰᠢᠭᠤᠴᠢ ᠠᠩᠭᠢ ᠳᠤ ᠣᠷᠣᠬᠤ ᠲᠠᠩᠭᠠᠷᠢᠭ ᠢᠶᠠᠨ ᠳᠠᠬᠢᠨ | ᠡᠷᠭᠢᠴᠡᠭᠦᠯᠦᠨ᠂ ᠬᠤᠰᠢᠭᠤᠴᠢ ᠠᠩᠭᠢ ᠶᠢᠨ ᠭᠡᠰᠢᠭᠦᠳ ᠤᠨ ᠰᠢᠷᠭᠠᠭᠤ ᠬᠠᠲᠠᠭᠤᠵᠢᠯᠲᠠᠶ ᠲᠡᠮᠡᠴᠡᠬᠦ᠂ ᠥᠭᠡᠳᠡᠯᠡᠨ | ᠳᠠᠪᠰᠢᠬᠤ ᠬᠦᠰᠡᠯᠡᠩᠢᠲᠡᠭᠡᠯ ᠪᠢᠰᠢᠷᠡᠯ ᠢ ᠨᠠᠩᠪᠠᠲᠤᠳᠬᠠᠪᠠ ᠃ | ᠠᠵᠢᠯᠯᠠᠭ᠎ᠠ ᠳᠤ᠂ ᠵᠠᠯᠠᠭᠤ ᠨᠠᠮ ᠤᠨ ᠭᠡᠰᠢᠭᠦᠨ ᠤ ᠲᠥᠯᠥᠭᠡᠯᠡᠭᠴᠢ᠂ ᠡᠪ ᠬᠠᠮᠲᠤ ᠵᠠᠯᠠᠭᠤᠴᠤᠳ ᠤᠨ ᠡᠪᠯᠡᠯ | ᠤᠨ ᠭᠡᠰᠢᠭᠦᠨ ᠤ ᠲᠥᠯᠥᠭᠡᠯᠡᠭᠴᠢ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠤ ᠲᠥᠯᠥᠭᠡᠯᠡᠭᠴᠢ | ᠬᠠᠮᠲᠤ ᠪᠠᠷ 《 ᠤᠴᠢ ᠶᠢᠨ ᠤᠯᠠᠮᠵᠢᠯᠠᠯ 》 ᠭᠤᠤᠯ ᠰᠡᠳᠦᠪᠲᠦ ᠢᠯᠡᠳᠬᠡᠯ ᠬᠢᠵᠦ᠂ | 《 ᠲᠩᠷᠢ ᠶᠢᠨ ᠡᠭᠡᠰᠢᠭ 》 ᠬᠡᠦᠬᠡᠳ ᠤᠨ ᠨᠠᠶᠢᠷᠠᠯ ᠳᠠᠭᠤᠤ ᠶᠢᠨ ᠪᠦᠯᠬᠦᠮ ᠤᠨ ᠬᠢᠨ 《 ᠲᠦᠮᠡᠨ ᠭᠠᠵᠠᠷ 》 | ᠭᠡᠬᠦ ᠳᠠᠭᠤᠤ ᠶᠢ ᠳᠠᠭᠤᠯᠠᠪᠠ᠃ | ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠥᠬᠦ ᠬᠤᠰᠢᠭᠤᠨ ᠤ ᠪᠠᠭᠠᠴᠤᠳ ᠤᠨ ᠬᠤᠰᠢᠭᠤᠴᠢ ᠠᠩᠭᠢ | ᠶᠢᠨ ᠭᠡᠰᠢᠭᠦᠳ ᠤᠨ ᠬᠠᠷᠠᠬᠠᠨ ᠪᠠᠭ᠎ᠠ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ | ᠲᠠᠯᠠᠷᠬᠠᠵᠤ᠂ ᠨᠠᠮ ᠢᠶᠠᠨ ᠳᠠᠭᠠᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠵᠤ᠂ | ᠡᠭᠦᠷᠭᠡ ᠬᠠᠷᠢᠭᠤᠴᠠᠯᠭ᠎ᠠ ᠪᠠᠨ ᠮᠠᠷᠲᠠᠬᠤ ᠥᠬᠡᠶ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠢᠷᠮᠠᠶᠢᠨ | ᠲᠡᠮᠡᠴᠡᠬᠦ ᠶᠢ ᠨᠢ ᠤᠷᠮᠠᠰᠢᠭᠤᠯᠤᠨ ᠬᠥᠮᠦᠵᠢᠭᠦᠯᠪᠡ᠃ |