ᠳᠤᠮᠳᠠᠳᠤ ᠤᠯᠤᠰ ᠤᠨ ᠬᠢᠯᠢ ᠶᠢᠨ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ ᠤᠨ ︽ᠳᠤᠮᠳᠠᠳᠤ ᠤᠯᠤᠰ ᠤᠨ ᠬᠢᠯᠢ ᠶᠢᠨ ᠣᠷᠣᠨ ᠢ ᠬᠥᠭᠵᠢᠭᠦᠯᠵᠦ  ᠠᠷᠠᠳ  ᠢ  ᠪᠠᠶᠠᠵᠢᠭᠤᠯᠬᠤ ᠶᠢ ᠪᠠᠶᠢᠴᠠᠭᠠᠬᠤ ᠳᠤᠭᠤᠶᠢᠯᠠᠩ ︾ ᠨᠢ ᠤᠯᠢᠶᠠᠰᠤᠲᠠᠶ ᠪᠠᠯᠭᠠᠰᠤᠨ ᠤ ᠡᠩᠬᠡᠵᠢᠷᠭᠠᠯᠠᠩ  ᠭᠠᠴᠠᠭᠠᠨ ᠳᠤ  ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/10/18
      ᠣᠶᠢᠷ᠎ᠠ ᠳᠤ᠂ ᠳᠤᠮᠳᠠᠳᠤ ᠤᠯᠤᠰ ᠤᠨ ᠬᠢᠯᠢ ᠶᠢᠨ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ ᠨᠢ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ 36 ᠪᠠᠭᠰᠢ ᠰᠤᠷᠤᠭᠴᠢᠳ ᠢᠶᠠᠷ ᠪᠦᠷᠢᠯᠳᠦᠭᠰᠡᠨ ᠳᠤᠮᠳᠠᠳᠤ ᠤᠯᠤᠰ ᠤᠨ ᠬᠢᠯᠢ ᠶᠢᠨ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠶᠢ ᠮᠥᠷᠳᠡᠨ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠶ ᠪᠠᠯᠭᠠᠰᠤᠨ ᠤ ᠡᠩᠬᠡᠵᠢᠷᠭᠠᠯᠠᠩ ᠭᠠᠴᠠᠭ᠎ᠠ ᠳᠤ ᠪᠠᠶᠢᠴᠠᠭᠠᠨ ᠰᠤᠳᠤᠯᠤᠯᠲᠠ ᠬᠢᠪᠠ᠃ ᠪᠠᠶᠢᠴᠠᠭᠠᠨ ᠰᠤᠳᠤᠯᠤᠯᠲᠠ ᠨᠢ ᠭᠤᠤᠯᠳᠠᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠪᠠᠷ ᠭᠤᠣᠯᠳᠠᠯᠭ᠎ᠠ ᠪᠣᠯᠭᠠᠵᠤ᠂ ᠬᠢᠯᠢ ᠬᠢᠵᠠᠭᠠᠷ ᠣᠷᠣᠨ ᠤ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠦᠨᠳᠦᠰᠦᠲᠡᠨ ᠤ ᠪᠦᠯᠬᠦᠮᠳᠡᠯ ᠪᠠ ᠬᠢᠯᠢ ᠶᠢᠨ ᠬᠠᠮᠠᠭᠠᠯᠠᠯᠲᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠲᠠᠯ᠎ᠠ ᠶᠢᠨ ᠪᠠᠶᠢᠳᠠᠯ ᠵᠢᠴᠢ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠳᠤ ᠲᠤᠯᠭᠠᠷᠠᠭᠰᠠᠨ ᠭᠤᠤᠯ ᠬᠦᠴᠢᠷᠲᠡᠶ ᠠᠰᠠᠭᠤᠳᠠᠯ ᠵᠢᠴᠢ ᠬᠠᠮᠢᠶ᠎ᠠ ᠪᠥᠬᠦᠶ ᠰᠠᠨᠠᠯ ᠰᠠᠨᠠᠭᠤᠯᠭ᠎ᠠ ᠵᠡᠷᠭᠡ ᠳᠤ ᠴᠢᠭᠯᠡᠭᠦᠯᠦᠨ ᠪᠠᠶᠢᠴᠠᠭᠠᠨ ᠰᠤᠳᠤᠯᠤᠯᠲᠠ ᠬᠢᠪᠡ᠃ ᠭᠠᠴᠠᠭᠠᠨ ᠤ ᠨᠢᠭᠡᠳᠦᠭᠡᠷ ᠱᠦᠵᠢ ᠯᠢᠶᠠᠩ ᠽᠢ ᠴᠢᠤᠸᠠᠨ ᠪᠣᠯᠤᠨ ᠭᠠᠴᠠᠭᠠᠨ ᠤ ᠨᠠᠮ ᠤᠨ ᠡᠭᠦᠷ ᠤᠨ ᠱᠦᠵᠢ ᠰᠣᠳᠤᠠᠷᠳᠡᠨᠢ ᠪᠠᠷ᠎ᠠ ᠪᠣᠯᠪᠠ᠃      ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠶᠢᠴᠠᠭᠠᠯᠲᠠ ᠶᠢᠨ ᠳᠤᠭᠤᠶᠢᠯᠠᠩ ᠨᠢ ᠰᠢᠨᠵᠢᠯᠡᠬᠦ ᠤᠬᠠᠭᠠᠨᠴᠢ ᠠᠷᠭ᠎ᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠰᠤᠷᠪᠤᠯᠵᠢᠯᠠᠬᠤ᠂ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠭᠠᠴᠠᠭᠠᠨ ᠤ ᠬᠥᠮᠦᠨ ᠠᠮᠠ᠂ ᠣᠷᠣᠯᠭ᠎ᠠ᠂ ᠵᠠᠷᠤᠯᠭ᠎ᠠ᠂ ᠡᠳ᠋ ᠬᠥᠷᠥᠩᠭᠡ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠷᠡᠭᠦᠯ ᠮᠡᠨᠳᠦ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠨᠠᠷᠢᠨ ᠨᠢᠮᠪᠠᠶ ᠴᠤᠭᠯᠠᠭᠤᠯᠤᠨ ᠪᠠᠶᠢᠴᠠᠭᠠᠪᠠ᠃ ᠡᠨᠡ ᠬᠤᠭᠤᠴᠠᠭᠠᠨ ᠳᠤ᠂ ᠪᠠᠶᠢᠴᠠᠭᠠᠯᠲᠠ ᠶᠢᠨ ᠳᠤᠭᠤᠶᠢᠯᠠᠩ ᠤᠨ ᠭᠡᠰᠢᠭᠦᠳ ᠡᠩᠬᠡᠵᠢᠷᠭᠠᠯᠠᠩ ᠭᠠᠴᠠᠭ᠎ᠠ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢᠶᠠᠷ ᠲᠣᠭᠤᠷᠢᠨ ᠦᠵᠡᠪᠡ᠃ ᠭᠠᠴᠠᠭᠠᠨ ᠤ ᠬᠠᠷᠢᠭᠤᠴᠠᠯᠭᠠᠲᠠᠨ ᠤᠬᠠᠭᠤᠯᠭ᠎ᠠ ᠶᠢᠨ ᠰᠠᠮᠪᠠᠷ᠎ᠠ ᠲᠠᠢ ᠤᠶᠠᠯᠳᠤᠭᠤᠯᠤᠨ ᠭᠠᠴᠠᠭᠠᠨ ᠤ ᠦᠨᠳᠦᠰᠦᠨ ᠪᠠᠶᠢᠳᠠᠯ ᠵᠢᠴᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠠᠮᠲᠤ ᠶᠢᠨ ᠠᠵᠤ ᠠᠬᠤᠶ᠂ ᠠᠵᠤ ᠦ‍‌ᠵᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ ᠂ ᠠᠷᠠᠳ ᠤᠨ ᠲᠥᠯᠥᠭᠡ ᠠᠵᠢᠯ ᠶᠠᠪᠤᠳᠠᠯ  ᠬᠢᠬᠦ ᠵᠡᠷᠭᠡ ᠠᠵᠢᠯ ᠤᠨ ᠣᠯᠤᠭᠰᠠᠨ ᠦᠷ᠎ᠡ ᠪᠦᠲᠦᠭᠡᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠠᠷᠢᠨ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠪᠠᠰᠠ ᠬᠢᠯᠢ ᠶᠢᠨ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠬᠢᠭᠡᠳ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠵᠡᠷᠭᠡ ᠠᠰᠠᠭᠤᠳᠠᠯ ᠤᠨ ᠲᠤᠬᠠᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠦᠵᠡᠬᠦ ᠪᠠᠷ᠂ ᠣᠶᠢᠷ᠎ᠠ ᠶᠢᠨ ᠵᠢᠯ ᠳᠤ᠂ ᠤᠯᠢᠶᠠᠰᠤᠲᠠᠶ ᠪᠠᠯᠭᠠᠰᠤᠨ ᠤ ᠡᠩᠬᠡᠵᠢᠷᠭᠠᠯᠠᠩ ᠭᠠᠴᠠᠭ᠎ᠠ ᠨᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠡᠯ᠎ᠡ ᠵᠦᠢᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠱᠠᠯᠠᠭᠤᠯᠤᠨ ᠨᠠᠶᠢᠳᠠᠪᠤᠷᠢᠵᠢᠭᠤᠯᠵᠤ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠵᠦ ᠴᠢᠨᠠᠷ ᠰᠠᠶᠢᠲᠠᠢ ᠬᠥᠭᠵᠢᠭᠦᠯᠬᠦ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠬᠦ᠂ ᠠᠵᠤ ᠦᠢᠯᠡᠰ ᠢᠶᠠᠷ ᠬᠢᠯᠢ ᠬᠢᠵᠠᠭᠠᠷ ᠢ ᠬᠥᠭᠵᠢᠭᠦᠯᠬᠦ᠂ ᠰᠠᠭᠤᠷᠢ ᠶᠢ ᠪᠠᠲᠤᠳᠬᠠᠨ ᠬᠢᠯᠢ ᠬᠢᠵᠠᠭᠠᠷ ᠢ ᠪᠠᠬᠢᠵᠢᠭᠦᠯᠬᠦ᠂ ᠨᠡᠬᠡᠬᠡᠯᠳᠡ ᠬᠢᠵᠦ ᠬᠢᠯᠢ ᠬᠢᠵᠠᠭᠠᠷ ᠢ ᠡᠶ᠎ᠡ ᠨᠠᠶᠢᠷᠰᠠᠭ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ ᠬᠢᠯᠢ ᠬᠢᠵᠠᠭᠠᠷ ᠢ ᠠᠮᠤᠷᠵᠢᠭᠤᠯᠬᠤ ᠶᠢ ᠪᠠᠷᠢᠮᠲᠠᠯᠠᠨ ᠬᠡᠷᠡᠭᠵᠢᠭᠦᠯᠵᠦ᠂ ᠴᠡᠴᠡᠭᠯᠡᠨ ᠬᠥᠭᠵᠢᠭᠰᠡᠨ ᠲᠣᠭᠲᠠᠭᠤᠨ ᠡᠶ᠎ᠡ ᠵᠣᠬᠢᠴᠠᠩᠭᠤᠢ ᠬᠢᠯᠢ ᠬᠢᠵᠠᠭᠠᠷ ᠢ ᠪᠦᠳᠦᠬᠡᠨ ᠪᠠᠶᠢᠭᠤᠯᠤᠭᠰᠠᠨ ᠪᠠᠶᠢᠨ᠎ᠠ᠃      ᠲᠣᠰ ᠤᠳᠠᠭᠠᠨ ᠤ ᠮᠥᠷᠳᠡᠨ ᠪᠠᠶᠢᠴᠠᠭᠠᠯᠲᠠ ᠪᠠ ᠰᠣᠯᠢᠯᠴᠠᠭ᠎ᠠ ᠶᠠᠷᠢᠯᠴᠠᠭ᠎ᠠ ᠨᠢ ᠬᠤᠶᠠᠷ ᠲᠠᠯ᠎ᠠ ᠶᠢᠨ ᠬᠤᠭᠤᠷᠣᠨᠳᠣᠬᠢ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠴᠢᠩᠭᠠᠳᠬᠠᠬᠤ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃ ᠤᠯᠢᠶᠠᠰᠤᠲᠠᠶ ᠪᠠᠯᠭᠠᠰᠤᠨ ᠤ ᠡᠩᠬᠡᠵᠢᠷᠭᠠᠯᠠᠩ ᠭᠠᠴᠠᠭ᠎ᠠ ᠨᠢ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠠᠭᠤᠰᠤᠯᠴᠠᠭᠤᠯᠵᠤ᠂ ᠳᠠᠪᠠᠭᠤᠯᠢᠭ ᠠᠵᠤ ᠦᠢᠯᠡᠰ ᠢ ᠬᠥᠭᠵᠢᠭᠦᠯᠬᠦ᠂ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ᠂ ᠪᠦᠬᠦ ᠲᠠᠯ᠎ᠠ ᠪᠠᠷ ᠨᠡᠬᠡᠬᠡᠯᠳᠡ ᠬᠢᠬᠦ ᠶᠢ ᠠᠬᠢᠭᠤᠯᠬᠤ᠂ ᠴᠢᠳᠠᠪᠤᠷᠢᠲᠠᠨ ᠤ ᠰᠠᠭᠤᠷᠢ ᠶᠢ ᠪᠠᠲᠤᠳᠬᠠᠬᠤ᠂ ᠬᠢᠯᠢ ᠬᠢᠵᠠᠭᠠᠷ ᠤᠨ ᠲᠣᠭᠲᠠᠭᠤᠨ ᠢ ᠬᠠᠮᠠᠭᠠᠯᠠᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠵᠡᠷᠭᠡ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠪᠣᠯᠤᠨ ᠡᠷᠡᠯᠬᠡᠭᠯᠡᠨ ᠤᠷᠤᠭᠰᠢᠯᠠᠬᠤ ᠳᠦᠷᠰᠦ ᠪᠠᠶᠢᠳᠠᠯ ᠢᠶᠠᠷ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠬᠦ  ᠪᠤᠯᠤᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号