ᠮᠠᠨ ᠤ ᠬᠤᠰᠢᠭᠤ ᠠᠮᠤᠭᠤᠯᠠᠩ ᠵᠡᠭᠦᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠠᠵᠢᠯ  ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/10/18
      ᠠᠮᠤᠭᠤᠯᠠᠩ‌‍ᠰᠢᠯᠢ ᠶᠢᠨ ᠭᠤᠤᠯ ᠠᠶᠢᠮᠠᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ‍ᠤᠨ‌ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠱᠠᠭᠠᠷᠳᠠᠯᠭ᠎ᠠ‌‍ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ  ᠤ ᠠᠮᠤᠭᠤᠯᠠᠩ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ‌‍ᠲ᠋ᠠᠶ ᠠᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 13 ᠤ ᠡᠳᠦᠷ᠂ ᠮᠠᠨ ᠤ ᠬᠤᠰᠢᠭᠤ ᠠᠮᠤᠭᠤᠯᠠᠩ ᠵᠡᠭᠦᠨ ᠦᠵᠦᠮᠦᠴᠢᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ‌‍ᠤᠨ ᠭᠤᠷᠪᠠᠳᠤᠭᠠᠷ ᠤᠳᠠᠭ᠎ᠠ‌‍ᠶᠢᠨ ᠬᠤᠷᠠᠯ ᠢ ᠬᠤᠷᠠᠯᠳᠤᠭᠤᠯᠪᠠ᠃        ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠳᠤ ᠣᠷᠣᠯᠴᠠᠨ ᠶᠠᠷᠢᠶ᠎ᠠ‌‍ᠲ᠋ᠠᠯᠪᠢᠵᠤ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ  ᠬᠤᠰᠢᠭᠤ ᠳᠠᠷᠤᠭ᠎ᠠ‌ᠵᠧᠦ ᠢᠦ᠋ᠶ ᠯᠦᠩ ᠬᠤᠷᠠᠯ ᠡᠷᠭᠢᠯᠡᠪᠡ  ᠃        ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠥᠬᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠸᠠᠩ ᠬᠤᠩ‌‍ᠶᠠᠨ ᠵᠢᠴᠢ ᠬᠤᠰᠢᠭᠤ ᠠᠮᠤᠭᠤᠯᠠᠩ ᠵᠡᠭᠦᠨ ᠦᠵᠦᠮᠦᠴᠢᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ  ᠶᠢᠨ ᠬᠠᠷᠢᠭᠤᠴᠠᠯᠭᠠᠲᠠᠨ᠂ ᠡᠯ᠎ᠡ‌‍ᠰᠤᠮᠤ ᠪᠠᠯᠭᠠᠰᠤᠨ ᠤ ᠨᠠᠮ ᠤᠨ ᠬᠤᠷᠢᠶ᠎ᠠ‌‍ᠪᠤᠶᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃      ᠬᠢᠩᠭᠠᠨ‌ᠵᠢᠭᠠᠬᠤ ᠳᠠᠭᠠᠨ᠂ ᠠᠮᠤᠭᠤᠯᠠᠩ‌ᠵᠡᠭᠦᠨ ᠦᠵᠦᠮᠦᠴᠢᠨ ᠬᠤᠰᠢᠭᠤᠨ ᠤ  ᠪᠥᠲᠦᠭᠡᠨ ᠪᠠᠶᠢᠭᠤᠯᠤᠯᠲᠠ  ᠶᠢᠨ ᠠᠵᠢᠯ ᠢ ᠥᠷᠨᠢᠭᠦᠯᠬᠦ ᠨᠢ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠷᠲᠡᠮᠵᠢ  ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠬᠤᠯᠪᠣᠭᠳᠠᠬᠤ ᠪᠠᠷ ᠪᠠᠷᠠᠬᠤ ᠦᠭᠡᠢ ᠪᠠᠰᠠ ᠤᠯᠤᠰ ᠤᠨ ᠠᠮᠤᠷ ᠲᠦᠪᠰᠢᠨ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ   ᠲᠠᠢ ᠬᠤᠯᠪᠣᠭᠳᠠᠨ᠎ᠠ‌‍ᠭᠡᠪᠡ᠃ ᠲᠡᠷᠡ  ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ‌ᠮᠥ᠋ᠴᠢᠷ ᠤᠨ  ᠬᠢᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ《 ᠵᠠᠭᠤᠨ ᠡᠳᠦᠷ 》 ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ‌‍ᠲ᠋ᠥ᠋ᠷᠥᠯ ᠤᠨ ᠵᠥᠷᠢᠴᠡᠯ ᠵᠢᠭᠤᠷᠠᠯᠳᠤᠭᠠᠨ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠂ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠬᠡ ᠲᠠᠩᠰᠠ ᠪᠠᠶᠢᠭᠤᠯᠤᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠥᠷᠢᠴᠡᠯ ᠢ ᠠᠷᠢᠯᠭᠠᠬᠤ ᠪᠠ‌‍ᠰᠤᠷᠭᠠᠨ ᠬᠥᠮᠦᠵᠢᠭᠦᠯᠵᠦ ᠲᠣᠭᠲᠠᠭᠤᠨ ᠡᠵᠡᠮᠳᠡᠬᠦ ᠲᠥᠰᠦᠯ ᠢ ᠲᠣᠭᠲᠠᠭᠠᠨ᠂ ᠵᠥᠷᠢᠴᠡᠯ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠬᠤ ᠬᠡᠷᠡᠭᠲᠡᠶ᠃ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠮᠢᠨ ᠬᠡᠷᠡᠭ‌ᠢ 《 ᠰᠡᠷᠭᠡᠶᠢᠯᠡᠵᠦ ᠪᠣᠯᠬᠤ᠂ ᠡᠵᠡᠮᠳᠡᠵᠦ ᠪᠣᠯᠬᠤ᠂  ᠪᠠᠭᠠᠰᠬᠠᠵᠤ ᠪᠣᠯᠬᠤ 》 ᠠᠵᠢᠯ ᠤᠨ ᠣᠨᠣᠯᠵᠢᠬᠤᠨ‌ᠢ ᠪᠠᠲᠤ ᠪᠠᠬᠢ ᠪᠣᠶ ᠪᠣᠯᠭᠠᠵᠤ᠂ ᠨᠡᠶᠢᠭᠡᠮ  ᠤᠨ ᠠᠮᠤᠷ ᠲᠦᠪᠰᠢᠨ ᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠠᠵᠢᠯ ᠲᠥᠷᠥᠯ᠂ ᠡᠳ᠋ ᠪᠣᠳᠠᠰ ᠤᠨ ᠪᠥᠬᠦ  ᠲᠠᠯ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠬᠠᠮᠠᠭᠠᠯᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠰᠢᠨ᠎ᠡ‌ᠮᠠᠶ᠋ᠢᠭ ᠤᠨ ᠵᠠᠭᠤᠴᠢᠯᠠᠭᠤᠷ ᠪᠠ‌ᠠᠯᠤᠰ ᠡᠵᠡᠮᠰᠢᠯᠲᠦ ᠰᠤᠷᠭᠠᠨ ᠬᠥᠮᠦᠵᠢᠯ ᠤᠨ ᠲᠠᠪᠴᠠᠩ ᠢ ᠭᠦᠶᠴᠡᠳ ᠠᠰᠢᠭᠯᠠ᠂ ᠤᠬᠠᠭᠤᠯᠬᠤ ᠠᠷᠭ᠎ᠠ‌ᠮᠠᠶ᠋ᠢᠭ ᠤᠨ ᠰᠢᠨ᠎ᠡ‌‍ᠶᠢ ᠡᠭᠦᠳᠴᠦ᠂ ᠬᠠᠤᠯᠢ ᠳᠦᠷᠢᠮ ‍ᠤᠨ‌ᠤᠬᠠᠭᠤᠯᠭ᠎ᠠ‌‍ᠶᠢᠨ ᠬᠦᠷᠢᠶ᠎ᠡ‌‍ᠬᠡᠪᠴᠢᠶ᠎ᠡ‌‍ᠶᠢ ᠲᠠᠰᠤᠷᠠᠯᠲᠠ ᠥᠬᠡᠶ ᠥᠷᠭᠡᠳᠬᠡᠨ᠂ ᠡᠶ᠎ᠡ‌ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ  ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠠᠮᠤᠭᠤᠯᠠᠩ ᠵᠡᠭᠦᠨ ᠦᠵᠦᠮᠦᠴᠢᠨ ᠬᠤᠰᠢᠭᠤᠨ ᠤ  ᠪᠦᠲᠦᠭᠡᠨ ᠪᠠᠶᠢᠭᠤᠯᠯᠤᠯᠲᠠ  ᠶᠢᠨ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠡᠯ᠎ᠡ ᠭᠠᠵᠠᠷ ᠣᠷᠣᠨ ᠡᠯ᠎ᠡ‌‍ᠰᠠᠯᠠᠭ᠎ᠠ ᠮᠥᠴᠢᠷ ᠡᠨᠡ ᠤᠳᠠᠭᠠᠨ ᠤ ᠬᠤᠷᠠᠯ  ᠤᠨ ᠲᠣᠬᠢᠷᠠᠭᠤᠯᠤᠯᠲᠠ ᠶᠣᠰᠣᠭᠠᠷ᠂ ᠬᠠᠷᠢᠭᠤᠴᠠᠯᠭ᠎ᠠ‌ᠡᠭᠦᠷᠭᠡᠯᠡᠯ ᠢᠶᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ‌ᠠᠳᠬᠤᠵᠤ᠂  ᠠᠮᠤᠭᠤᠯᠠᠩ ᠵᠡᠭᠦᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ  ᠭᠡᠪᠡ᠃      ᠵᠧᠦ ᠢᠦ᠋ᠶ ᠯᠦᠩ ᠴᠢᠬᠤᠯᠠᠴᠢᠯᠠᠭᠰᠠᠨ ᠨᠢ᠂ ᠬᠤᠷᠠᠯ ᠤᠨ ᠳᠠᠷᠠᠭ᠎ᠠ‌ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ ᠰᠤᠷᠤᠯᠴᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠵᠡᠯ ᠰᠠᠨᠠᠭ᠎ᠠ‌‍ᠪᠠ‌ᠦᠶᠯᠡ ᠠᠵᠢᠯᠯᠠᠭ᠎ᠠ‌‍ᠪᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ   ᠲᠠᠢ ᠦᠨᠡᠨ ᠬᠦ ᠨᠢᠭᠡᠳᠬᠡᠬᠦ ᠬᠡᠷᠡᠭᠲᠡᠶ  ᠃ ᠪᠦᠬᠦ ᠬᠤᠰᠢᠭᠤᠨ ᠤ ᠠᠮᠢᠨ ᠬᠡᠷᠡᠭ ᠤᠨ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠵᠢᠭᠦᠯᠬᠦ ᠲᠥᠰᠦᠯ ᠪᠠ ᠨᠡᠶᠢᠭᠡᠮ ᠤᠨ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ 《 ᠵᠠᠭᠤᠨ ᠡᠳᠦᠷ 》 ᠤᠨ ᠠᠵᠢᠯᠯᠠᠭᠠᠨ ᠤ ᠲᠥᠰᠦᠯ ᠶᠣᠰᠣᠭᠠᠷ᠂ ᠡᠭᠦᠷᠭᠡ ᠶᠢᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ᠂ ᠲᠥᠰᠦᠯ ᠳᠤ ᠲᠣᠳᠣᠷᠬᠠᠶᠢᠯᠠᠭᠰᠠᠨ ᠡᠭᠦᠷᠭᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ᠂ ᠠᠵᠢᠯ ᠤᠨ ᠠᠷᠭ᠎ᠠ‌‍ᠬᠡᠮᠵᠢᠶ᠎ᠡ‌‍ᠪᠡᠨ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠡᠯ᠎ᠡ‌‍ᠲ᠋ᠤᠰᠬᠠᠢ ᠲᠥᠷᠥᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ  ᠪᠠᠲᠤᠯᠠᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ ᠭᠡᠵᠡᠢ  ᠃      ᠬᠤᠷᠠᠯ ᠳᠡᠭᠡᠷ᠎ᠡ᠂ ᠪᠥᠬᠡ《 2021 ᠣᠨ ᠤ ᠰᠢᠯᠢ ᠶᠢᠨ ᠭᠤᠤᠯ ᠠᠶᠢᠮᠠᠭ ᠤᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠵᠢᠭᠦᠯᠬᠦ ᠲᠥᠰᠦᠯ 》 ᠢ ᠤᠯᠠᠮᠵᠢᠯᠠᠵᠤ᠂  ᠠᠮᠤᠭᠤᠯᠠᠩ ᠵᠡᠭᠦᠨ ᠦᠵᠦᠮᠦᠴᠢᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ 《 ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠶᠳᠪᠦᠷᠢᠯᠡᠬᠦ 〈 ᠵᠠᠭᠤᠨ ᠡᠳᠦᠷ 〉 ᠤᠨ ᠠᠵᠢᠯᠯᠠᠭ᠎ᠠ ᠶᠢᠨ ᠲᠥᠰᠦᠯ 》 ᠳᠤ ᠲᠠᠶᠢᠯᠤᠮᠵᠢ ᠬᠢᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号